ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠨᠢ ᠬᠥᠮᠥᠰ ᠤᠨ ᠰᠡᠳᠬᠢᠯ ᠢ ᠳᠤᠯᠠᠭᠠᠴᠠᠭᠤᠯᠵᠤ ᠨᠠᠰᠤᠳᠠᠶᠢᠴᠤᠳ ᠢ ᠬᠠᠪᠰᠤᠷᠤᠨ ᠨᠠᠰᠤᠳᠠᠶᠢᠴᠤᠳ ᠢ  ᠠᠰᠠᠷᠠᠬᠤ ᠳᠤ ᠦᠢᠯᠡᠴᠢᠯᠡᠵᠥ ᠪᠠᠶᠢᠨ᠎ᠠ
ᠨᠡᠶᠢᠲᠡᠯᠡᠭᠰᠡᠨ ᠴᠠᠭ᠄
2024/9/14
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠡᠪᠬᠢ ᠳᠠᠭᠠᠨ ᠰᠠᠭᠤᠷᠢᠯᠠᠨ᠂ ᠨᠠᠰᠤᠲᠠᠶᠢᠴᠤᠳ ᠤᠨ ᠬᠠᠤᠯᠢ ᠪᠠᠷ ᠵᠠᠰᠠᠬᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂  ᠰᠢᠨ᠎ᠡ ᠠᠷᠭ᠎ᠠ ᠬᠡᠯᠪᠡᠷᠢ  ᠶᠢ ᠲᠠᠰᠤᠷᠠᠯᠲᠠ ᠥᠬᠡᠶ ᠡᠭᠦᠳᠴᠦ᠂ ᠨᠠᠰᠤᠲᠠᠶᠢᠴᠤᠳ ᠲᠤ ᠳᠣᠭᠢᠷᠠᠬᠤ ᠬᠡᠯᠪᠡᠷᠢ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ 9 ᠰᠠᠷ᠎ᠠ ᠶᠢᠨ 13 ᠤ ᠡᠳᠦᠷ ᠴᠢᠯᠥᠭᠡᠯᠡᠯᠲᠡ ᠵᠡᠭᠡᠯᠢ ᠨᠡᠶᠢᠭᠡᠮ ᠲᠣᠭᠤᠷᠢᠭ ᠲᠤ ︽ᠨᠠᠰᠤᠳᠠᠶᠢᠴᠤᠳ ᠬᠠᠪᠰᠤᠷᠤᠨ ᠨᠠᠰᠤᠳᠠᠶᠢᠴᠤᠳ ᠢ ᠬᠠᠮᠠᠭᠠᠯᠠᠬᠤ︾ ᠬᠠᠤᠯᠢ ᠴᠠᠭᠠᠵᠠ ᠶᠢᠨ ᠲᠤᠰᠠᠯᠠᠮᠵᠢ ᠶᠢᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃      ᠬᠠᠤᠯᠢ ᠴᠠᠭᠠᠵᠠ ᠪᠣᠯ ᠨᠠᠰᠤᠲᠠᠶᠢᠴᠤᠳ ᠤᠨ ᠡᠷᠬᠡ ᠠᠰᠢᠭ ᠢ ᠬᠠᠮᠠᠭᠠᠯᠠᠬᠤ ᠪᠠᠲᠤ ᠪᠠᠬᠢ ᠪᠠᠮᠪᠠᠢ ᠮᠥᠨ᠃ ᠡᠶᠢᠮᠦ ᠠᠴᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠲᠥᠪ ᠨᠢ ᠬᠠᠷᠢᠶᠠᠲᠤ ᠣᠷᠣᠨ ᠤ ᠨᠠᠰᠤᠲᠠᠶᠢᠴᠤᠳ ᠲᠤ ᠨᠠᠰᠤᠲᠠᠶᠢᠴᠤᠳ ᠢ ᠬᠠᠮᠠᠭᠠᠯᠠᠬᠤ ᠠᠮᠢᠳᠤᠯᠢᠭ ᠰᠠᠶᠢᠬᠠᠨ‌ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ ᠬᠢᠵᠥ᠂ ᠲᠠᠶᠢᠯᠤᠮᠵᠢ ᠶᠢᠨ ᠠᠭᠤᠯᠭ᠎ᠠ ᠳᠤ ᠨᠠᠰᠤᠲᠠᠶᠢᠴᠤᠳ ᠤᠨ ᠦᠨᠳᠦᠰᠦᠨ ᠡᠷᠬᠡ ᠠᠰᠢᠭ᠂ ᠠᠰᠠᠷᠠᠨ ᠲᠡᠵᠢᠭᠡᠬᠦ ᠡᠭᠦᠷᠭᠡ᠂ ᠡᠳ᠋ ᠬᠥᠷᠥᠩᠭᠡ ᠶᠢᠨ ᠬᠠᠮᠠᠭᠠᠯᠠᠯᠲᠠ ᠵᠡᠷᠭᠡ ᠨᠠᠰᠤᠲᠠᠶᠢᠴᠤᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠶᠢᠨ ᠮᠡᠳᠡᠯᠭᠡ ᠶᠢ ᠪᠠᠭᠲᠠᠭᠠᠵᠤ᠂ ᠨᠠᠰᠤᠲᠠᠶᠢᠴᠤᠳ ᠲᠤ ᠥᠪᠡᠷ ᠤᠨ ᠡᠷᠬᠡ ᠠᠰᠢᠭ ᠢ ᠨᠢ ᠨᠠᠩ ᠢᠯᠡᠭᠦᠤ ᠣᠶᠢᠯᠠᠭᠠᠭᠤᠯᠵᠤ᠂ ᠬᠠᠤᠯᠢ ᠴᠠᠭᠠᠵᠠ ᠶᠢᠨ ᠵᠡᠪᠰᠡᠭ ᠢᠶᠠᠷ ᠲᠣᠰ ᠪᠡᠶ᠎ᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠰᠤᠷᠭᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠢᠷᠭᠡᠨ ᠤ ᠬᠠᠤᠯᠢ ᠶᠢᠨ ᠪᠢᠴᠢᠭ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠤᠬᠠᠭᠤᠯᠭ᠎ᠠ ᠦᠵᠡᠭᠦᠯᠬᠦ ᠭᠠᠷ ᠳᠡᠪᠲᠡᠷ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠬᠠᠤᠯᠢ ᠵᠡᠷᠭᠡ ᠤᠬᠠᠭᠤᠯᠭ᠎ᠠ ᠶᠢᠨ ᠮᠠᠲ᠋ᠧᠷᠢᠶᠠᠯ᠂ ᠪᠡᠯᠡᠭ ᠵᠡᠷᠭᠡ ᠶᠢ 200 ᠭᠠᠷᠤᠢ ᠬᠤᠪᠢ ᠲᠠᠷᠬᠠᠭᠠᠵᠤ᠂ ᠬᠠᠤᠯᠢ ᠴᠠᠭᠠᠵᠠ ᠶᠢᠨ ᠯᠠᠪᠯᠠᠭ᠎ᠠ ᠳᠤ 10 ᠭᠠᠷᠤᠢ ᠬᠥᠮᠦᠨ ᠤᠳᠠᠭ᠎ᠠ ᠬᠠᠷᠢᠭᠤᠯᠲᠠ ᠥᠭᠪᠡ᠃      ᠨᠠᠰᠤᠲᠠᠶᠢᠴᠤᠳ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠮᠥᠨ᠂ ᠨᠡᠩ ᠴᠤ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢ ᠢᠯᠡᠷᠡᠭᠦᠯᠬᠦ ᠨᠢᠭᠡ ᠵᠦᠢᠯ ᠤᠨ ᠪᠡᠯᠭᠡ ᠲᠡᠮᠳᠡᠭ ᠮᠥᠨ᠃ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠪᠢᠳᠡ ᠨᠠᠰᠤᠲᠠᠶᠢᠴᠤᠳ ᠲᠤ ᠪᠣᠳᠠᠲᠠᠶ ᠬᠠᠤᠯᠢ ᠴᠠᠭᠠᠵᠠ ᠶᠢᠨ ᠬᠠᠪᠰᠤᠷᠤᠯᠭ᠎ᠠ ᠪᠠ ᠬᠠᠶᠢᠷ᠎ᠠ ᠬᠠᠯᠠᠮᠵᠢ ᠬᠠᠩᠭᠠᠬᠤ ᠪᠠᠷ ᠪᠠᠷᠠᠬᠤ ᠦᠭᠡᠢ᠂ ᠨᠠᠩ ᠴᠤ ᠨᠠᠰᠤᠲᠠᠶᠢᠴᠤᠳ ᠢᠶᠠᠨ ᠳᠡᠭᠡᠳᠥᠯᠡᠬᠦ᠂ ᠨᠠᠰᠤᠲᠠᠶᠢᠴᠤᠳ ᠢᠶᠠᠨ ᠬᠦᠨᠳᠦᠯᠡᠬᠦ᠂ ᠨᠠᠰᠤᠲᠠᠶᠢᠴᠤᠳ ᠢᠶᠠᠨ ᠬᠠᠶᠢᠷᠠᠯᠠᠬᠤ᠂ ᠨᠠᠰᠤᠲᠠᠶᠢᠴᠤᠳ ᠢᠶᠠᠨ ᠬᠠᠷᠠᠭᠠᠯᠵᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠰᠤᠲᠠᠶᠢᠴᠤᠳ ᠤᠨ ᠵᠣᠯ ᠵᠢᠷᠭᠠᠯᠲᠤ ᠠᠮᠢᠳᠤᠷᠠᠯ ᠳᠤ ᠨᠢᠭᠡ ᠬᠤᠪᠢ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号