ᠳᠤᠮᠳᠠᠳᠤ ᠤᠯᠤᠰ ᠤᠨ ᠡᠷᠲᠡ ᠴᠢᠯᠥᠭᠡᠯᠡᠭᠳᠡᠭᠰᠡᠨ ᠣᠷᠣᠨ ᠢ ᠠᠬᠢᠭᠤᠯᠬᠤ ᠬᠤᠷᠠᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/13
      9 ᠰᠠᠷ᠎ᠠ ᠶᠢᠨ 11᠂ 12  ᠤ ᠡᠳᠦᠷ᠂ ᠳᠤᠮᠳᠠᠳᠤ ᠤᠯᠤᠰ ᠤᠨ ᠡᠷᠲᠡ ᠴᠢᠯᠥᠭᠡᠯᠡᠭᠳᠡᠭᠰᠡᠨ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠭᠤᠷᠪᠠᠳᠤᠭᠠᠷ ᠪᠠᠶᠢᠴᠠᠭᠠᠨ ᠰᠤᠳᠤᠯᠬᠤ ᠳᠤᠭᠤᠶᠢᠯᠠᠩ᠂ ᠥᠪᠥᠷ ᠮᠣᠩᠭᠤᠯ ᠤᠨ ᠡᠷᠲᠡ ᠴᠢᠯᠥᠭᠡᠯᠡᠭᠳᠡᠭᠰᠡᠨ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠪᠣᠯᠤᠨ ᠪᠤᠭᠤᠲᠤ ᠶᠢᠨ ᠡᠷᠲᠡ ᠴᠢᠯᠥᠭᠡᠯᠡᠭᠳᠡᠭᠰᠡᠨ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ  ᠬᠠᠷᠢᠭᠤᠴᠠᠯᠭᠠᠳᠠᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠢᠷᠡᠵᠤ᠂ ᠶᠠᠷᠢᠯᠴᠠᠨ ᠰᠣᠯᠢᠯᠴᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠪᠦᠳᠦᠭᠡᠨ ᠪᠠᠶᠢᠭᠤᠯᠤᠯᠲᠠ ᠬᠥᠭᠵᠢᠯᠲᠡ ᠳᠤ ᠰᠠᠨᠠᠯ ᠰᠠᠨᠠᠭᠤᠯᠭ᠎ᠠ ᠳᠤᠷᠠᠳᠴᠠᠢ᠃     ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠡᠷᠲᠡ ᠴᠢᠯᠥᠭᠡᠯᠡᠭᠳᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠵᠥᠪᠯᠡᠯ ᠤᠨ ᠭᠡᠰᠢᠭᠦᠳ ᠤᠨ ᠬᠠᠮᠢᠶᠠᠷᠤᠯᠲᠠ ᠶᠢᠨ ᠬᠡᠯᠲᠡᠰ ᠤᠨ ᠳᠠᠷᠤᠭ᠎ᠠ ᠵᠦ ᠰᠢᠤᠸᠠᠢ ᠮᠢᠩ ᠶᠠᠷᠢᠶ᠎ᠠ ᠲᠠᠯᠪᠢᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠰᠢᠪᠠᠷᠭᠦ᠋ᠷᠢᠶ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠴᠠᠩ ᠬᠤᠩ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠳ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠳᠤ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ᠂ ᠬᠦᠴᠢᠷᠳᠡᠯ ᠪᠠ ᠠᠰᠠᠭᠤᠳᠠᠯ ᠢ ᠬᠠᠮᠲᠤ ᠪᠠᠷ  ᠶᠠᠷᠢᠯᠴᠠᠵᠤ ᠰᠣᠯᠢᠯᠴᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠣᠶᠢᠷ᠎ᠠ ᠶᠢᠨ ᠵᠢᠯ ᠤᠨ ᠲᠤᠷᠰᠢᠬᠢ  ᠡᠷᠲᠡ ᠴᠢᠯᠥᠭᠡᠯᠡᠭᠳᠡᠭᠰᠡᠨ ᠣᠷᠣᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠬᠦ ᠠᠵᠢᠯ ᠵᠢᠴᠢ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠭᠤᠷᠪᠠᠨ ᠵᠦᠢᠯ ᠤᠨ ᠣᠨᠴᠠᠭᠠᠢ ᠲᠦᠷᠦᠯ ᠬᠡᠯᠪᠡᠷᠢ ᠳᠠᠪᠬᠤᠴᠠᠭᠰᠠᠨ ᠭᠠᠵᠠᠷ ᠣᠷᠣᠨ ᠤ ᠬᠥᠳᠡᠭᠡ ᠲᠣᠰᠬᠤᠨ ᠤ ᠬᠥᠭᠵᠢᠯᠲᠡ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠠᠮ ᠪᠣᠯᠤᠨ ᠤᠯᠤᠰ ᠤᠨ ᠡᠯ᠎ᠡ ᠵᠦᠢᠯ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠪᠣᠯ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠶᠢᠨ ᠲᠡᠷᠢᠭᠦᠨ ᠴᠢᠬᠤᠯᠠ ᠡᠭᠦᠷᠭᠡ ᠪᠣᠯᠤᠨ᠎ᠠ᠃ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠤᠯᠤᠰ ᠤᠨ ᠭᠤᠷᠪᠠᠨ  ᠵᠦᠢᠯ ᠤᠨ ᠣᠨᠴᠠᠭᠠᠢ ᠲᠦᠷᠦᠯ ᠵᠦᠢᠯ ᠳᠠᠪᠬᠤᠴᠠᠭᠰᠠᠨ ᠭᠠᠵᠠᠷ ᠣᠷᠣᠨ ᠤ ᠲᠦᠷᠦ ᠶᠢᠨ ᠪᠤᠳᠤᠯᠭ᠎ᠠ ᠶᠢ ᠰᠠᠶᠢᠲᠤᠷ ᠠᠰᠢᠭᠯᠠᠵᠤ᠂ ᠲᠤᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠡᠷᠲᠡ ᠴᠢᠯᠥᠭᠡᠯᠡᠭᠳᠡᠭᠰᠡᠨ ᠣᠷᠣᠨ ᠤ ᠵᠣᠷᠢᠭ ᠰᠠᠨᠠᠭ᠎ᠠ ᠶᠢ ᠰᠠᠶᠢᠲᠤᠷ  ᠤᠬᠠᠭᠤᠯᠤᠨ ᠪᠠᠳᠠᠷᠠᠭᠤᠯᠵᠤ᠂ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠡᠷᠲᠡ ᠴᠢᠯᠥᠭᠡᠯᠡᠭᠳᠡᠭᠰᠡᠨ ᠣᠷᠣᠨ ᠤ ᠬᠤᠪᠢᠰᠬᠠᠯ ᠤᠨ ᠰᠣᠶᠣᠯ ᠪᠣᠯᠤᠨ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠡᠷᠲᠡ ᠴᠢᠯᠥᠭᠡᠯᠡᠭᠳᠡᠭᠰᠡᠨ ᠣᠷᠣᠨ ᠢ ᠨᠡᠩ ᠰᠠᠶᠢᠲᠤᠷ ᠪᠦᠳᠦᠭᠡᠨ ᠪᠠᠶᠢᠭᠤᠯᠵᠤ᠂ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠲᠠᠪᠰᠢᠯᠳᠠ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠠᠮᠤᠷ ᠲᠣᠭᠲᠠᠭᠤᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠤᠷ ᠲᠠᠶᠢᠪᠤᠩ ᠠᠵᠤ  ᠲᠦᠷᠦᠵᠦ᠂ ᠪᠠᠶᠠᠷ ᠪᠠᠶᠠᠰᠬᠤᠯᠠᠩ ᠲᠠᠢ  ᠪᠠᠶᠢᠭ᠎ᠠ ᠪᠠᠶᠢᠳᠠᠯ ᠢ ᠢᠯᠡᠷᠡᠭᠦᠯᠬᠦ ᠬᠡᠷᠡᠭᠲᠡᠢ᠃ ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠭᠤᠷᠪᠠᠨ  ᠵᠦᠢᠯ ᠤᠨ ᠣᠨᠴᠠᠭᠠᠶ  ᠲᠦᠷᠦᠯ ᠵᠦᠢᠯ ᠲᠠᠪᠬᠤᠴᠠᠭᠰᠠᠨ ᠭᠠᠵᠠᠷ ᠣᠷᠣᠨ ᠢ ᠬᠠᠪᠰᠤᠷᠤᠨ ᠲᠡᠳᠬᠦᠬᠦ ᠪᠠ ᠬᠥᠳᠡᠭᠡ ᠲᠣᠰᠬᠤᠨ ᠤ ᠬᠥᠭᠵᠢᠯᠲᠡ ᠶᠢᠨ ᠪᠠᠶᠢᠳᠠᠯ ᠢ ᠲᠣᠳᠣᠷᠬᠠᠶ ᠣᠶᠢᠯᠠᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠪᠢᠰᠬᠠᠯ ᠤᠨ ᠡᠬᠢ ᠪᠠᠶᠠᠯᠢᠭ ᠢ ᠠᠭᠤᠳᠠᠯᠤᠨ ᠠᠰᠢᠭᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ︽ᠰᠤᠳᠠᠯ ᠪᠠᠷᠢᠵᠤ ᠤᠨᠤᠰᠢᠯᠠᠨ︾ ᠵᠢᠯᠣᠭᠤᠳᠬᠤ ᠴᠢᠭᠯᠡᠯ ᠵᠢᠭᠠᠵᠤ ᠦᠭᠪᠡ᠃      ᠶᠠᠷᠢᠯᠴᠠᠬᠤ ᠬᠤᠷᠠᠯ ᠤᠨ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠪᠠᠲᠤᠬᠠᠭᠠᠯᠭ᠎ᠠ ᠶᠢᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠦᠵᠡᠭᠦᠯᠦᠯᠭᠡ ᠶᠢᠨ ᠲᠢᠩᠬᠢᠮ ᠂ ᠪᠤᠭᠤᠲᠤ ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠡᠶᠡᠴᠢᠯᠡᠨ ᠣᠶᠢᠯᠠᠭᠠᠬᠤ ᠣᠷᠳᠣᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠬᠥᠮᠦᠵᠢᠯ ᠤᠨ ᠰᠠᠭᠤᠷᠢᠨ ᠭᠠᠵᠠᠷ᠂ ᠪᠠᠲᠤᠬᠠᠭᠠᠯᠭ᠎ᠠ ᠪᠠᠯᠭᠠᠰᠤᠨ ᠤ ᠬᠤᠸᠠᠩ ᠬᠤᠸᠠ ᠲᠠᠨ ᠰᠢᠨ᠎ᠡ ᠲᠣᠰᠬᠤᠨ᠂ ᠦᠬᠡᠷᠬᠤᠳᠳᠤᠭ ᠪᠠᠯᠭᠠᠰᠤᠨ ᠤ ᠲᠤᠤ ᠮᠠ ᠭᠧᠦ  ᠲᠠᠷᠢᠶᠠᠯᠠᠩ  ᠤᠨ ᠶᠡᠷᠦᠩᠬᠡᠢ ᠴᠣᠭᠴᠠ᠂ ᠮᠠᠨᠳᠤᠯ ᠪᠠᠯᠭᠠᠰᠤᠨ ᠤ ᠪᠠᠶᠠᠨᠬᠠᠷ᠎ᠠ ᠭᠠᠴᠠᠭ᠎ᠠ᠂ ᠮᠠᠨᠳᠤᠯ ᠪᠣᠭᠤᠮᠲᠠ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃     ᠬᠤᠰᠢᠭᠤᠨ ᠤ ᠤᠳᠤᠷᠢᠳᠤᠯᠭ᠎ᠠ ᠵᠠᠩ ᠪᠠᠭᠠᠨ᠎ᠠ᠂ ᠭᠤᠤ ᠹᠸᠢ᠂ ᠯᠢᠦ ᠶᠧ᠂ ᠯᠢ ᠪᠦᠦ ᠴᠦᠨ᠂ ᠴᠠᠩ ᠬᠤᠩ᠂ ᠵᠠᠩ ᠴᠥᠩ ᡁᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ  ᠬᠠᠷᠢᠭᠤᠴᠠᠯᠭᠠᠳᠠᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ  ᠪᠦᠭᠡᠳ ᠶᠠᠷᠢᠯᠴᠠᠬᠤ ᠬᠤᠷᠠᠯ ᠳᠤ ᠣᠷᠣᠯᠴᠠᠵᠠᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号