ᠪᠣᠭᠤᠳᠤ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠨᠡᠭᠦᠳᠡᠯ ᠠᠵᠢᠯᠲᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠢᠷᠡᠵᠦ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠥᠷᠨᠢᠭᠦᠯᠪᠡ
ᠨᠡᠶᠢᠲᠡᠯᠡᠭᠰᠡᠨ ᠴᠠᠭ᠄
2024/9/14
      ᠨᠠᠢᠮᠠᠨ ᠰᠠᠷ᠎ᠠ ᠶᠢᠨ ᠲᠡᠷᠭᠡᠯ ᠰᠠᠷᠡᠨ ᠤ ᠪᠠᠶᠠᠷ᠂ ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠠᠵᠢᠯᠳᠠᠨ ᠠᠵᠢᠯᠴᠢᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠴᠢᠩᠭᠠᠳᠬᠠᠬᠤ ᠶᠢᠨ ᠲᠥᠯᠥᠭᠡ᠂ 9 ᠰᠠᠷ᠎ᠠ ᠶᠢᠨ 13 ᠤ ᠡᠳᠦᠷ᠂ ᠪᠤᠭᠤᠲᠤ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠨᠡᠭᠦᠳᠡᠯ ᠠᠵᠢᠯᠲᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠢᠷᠡᠵᠥ᠂ ᠵᠢᠢ ᠳ᠋ᠦᠩ ᠱᠦᠢᠨᠢ ᠶᠢᠨ ᠬᠢᠵᠠᠭᠠᠷᠲᠤ ᠺᠣᠮᠫᠠᠨᠢ ᠳᠤ ᠬᠥᠷᠴᠥ ᠠᠵᠢᠯᠲᠠᠨ ᠠᠵᠢᠯᠴᠢᠨ ᠤ ᠳᠤᠷ᠎ᠠ ᠰᠣᠨᠢᠷᠬᠠᠯ ᠤᠨ ᠲᠠᠮᠢᠷ ᠤᠨ ᠴᠤᠭᠯᠠᠭᠠᠨ ᠬᠢᠪᠡ᠃      ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠨᠡᠶᠢᠲᠡ 60 ᠭᠠᠷᠤᠶ ᠠᠵᠢᠯᠲᠠᠨ ᠠᠵᠢᠯᠴᠢᠨ ᠣᠷᠣᠯᠴᠠᠵᠤ᠂ 6 ᠲᠥᠯᠥᠭᠡᠯᠡᠭᠴᠢᠳ ᠤᠨ ᠠᠩᠭᠢ ᠬᠤᠪᠢᠶᠠᠪᠠ᠃ ᠤᠷᠤᠯᠳᠤᠭᠠᠨ ᠤ ᠲᠦᠷᠦᠯ ᠵᠦᠢᠯ ᠡᠯᠪᠡᠭ ᠪᠠᠶᠠᠯᠢᠭ ᠪᠠᠶᠢᠵᠤ᠂ ᠤᠷᠳᠤ ᠵᠠᠮ ᠤᠨ ᠠᠶᠠᠨ ᠲᠠᠶᠢᠨ ᠤ ᠵᠠᠮ ᠢᠶᠠᠷ ᠲᠠᠬᠢᠨ ᠵᠠᠮᠨᠠᠬᠤ᠂ ᠭᠤᠷᠪᠠᠨ ᠪᠣᠭᠤᠮᠲᠠ ᠶᠢ ᠳᠠᠪᠠᠭ᠋ᠤ᠂ ᠣᠢ ᠰᠢᠭᠤᠢ ᠬᠥᠨ ᠳᠤ ᠥᠯᠥ ᠤᠨᠠᠬᠤ᠂ ᠴᠢᠶᠠᠨ ᠺᠦᠨ ᠪᠥᠮᠪᠦᠭᠡ ᠡᠷᠬᠢᠭᠦᠯᠬᠦ᠂ ᠶᠢᠰᠦᠨ ᠣᠷᠳᠣᠨ ᠤ ᠲᠠᠪᠠᠭ ᠨᠢᠰᠭᠡᠬᠦ  ᠪᠠ  ᠬᠥᠵᠥᠷ ᠤᠷᠪᠠᠭᠤᠯᠬᠤ ᠵᠡᠷᠭᠡ ᠵᠢᠷᠭᠤᠭᠠᠨ ᠬᠠᠮᠳᠥ ᠶᠢᠨ ᠲᠦᠷᠦᠯ ᠵᠦᠢᠯ ᠤᠨ ᠳᠣᠭᠯᠠᠭᠠᠮ ᠪᠠᠶᠢᠪᠠ᠃ ᠤᠷᠤᠯᠳᠤᠭᠠᠨ ᠤ ᠲᠦᠷᠦᠯ ᠵᠦᠢᠯ ᠨᠢ ᠰᠣᠨᠢᠷᠬᠠᠯᠲᠤ ᠴᠢᠨᠠᠷ᠂ ᠵᠤᠭ᠎ᠠ ᠴᠡᠩᠭᠡᠯ ᠤᠨ ᠴᠢᠨᠠᠷ ᠪᠠ  ᠤᠷᠤᠯᠳᠤᠭᠠᠨ ᠤ ᠴᠢᠨᠠᠷ ᠢ ᠨᠢᠭᠡᠳᠭᠡᠨ᠂ ᠤᠶᠤᠨ ᠤᠬᠠᠭᠠᠨ ᠤ ᠦᠵᠡᠯᠴᠡᠭᠡᠨ ᠪᠠ ᠤᠷ᠎ᠠ ᠮᠡᠷᠭᠡᠵᠢᠯ ᠤᠨ ᠥᠷᠢᠰᠥᠯᠳᠦᠭᠡᠨ ᠲᠠᠢ ᠪᠠᠶᠢᠵᠤ᠂ ᠤᠷᠤᠯᠳᠤᠭᠠᠨ ᠨᠢᠭᠡᠪᠦᠷᠢ ᠳᠤ ᠴᠥᠮ ᠥᠷᠢᠰᠥᠯᠳᠦᠭᠡᠨ ᠪᠠ ᠬᠠᠮᠲᠤᠷᠠᠯᠴᠠᠭᠠᠨ ᠤ ᠵᠣᠷᠢᠭ ᠰᠠᠨᠠᠭ᠎ᠠ ᠪᠠᠷ ᠪᠢᠯᠬᠠᠮ᠎ᠠ ᠪᠠᠶᠢᠪᠠ᠃ ᠤᠷᠤᠯᠳᠤᠭᠠᠨ ᠳᠤ ᠣᠷᠣᠯᠴᠠᠭᠰᠠᠳ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠠᠵᠢᠯᠲᠠᠨ ᠠᠵᠢᠯᠴᠢᠨ ᠤ ᠪᠦᠯᠬᠦᠮᠳᠡᠨ ᠬᠠᠮᠵᠢᠯᠴᠠᠬᠤ᠂ ᠡᠷᠡᠯᠬᠡᠭᠯᠡᠨ ᠤᠷᠤᠭᠰᠢᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠡᠯ᠎ᠡ ᠲᠥᠯᠥᠭᠡᠯᠡᠭᠴᠢᠳ ᠤᠨ ᠠᠩᠭᠢ ᠶᠢᠨ ᠲᠠᠮᠢᠷᠴᠢᠳ ᠴᠤᠭ ᠵᠢᠪᠬᠤᠭ᠎ᠠ ᠪᠠᠳᠠᠷᠠᠩᠭᠤᠶ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠲᠣᠳᠣᠨᠥ ᠬᠠᠮᠵᠢᠯᠴᠠᠵᠤ᠂ ᠬᠦᠴᠦ ᠨᠡᠮᠡᠬᠦ ᠳᠠᠭᠤᠨ᠂ ᠪᠠᠶᠠᠷᠯᠠᠨ ᠬᠠᠰᠬᠢᠷᠬᠤ ᠳᠠᠭᠤᠨ᠂ ᠪᠠᠶᠢᠯᠳᠤᠬᠤ ᠠᠷᠭ᠎ᠠ ᠶᠢᠨ ᠵᠢᠯᠣᠭᠤᠳᠬᠤ ᠳᠠᠭᠤᠨ ᠠᠳᠡ ᠲᠡᠨᠳᠡ ᠦᠭᠡᠢ ᠴᠤᠤᠷᠢᠶᠠᠲᠤᠵᠤ᠂  ᠤᠷᠤᠯᠳᠤᠭᠠᠨ ᠤ ᠪᠦᠬᠦ᠋ᠢᠯᠡ ᠲᠠᠯᠠᠪᠠᠢ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠢᠶᠠᠷ ᠪᠢᠯᠬᠠᠨ᠎ᠠ᠃ ᠪᠡᠶ᠎ᠡ ᠶᠢᠨ ᠲᠠᠮᠢᠷ ᠤᠨ ᠴᠤᠭᠯᠠᠭᠠᠨ ᠨᠢ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠱᠠᠩᠨᠠᠯ ᠣᠯᠭᠤᠬᠤ ᠶᠣᠰᠣᠯᠠᠯ ᠤᠨ ᠳᠠᠷᠠᠭ᠎ᠠ ᠥᠨᠳᠥᠷᠯᠡᠪᠡ᠃      ᠡᠨᠡ ᠤᠳᠠᠭᠠᠨ ᠤ ᠰᠣᠨᠢᠷᠬᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠢᠶᠠᠷ ᠳᠠᠮᠵᠢᠨ᠂ ᠠᠵᠢᠯᠲᠠᠨ ᠠᠵᠢᠯᠴᠢᠨ ᠢ ᠪᠠᠴᠢᠮ ᠶᠠᠭᠠᠷᠠᠯᠲᠠᠶ ᠠᠵᠢᠯ ᠤᠨ ᠵᠠᠪ ᠴᠢᠯᠥᠭᠡᠨ ᠳᠡᠭᠡᠨ  ᠪᠡᠶ᠎ᠡ ᠪᠠᠨ ᠠᠮᠠᠷᠠᠭᠤᠯᠤᠨ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ᠂ ᠠᠵᠢᠯᠳᠡᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠣᠯᠠᠮ ᠨᠡᠮᠡᠭᠳᠡᠭᠦᠯᠵᠦ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠳᠡᠭᠡᠭᠰᠢᠯᠡᠭᠦᠯᠵᠡᠶ᠃ ᠠᠵᠢᠯᠲᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢᠶᠠᠷ ᠠᠵᠠ ᠲᠣᠬᠢᠶᠠᠯ ᠪᠣᠯᠭᠠᠵᠤ᠂ ᠤᠷᠤᠯᠳᠤᠭᠠᠨ ᠤ ᠲᠠᠯᠠᠪᠤᠷ ᠲᠤ ᠢᠯᠡᠷᠡᠭᠦᠯᠦᠭᠰᠡᠨ ᠪᠦᠯᠬᠦᠮᠳᠡᠨ ᠬᠠᠮᠵᠢᠯᠴᠠᠬᠤ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠬᠤᠶᠢᠰᠢᠳᠠ ᠶᠢᠨ ᠠᠵᠢᠯ ᠳᠠᠭᠠᠨ ᠠᠭᠤᠰᠤᠯᠴᠠᠭᠤᠯᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠃ ᠪᠣᠳᠠᠲᠤ ᠠᠵᠢᠯᠯᠠᠭ᠎ᠠ ᠪᠠ ᠰᠢᠯᠢᠳᠡᠭ ᠬᠢᠷᠢ ᠪᠦᠲᠦᠮᠵᠢ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠤᠭᠲᠤᠶ᠎ᠠ︕ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号