ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠣᠮᠣ ᠳ᠋ᠠᠶᠢᠲ᠋ᠠ ᠶᠢᠨ ᠰᠡᠵᠢᠭᠲᠡᠶ ᠠᠰᠠᠭᠤᠳᠠᠯ ᠤᠨ ᠰᠦᠪᠡᠭᠴᠢ ᠶᠢ ᠬᠠᠷᠭᠤᠭᠤᠯᠤᠨ ᠪᠠᠶᠢᠴᠠᠭᠠᠵᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/9/13
      ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠰᠠᠭᠤᠷᠢ ᠮᠥᠩᠭᠦ ᠶᠢᠨ ᠠᠮᠤᠷ ᠲᠦᠪᠰᠢᠨ ᠢ ᠪᠠᠲᠤᠯᠠᠨ᠂ ᠰᠠᠭᠤᠷᠢ ᠮᠥᠩᠭᠦ ᠶᠢᠨ ᠪᠦᠲᠦᠮᠵᠢᠲᠡᠶ ᠬᠡᠷᠡᠭᠯᠡᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠴᠢᠯᠡᠭᠡᠨ ᠤ  ᠪᠠᠳᠤᠯᠠᠭ᠎ᠠ ᠶᠢᠨ ᠲᠣᠪᠴᠢᠶ᠎ᠠ ᠨᠢ ᠪᠤᠭᠤᠲᠤ ᠬᠤᠲᠠ ᠶᠢᠨ ᠡᠮᠴᠢᠯᠡᠭᠡᠨ ᠤ  ᠪᠠᠳᠤᠯᠠᠭ᠎ᠠ ᠶᠢᠨ ᠲᠣᠪᠴᠢᠶ᠎ᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠰᠡᠵᠢᠭ ᠲᠠᠢ ᠭᠠᠵᠠᠷ ᠤᠨ ᠰᠦᠪᠡᠭᠴᠢ ᠶᠢ ᠦᠨᠳᠦᠰᠦᠯᠡᠨ᠂ ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠭᠰᠠᠨ ᠵᠠᠷᠤᠳᠠᠯ ᠢ ᠬᠤᠷᠢᠶᠠᠬᠤ᠂ ᠵᠣᠷ ᠪᠢᠴᠢᠬᠦ᠂ ᠡᠮ ᠤᠨ ᠵᠦᠢᠯ ᠢ ᠪᠣᠷᠣᠯᠠᠭᠤᠯᠬᠤ ᠵᠡᠷᠭᠡ ᠠᠭᠤᠯᠭ᠎ᠠ ᠶᠢ ᠣᠯᠠᠨ ᠵᠦᠢᠯ ᠤᠨ ᠠᠷᠭ᠎ᠠ ᠮᠠᠶ᠋ᠢᠭ ᠢᠶᠠᠷ ᠭᠤᠤᠯᠳᠠᠯᠭ᠎ᠠ ᠲᠠᠢ ᠬᠢᠨᠠᠨ ᠪᠠᠶᠢᠴᠠᠭᠠᠵᠤ᠂ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠬᠡᠷᠡᠭᠯᠡᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ᠃     ᠲᠤᠭ᠎ᠠ ᠪᠠᠷᠢᠮᠲᠠ ᠶᠢ ᠤᠷᠢᠳᠠᠪᠠᠷ ᠵᠠᠳᠠᠯᠵᠤ ᠨᠠᠷᠢᠪᠴᠢᠯᠠᠨ ᠪᠠᠶᠢᠴᠠᠭᠠᠪᠠ᠃ ᠣᠶᠤᠨᠴᠢ ᠬᠢᠨᠠᠨ ᠡᠵᠡᠮᠳᠡᠬᠦ ᠪᠠᠷ ᠳᠠᠮᠵᠢᠭᠤᠯᠤᠨ 7᠂ 8 ᠳ᠋ᠤᠭᠠᠷ ᠰᠠᠷ᠎ᠠ ᠳᠤ ᠳᠠᠭᠠᠳᠬᠠᠯ ᠳᠤ ᠣᠷᠣᠯᠴᠠᠭᠰᠠᠳ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠡᠮᠴᠢᠯᠡᠭᠡᠨ ᠤ ᠪᠠᠶᠢᠭᠤᠯᠤᠮᠵᠢ ᠳᠤ ᠡᠭᠦᠳᠡᠨ ᠡᠮᠨᠡᠯᠭᠡ ᠶᠢᠨ ᠪᠠᠶᠢᠴᠠᠭᠠᠯᠲᠠ ᠬᠢᠬᠦ ᠵᠠᠷᠤᠳᠠᠯ ᠤᠨ ᠵᠦᠢᠯ 16109 ᠬᠥᠮᠦᠨ ︵ᠤᠳᠠᠭ᠎ᠠ︶  ᠪᠠᠶᠢᠵᠤ᠂ ᠡᠭᠦᠨ ᠳᠤ ᠨᠢᠭᠡᠳᠦᠭᠡᠷ ᠳᠡᠰ ᠠᠴᠠ ᠳᠣᠷᠣᠭᠰᠢᠬᠢ ᠡᠮᠴᠢᠯᠡᠭᠡᠨ ᠤ ᠪᠠᠶᠢᠭᠤᠯᠤᠮᠵᠢ ᠳᠤ ᠡᠭᠦᠳᠡᠨ ᠡᠮᠨᠡᠯᠭᠡ ᠶᠢᠨ ᠪᠠᠶᠢᠴᠠᠭᠠᠯᠲᠠ ᠬᠢᠭᠰᠡᠨ ᠵᠠᠷᠤᠳᠠᠯ ᠤᠨ ᠵᠦᠢᠯ ᠨᠢ 9431 ᠬᠥᠮᠦᠨ ︵ᠤᠳᠠᠭ᠎ᠠ︶ ᠪᠣᠯᠤᠨ᠎ᠠ᠃ ᠤᠯᠠᠮ ᠨᠢᠭᠡ ᠠᠯᠬᠤᠮ ᠵᠠᠳᠠᠯᠤᠭᠰᠠᠨ ᠤ ᠳᠠᠷᠠᠭ᠎ᠠ᠂ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠪᠠᠶᠢᠭᠤᠯᠤᠮᠵᠢ ᠶᠢᠨ ᠨᠡᠷᠡᠰ ᠵᠢᠴᠢ ᠪᠣᠳᠠᠲᠠᠶ ᠵᠢᠭᠰᠠᠭᠠᠨ ᠪᠠᠶᠢᠴᠠᠭᠠᠬᠤ ᠠᠭᠤᠯᠭ᠎ᠠ ᠶᠢ ᠲᠣᠭᠲᠠᠭᠠᠵᠤ᠂ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠠᠰᠠᠭᠤᠳᠠᠯ ᠢ ᠢᠯᠡᠷᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃     ᠲᠤᠬᠠᠶ ᠶᠢᠨ ᠲᠠᠯᠠᠪᠤᠷ ᠲᠤ ᠨᠠᠷᠢᠯᠢᠭ ᠣᠨᠣᠴᠠᠲᠠᠶ ᠪᠠᠷ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠪᠡ᠃ ︽ᠳᠥᠷᠪᠡᠨ ᠦᠭᠡᠢ ᠬᠤᠶᠠᠷ ᠰᠢᠭᠤᠳ︾ ᠠᠷᠭ᠎ᠠ ᠮᠠᠶ᠋ᠢᠭ ᠢ ᠠᠪᠴᠤ᠂  ᠬᠦᠨᠳᠦ ᠬᠦᠨᠵᠡᠭᠡᠢ  ᠨᠠᠷᠢᠨ ᠨᠢᠮᠪᠠᠢ  ᠵᠠᠳᠠᠯᠤᠨ ᠵᠢᠭᠰᠠᠭᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠣᠷᠣᠭᠤᠯᠵᠤ ᠪᠣᠷᠣᠯᠠᠭᠤᠯᠤᠭᠰᠠᠨ ᠲᠡᠮᠳᠡᠭᠯᠡᠯ ᠨᠢ ᠲᠡᠭᠦᠯᠳᠡᠷ ᠪᠤᠰᠤ ᠪᠤᠶᠤ  ᠬᠠᠷᠭᠤᠭᠤᠯᠵᠤ ᠲᠡᠶᠢᠯᠬᠦ ᠦᠭᠡᠢ᠂ ᠡᠮᠴᠢ ᠶᠢᠨ ᠪᠤᠰᠤ ᠡᠲᠡᠭᠡᠳ ᠵᠤᠷ ᠪᠢᠴᠢᠵᠤ ᠦᠭᠭᠦᠭᠰᠡᠨ ᠵᠡᠷᠭᠡ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠲᠣᠭᠲᠠᠭᠠᠬᠤ ᠶᠢᠨ ᠬᠠᠮᠲᠤ ︽ᠪᠠᠶᠢᠴᠠᠭᠠᠬᠤ ᠶᠢᠨ ᠳᠠᠭᠠᠤ ᠭᠦᠢᠴᠡᠳᠬᠡᠬᠦ︾᠂ ︽ᠬᠤᠷᠳᠤᠨ ᠪᠠᠶᠢᠴᠠᠭᠠᠵᠤ ᠲᠦᠷᠭᠡᠨ ᠰᠢᠢᠳᠪᠦᠷᠢᠯᠡᠬᠦ︾ ᠠᠵᠢᠯ ᠤᠨ ᠪᠠᠶᠢᠳᠠᠯ ᠢ ᠢᠮᠠᠭᠲᠠ ᠪᠠᠷᠢᠮᠲᠠᠯᠠᠬᠤ ᠬᠡᠷᠡᠭᠲᠡᠶ᠃  ᠤᠳᠤ ᠪᠣᠯᠲᠠᠯ᠎ᠠ᠂ ᠲᠤᠯᠠᠭᠠᠨ ᠭᠡᠷ  ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ 4 ᠡᠮᠴᠢᠯᠡᠭᠡᠨ ᠤ ᠪᠠᠶᠢᠭᠤᠯᠤᠮᠵᠢ ᠶᠢᠨ 245 ᠬᠥᠮᠦᠨ ᠤ ᠰᠡᠵᠢᠭᠲᠡᠶ ᠲᠤᠭ᠎ᠠ ᠪᠠᠷᠢᠮᠲᠠ ᠶᠢ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠵᠤ᠂ 32 ᠵᠤᠷᠪᠤᠰ ᠲᠤᠭ᠎ᠠ ᠪᠠᠷᠢᠮᠲᠠ ᠨᠢ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠦᠵᠡᠭᠳᠡᠯ ᠳᠤ ᠬᠠᠷᠢᠶᠠᠯᠠᠭᠳᠠᠵᠤ᠂ ᠲᠣᠭᠲᠠᠭᠠᠯ ᠠᠴᠠ ᠵᠥᠷᠢᠴᠡᠭᠰᠡᠨ ᠵᠤᠭᠤᠰ ᠤᠨ  ᠲᠤᠭ᠎ᠠ ᠨᠢ 260 ᠲᠥᠭᠦᠷᠢᠭ ᠃    ᠲᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠴᠢᠯᠡᠭᠡᠨ ᠤ  ᠪᠠᠳᠤᠯᠠᠭ᠎ᠠ ᠶᠢᠨ ᠲᠣᠪᠴᠢᠶ᠎ᠠ ᠦᠷᠭᠦᠯᠵᠢᠯᠡᠨ ᠬᠠᠷᠢᠶ᠎ᠠ ᠣᠷᠣᠨ ᠤ ᠪᠠᠨ 13 ᠡᠷᠡᠭᠦᠯ ᠬᠠᠮᠠᠭᠠᠯᠠᠯ ᠤᠨ ᠬᠤᠷᠢᠶᠠᠨ ᠤ ᠦᠯᠡᠳᠡᠭᠰᠡᠨ 167 ᠬᠥᠮᠦᠨ ᠤ ᠰᠡᠵᠢᠭᠲᠡᠶ ᠲᠤᠭ᠎ᠠ ᠪᠠᠷᠢᠮᠲᠠ ᠶᠢ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠵᠤ᠂ ᠲᠣᠭᠲᠠᠭᠠᠯ ᠠᠴᠠ ᠵᠥᠷᠢᠴᠡᠭᠰᠡᠨ ᠲᠤᠭ᠎ᠠ ᠪᠠᠷᠢᠮᠲᠠ ᠶᠢᠨ ᠵᠦᠢᠯ ᠵᠢᠴᠢ ᠬᠤᠯᠪᠣᠭᠳᠠᠭᠰᠠᠨ ᠵᠣᠭᠤᠰ ᠤᠨ ᠲᠤᠭ᠎ᠠ ᠶᠢ ᠲᠣᠭᠲᠠᠭᠠᠨ᠎ᠠ᠃ ᠲᠣᠰ ᠤᠳᠠᠭᠠᠨ ᠤ ᠲᠤᠰᠬᠠᠶ ᠪᠠᠶᠢᠴᠠᠭᠠᠯᠲᠠ ᠪᠠᠷ ᠳᠡᠮᠵᠢᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠥᠬᠦ ᠬᠤᠰᠢᠭᠤᠨ ᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠢᠯᠡ ᠲᠣᠳᠣ  ᠴᠡᠭᠡᠷᠯᠡᠬᠦᠯᠬᠦ ᠤᠶᠢᠯᠡᠳᠤᠯ ᠢ  ᠭᠠᠷᠭᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号