2024 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠡᠬᠢᠯᠡᠪᠡ
ᠨᠡᠶᠢᠲᠡᠯᠡᠭᠰᠡᠨ ᠴᠠᠭ᠄
2024/9/13
      9 ᠰᠠᠷ᠎ᠠ ᠶᠢᠨ 11 ᠤ ᠡᠳᠦᠷ᠂ 2024 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠡᠬᠢᠯᠡᠯᠲᠡ ᠶᠢᠨ ᠶᠣᠰᠣᠯᠠᠯ ᠵᠢᠴᠢ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠲᠤᠰᠬᠠᠢ ᠰᠡᠳᠦᠪᠲᠦ ᠪᠣᠯᠪᠠᠰᠤᠷᠠᠯ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠠ ᠯᠢ ᠠᠵᠢᠯᠯᠠᠭ᠎ᠠ ᠳᠤ ᠣᠷᠣᠯᠴᠠᠵᠠᠶ ᠃ ᠡᠯ᠎ᠡ ᠰᠤᠮᠤ ᠰᠢᠶᠠᠩ ᠪᠠᠯᠭᠠᠰᠤ᠂ ᠰᠠᠯᠠᠭ᠎ᠠ ᠮᠥᠴᠢᠷ  ᠪᠠᠶᠢᠭᠤᠯᠭ᠎ᠠ ᠨᠢᠭᠡᠴᠡ᠂ ᠬᠤᠰᠢᠭᠤᠨ ᠳᠤ ᠰᠠᠭᠤᠭ᠎ᠠ ᠠᠵᠤ ᠠᠬᠤᠶᠢᠯᠠᠯ ᠤᠨ  ᠬᠠᠷᠢᠭᠤᠴᠠᠯᠭᠠᠳᠠᠳ ᠠᠵᠢᠯᠯᠠᠭ᠎ᠠ ᠳᠤ ᠣᠷᠣᠯᠴᠠᠵᠠᠶ᠃     ᠠᠵᠢᠯᠯᠠᠭ᠎ᠠ ᠨᠢ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠬᠤ᠂ ᠦᠵᠡᠭᠦᠯᠭᠡ ᠶᠢᠨ ᠰᠠᠮᠪᠠᠷ᠎ᠠ ᠶᠢ ᠳᠡᠯᠭᠡᠨ ᠦᠵᠡᠭᠦᠯᠬᠦ᠂ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠬᠦ ᠵᠡᠷᠭᠡ ᠠᠷᠭ᠎ᠠ  ᠪᠠᠷ ᠳᠠᠮᠵᠢᠭᠤᠯᠤᠨ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠠᠵᠢᠯᠳᠠᠳ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠤᠯᠢ︾᠂ ︽ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢᠨ ᠬᠠᠤᠯᠢ︾᠂ ︽ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠠᠮᠤᠷ ᠲᠦᠪᠰᠢᠨ ᠢ ᠬᠠᠮᠠᠭᠠᠯᠠᠬᠤ ᠲᠦᠷᠢᠮ︾ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠮᠡᠳᠡᠯᠭᠡ ᠶᠢ ᠤᠬᠠᠭᠤᠯᠬᠤ ᠶᠢᠨ ᠬᠠᠮᠲᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠦᠢᠯᠡᠳᠬᠦᠨ ᠢ ᠲᠠᠷᠬᠠᠭᠠᠪᠠ᠃     ᠣᠶᠢᠯᠠᠭᠠᠭᠰᠠᠨ ᠢᠶᠠᠷ᠂ 2024 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠨᠢ ︽ᠰᠦᠯᠵᠢᠶᠡᠨ ᠤ ᠠᠮᠤᠷ ᠲᠦᠪᠰᠢᠨ ᠨᠢ ᠠᠷᠠᠳ ᠤᠨ ᠲᠥᠯᠥᠭᠡ ᠂  ᠰᠦᠯᠵᠢᠶᠡᠨ ᠤ ᠠᠮᠤᠷ ᠲᠦᠪᠰᠢᠨ  ᠨᠢ ᠠᠷᠠᠳ ᠲᠦᠮᠡᠨ ᠳᠤ ᠲᠦᠰᠢᠭᠯᠡᠬᠦ︾ ᠪᠠᠷ ᠭᠤᠤᠯ ᠰᠡᠳᠦᠪ ᠪᠣᠯᠭᠠᠵᠤ᠂ 9 ᠰᠠᠷ᠎ᠠ ᠶᠢᠨ 9 ᠤ ᠡᠳᠦᠷ ᠠᠴᠠ 15 ᠤ ᠡᠳᠦᠷ  ᠪᠤᠯᠳᠠᠯ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠰᠤᠷᠭᠠᠭᠤᠯᠢ ᠶᠢᠨ ᠬᠦᠷᠢᠶᠡᠨ ᠤ ᠡᠳᠦᠷ᠂ ᠴᠠᠬᠢᠯᠭᠠᠨ ᠬᠤᠯᠪᠣᠭᠠᠨ ᠤ ᠡᠳᠦᠷ᠂ ᠬᠠᠤᠯᠢ ᠪᠠᠷ ᠵᠠᠰᠠᠬᠤ ᠡᠳᠦᠷ᠂ ᠮᠥᠩᠭᠦᠨ ᠭᠦᠢᠯᠭᠡᠭᠡᠨ ᠤ ᠡᠳᠦᠷ᠂ ᠵᠠᠯᠠᠭᠤᠴᠤᠳ ᠪᠠᠭᠠᠴᠤᠳ ᠤᠨ ᠡᠳᠦᠷ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ ᠵᠡᠷᠭᠡ ᠭᠤᠤᠯ ᠰᠡᠳᠦᠪᠲᠦ ᠡᠳᠦᠷ ᠤᠨ ᠠᠵᠢᠯᠯᠠᠭ᠎ᠠ ᠥᠷᠨᠢᠭᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢ ᠨᠡᠶᠢᠭᠡᠮ ᠲᠣᠭᠤᠷᠢᠭ ᠂ ᠮᠠᠯᠵᠢᠬᠤ ᠲᠠᠷᠢᠶᠠᠯᠠᠬᠤ ᠣᠷᠣᠨ᠂ ᠠᠵᠤ ᠠᠬᠤᠶᠢᠯᠠᠯ ᠂ ᠪᠠᠶᠢᠭᠤᠯᠭ᠎ᠠ ᠨᠢᠭᠡᠴᠡ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠣᠯᠠᠨ ᠳᠤ ᠲᠥᠬᠦᠮ ᠣᠶᠢᠯᠠᠭᠠᠮᠵᠢᠲᠠᠶ᠂ ᠦᠵᠡᠵᠦ ᠰᠣᠨᠣᠰᠬᠤ ᠳᠤᠷᠠᠲᠠᠶ ᠠᠷᠭ᠎ᠠ ᠮᠠᠶ᠋ᠢᠭ ᠢᠶᠠᠷ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠪᠠ ᠰᠡᠷᠭᠡᠶᠢᠯᠡᠨ ᠬᠠᠮᠠᠭᠠᠯᠠᠬᠤ ᠤᠷ᠎ᠠ ᠴᠢᠳᠠᠪᠤᠷᠢ ᠶᠢ ᠤᠬᠠᠭᠤᠯᠵᠤ᠂ ᠪᠥᠬᠦ ᠨᠡᠶᠢᠭᠡᠮ ᠢᠶᠠᠷ ᠢᠶᠠᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号