ᠬᠤᠸᠠᠩ ᠯᠦᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠠᠶᠤᠯᠭᠦᠢ ᠦᠢᠯᠡᠳᠪᠦᠷᠢᠯᠡᠯ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/9/14
      9 ᠰᠠᠷ᠎ᠠ ᠶᠢᠨ 13 ᠤ ᠦᠳᠡ ᠶᠢᠨ ᠬᠤᠶᠢᠨ᠎ᠠ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠵᠢᠯ ᠤᠨ ᠬᠤᠷᠠᠯ ᠲᠡᠭᠦᠰᠦᠭᠰᠡᠨ ᠤ ᠳᠠᠷᠠᠭ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ᠬᠤᠰᠢᠭᠤ ᠳᠠᠷᠤᠭ᠎ᠠ ᠬᠤᠸᠠᠩ ᠯᠦᠩ ᠪᠦᠯᠬᠦᠮ ᠳᠠᠭᠠᠭᠤᠯᠤᠨ ᠪᠤᠭᠤᠲᠤ ᠶᠢᠨ ᠵᠢᠶ ᠳ᠋ᠦᠩ ᠱᠦᠢᠨᠢ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠠᠶᠤᠯᠭᠦᠶ ᠦᠢᠯᠡᠳᠪᠦᠷᠢᠯᠡᠯ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ ᠶᠢ ᠥᠷᠨᠢᠭᠦᠯᠪᠡ᠃     ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ᠂ ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ ᠤ ᠪᠣᠷᠣᠯᠠᠭᠤᠯᠭ᠎ᠠ᠂ ᠠᠶᠤᠯᠭᠦᠢ ᠦᠢᠯᠡᠳᠪᠦᠷᠢᠯᠡᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠬᠤᠸᠠᠩ ᠯᠦᠩ ᠴᠢᠬᠤᠯᠠᠴᠢᠯᠠᠭᠰᠠᠨ ᠨᠢ᠂ ᠣᠳᠣᠬᠠᠨ ᠳᠤ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠳᠠᠯᠳᠠ ᠬᠦᠴᠦᠨ ᠢ ᠠᠭᠤᠳᠠᠯᠤᠨ ᠦᠷ᠎ᠡ ᠠᠰᠢᠭ ᠢ ᠨᠡᠮᠡᠭᠳᠡᠭᠦᠯᠵᠦ᠂ ᠮᠡᠷᠭᠡᠵᠢᠯ ᠢ ᠰᠤᠳᠤᠯᠤᠨ ᠨᠡᠭᠡᠭᠡᠬᠦ᠂ ᠭᠠᠷ ᠤᠷᠠᠯᠠᠯ ᠢ ᠰᠠᠶᠢᠵᠢᠷᠠᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠤᠨ ᠠᠮᠤᠷ ᠲᠦᠪᠰᠢᠨ ᠤ  ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠵᠠᠰᠠᠬᠤ ᠶᠢ ᠴᠢᠩᠭᠠᠳᠬᠠᠵᠤ᠂ ᠬᠤᠷᠢᠭ᠎ᠠ ᠱᠤᠭᠤᠮ ᠢ ᠰᠠᠬᠢᠵᠤ᠂ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠦᠷᠭᠦᠯᠵᠢᠯᠡᠨ ᠰᠠᠶᠢᠵᠢᠷᠠᠨ ᠬᠥᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠪᠣᠯᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ  ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号