ᠵᠢᠶᠠ ᠪᠦᠦ ᠯᠢᠶᠠᠩ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/13
      9 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠶᠤᠸᠠᠨ ᠵᠢᠩ ᠳᠠᠷᠬᠠᠨ ᠮᠤᠤᠮᠢᠩᠭᠠᠨ‌ᠬᠤᠯᠪᠤᠭᠠᠳᠤ ᠬᠤᠰᠢᠭᠤᠨ ᠤ ᠤᠶᠤᠨᠲᠤ ᠰᠠᠯᠬᠢᠨ ᠬᠦᠴᠦᠨ ᠤ ᠮᠠᠰᠢᠨ ᠪᠣᠯᠤᠨ ᠠᠷᠠᠭᠠᠲᠤ ᠬᠦᠷᠳᠦ ᠶᠢᠨ ᠨᠡᠶᠢᠯᠡᠮᠡᠯ ᠦᠢᠯᠡᠳᠪᠦᠷᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠵᠦ᠂ ᠵᠠᠯᠭᠠᠭᠠᠳ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯᠯᠠᠭᠠᠨ ᠵᠢᠴᠢ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂  ᠲᠠᠷᠠᠭ᠎ᠠ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠳᠡᠭᠡᠷ᠎ᠡ᠂ ᠶᠤᠸᠠᠨ ᠵᠢᠩ᠂ ᠲᠦᠩ ᠸᠧᠢ᠂ ᠭᠦᠸᠧ ᠲᠠᠢ ᠵᠢᠶᠦ᠋ᠨ ᠠᠨ᠂ ᠵᠢᠨᠠᠤᠪᠤᠭ᠎ᠠ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠳᠠᠳ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠪᠤᠶᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠶᠠᠷᠢᠶ᠎ᠠ ᠲᠠᠯᠪᠢᠪᠠ᠃  ᠵᠠᠯᠭᠠᠭᠠᠳ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠵᠢᠴᠢ ᠪᠠᠲᠤᠬᠠᠭᠠᠯᠭ᠎ᠠ ᠪᠠᠯᠭᠠᠰᠤ᠂ ᠮᠢᠩᠭᠠᠨ ᠪᠠᠯᠭᠠᠰᠤ ᠵᠡᠷᠭᠡ ᠬᠠᠮᠢᠶ᠎ᠠ ᠪᠥᠬᠦᠶ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠳᠠᠳ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃    ᠡᠯ᠎ᠡ ᠠᠵᠤ ᠠᠬᠤᠶᠢᠯᠠᠯ ‍ᠤᠨ‌ᠬᠠᠷᠢᠭᠤᠴᠠᠯᠭᠠᠳᠠᠳ ᠵᠢᠴᠢ ᠬᠠᠮᠢᠶ᠎ᠠ ᠪᠦᠬᠦᠢ  ᠪᠠᠶᠢᠭᠤᠯᠭ᠎ᠠ ᠨᠢᠭᠡᠴᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠳ  ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ  ᠪᠠᠶᠢᠭᠤᠯᠭ᠎ᠠ ᠨᠢᠭᠡᠴᠡ ᠰᠠᠯᠠᠭ᠎ᠠ ᠮᠥᠴᠢᠷ ᠤᠳ︽ᠰᠢᠢᠳᠪᠦᠷᠢᠯᠡᠵᠦ ᠲᠡᠶᠢᠯᠬᠦ ᠰᠡᠳᠬᠢᠬᠦᠶ ︾ ᠶᠢ ᠪᠠᠷᠢᠮᠲᠠᠯᠠᠵᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ  ᠳᠤ ᠳᠤᠷᠠᠳᠤᠭᠰᠠᠨ ᠵᠠᠮ᠂ ᠪᠣᠬᠢᠷ ᠤᠰᠤ ᠶᠢ ᠰᠢᠢᠳᠪᠦᠷᠢᠯᠡᠬᠦ᠂ ᠴᠠᠬᠢᠯᠭᠠᠨ ᠬᠡᠷᠡᠭᠯᠡᠬᠦ ᠵᠡᠷᠭᠡ ᠠᠰᠠᠭᠤᠳᠠᠯ ᠢ ᠨᠠᠷᠢᠨ ᠬᠢᠨᠠᠮᠠᠭᠠᠶ ᠰᠤᠳᠤᠯᠤᠨ ᠰᠢᠢᠳᠪᠦᠷᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ  ᠤ ᠰᠢᠢᠳᠪᠦᠷᠢᠯᠡᠵᠦ ᠳᠡᠶᠢᠯᠬᠦ ᠶᠢ ᠨᠢ ᠬᠢᠵᠠᠭᠠᠷᠯᠠᠭᠰᠠᠨ ᠬᠤᠭᠤᠴᠠᠭᠠᠨ ᠳᠣᠲᠣᠷ᠎ᠠ ᠰᠢᠢᠳᠪᠦᠷᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ  ᠤ ᠰᠢᠢᠳᠪᠦᠷᠢᠯᠡᠵᠦ ᠲᠡᠶᠢᠯᠬᠦ ᠦᠬᠡᠢ ᠶᠢ ᠨᠢ ᠳᠡᠭᠡᠳᠦ ᠱᠠᠲᠤᠨ ᠤ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ ᠪᠠᠶᠢᠭᠠᠳ ᠲᠦᠷᠭᠡᠬᠡᠨ  ᠰᠢᠢᠳᠪᠦᠷᠢᠯᠡᠬᠦᠯᠬᠦ ᠬᠡᠷᠡᠭᠲᠡᠶ᠃ ᠡᠯ᠎ᠡ ᠭᠤᠭᠴᠤᠭ᠎ᠠ ᠶᠢᠨ ᠭᠤᠣᠯᠳᠠᠯᠭ᠎ᠠ ᠲᠠᠢ ᠠᠵᠢᠯ ᠢ ᠡᠮᠬᠢᠯᠡᠵᠦ᠂ ᠬᠠᠷᠢᠭᠤᠴᠠᠯᠭᠠᠲᠤ ᠨᠢᠭᠡᠴᠡ ᠶᠢ ᠲᠣᠳᠣᠷᠬᠠᠶᠢᠯᠠᠨ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠬᠤᠶᠠᠷ ᠠᠯᠪᠠᠨ ᠬᠡᠷ ᠤᠨ ᠬᠢᠨ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠭᠠᠷᠠᠭ ᠤᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠡᠷᠴᠢᠮᠵᠢᠭᠦᠯᠦᠨ ᠠᠷᠪᠢᠯᠠᠬᠤ ᠶᠢ ᠪᠠᠷᠢᠮᠲᠠᠯᠠᠵᠤ᠂ ᠬᠠᠤᠯᠢ ᠲᠣᠭᠲᠠᠭᠠᠯ ᠪᠠ ᠳᠡᠰ ᠳᠠᠷᠠᠭᠠᠯᠠᠯ ᠤᠨ ᠶᠣᠰᠣᠭᠠᠷ ᠪᠠᠶᠢᠭᠤᠯᠬᠤ ᠦᠭᠡᠢ᠂ ᠤᠷᠳᠤ ᠬᠤᠭᠤᠴᠠᠭ᠎ᠠ ᠪᠠᠷ ᠪᠣᠳᠠᠲᠤ ᠴᠢᠨᠠᠷ ᠤᠨ ᠠᠬᠢᠴᠠ ᠦᠭᠡᠢ᠂ ᠠᠵᠤ ᠦᠢᠯᠡᠰ ᠦᠭᠡᠢ ᠪᠥᠭᠡᠳ ᠡᠵᠡᠯᠡᠨ ᠬᠡᠷᠡᠭᠯᠡᠬᠦ ᠭᠦᠢᠴᠡᠳᠬᠡᠯ ᠲᠤᠭ᠎ᠠ ᠶᠢᠨ ᠲᠦᠷᠦᠯ ᠵᠦᠢᠯ ᠢ ᠴᠡᠪᠡᠷᠯᠡᠵᠦ᠂ ᠲᠦᠷᠦᠯ ᠵᠦᠢᠯ ᠤᠨ ᠬᠢᠨᠠᠨ ᠵᠥᠪᠰᠢᠶᠡᠷᠡᠯ ᠢ ᠴᠢᠩᠳᠠᠯᠠᠵᠤ᠂ ︽ᠰᠠᠨᠠᠭ᠎ᠠ ᠪᠠᠷ ᠢᠶᠠᠨ ᠭᠠᠵᠠᠷ ᠢ ᠡᠵᠡᠯᠡᠵᠦ ᠬᠦᠷᠢᠶᠡᠯᠡᠬᠦ︾᠂ ︽  ᠳᠤᠷ᠎ᠠ ᠪᠠᠷ ᠢᠶᠠᠨ ᠬᠦᠷᠢᠶᠡᠯᠡᠵᠦ ᠡᠵᠡᠯᠡᠬᠦ︾ ᠶᠢ ᠡᠷᠡᠰ ᠰᠡᠷᠭᠡᠶᠢᠯᠡᠵᠦ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠪᠠᠷᠢᠯᠭ᠎ᠠ ᠶᠢᠨ ᠭᠠᠵᠠᠷ ᠤᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠪᠠ ᠪᠠᠶᠢᠴᠠᠭᠠᠬᠤ ᠪᠠᠨ ᠴᠢᠩᠭᠠᠳᠬᠠᠵᠤ᠂ ᠪᠠᠷᠢᠯᠭ᠎ᠠ ᠶᠢᠨ ᠠᠵᠢᠯ᠂ ᠵᠠᠮ ᠬᠠᠷᠢᠯᠴᠠᠭ᠎ᠠ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠵᠢᠯᠯᠠᠭ᠎ᠠ ᠵᠡᠷᠭᠡ ᠲᠠᠯ᠎ᠠ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠠᠶᠢᠩᠭᠤ ᠰᠠᠶᠢᠲᠤᠷ ᠠᠳᠬᠤᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃    ᠬᠤᠰᠢᠭᠤᠨ ᠤ ᠤᠳᠤᠷᠢᠳᠤᠯᠭ᠎ᠠ ᠬᠤᠸᠠᠩ ᠯᠦᠩ᠂ ᠰᠦ᠋ ᠷᠦᠢ ᠹᠧᠩ᠂ ᠶᠠᠨ ᠴᠦᠨ ᠯᠸᠢ᠂ ᠴᠠᠩ ᠬᠤᠩ᠂ ᠰᠦᠨ ᠿᠢ ᠴᠢᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠶ
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号