9 ᠳ᠋ᠦ᠋ᠭᠡᠷ ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ | ᠮᠠᠨᠳᠤᠯ ᠪᠣᠭᠤᠮᠲᠠ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠮᠠᠨᠳᠤᠯ ᠪᠣᠭᠤᠮᠲᠠ ᠵᠢᠴᠢ ᠮᠠᠨᠳᠤᠯ ᠪᠠᠯᠭᠠᠰᠤᠨ ᠤ | ᠲᠣᠭᠤᠷᠢᠭ ᠤᠨ ᠲᠦᠰᠦᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ | ᠰᠤᠳᠤᠯᠪᠠ᠃ | ᠵᠢᠶᠠ ᠪᠦᠦ ᠯᠢᠶᠠᠩ ᠤᠷᠢᠳ ᠬᠤᠵᠢᠳ ᠪᠤᠭᠤᠲᠤ ᠬᠤᠲᠠ ᠶᠢᠨ ᠾᠦᠢ ᠲᠦᠩ ᠠᠵᠤ ᠦᠢᠯᠡᠳᠪᠦᠷᠢ | ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠬᠤᠳᠠᠯᠳᠤᠭᠠᠨ ᠤ ᠪᠧᠲ᠋ᠤᠨ ᠤ ᠥᠷᠲᠡᠭᠡ᠂ ᠬᠦᠷᠢᠶᠡᠯᠡᠩ ᠲᠣᠭᠤᠷᠢᠭ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢᠨ ᠲᠦᠰᠦᠯ᠂ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠢᠲᠡᠭᠦᠮᠵᠢᠯᠡᠭᠰᠡᠨ ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢᠨ | ᠲᠦᠰᠦᠯ᠂ ᠢ ᠲᠦᠩ ᠭᠠᠶᠢᠯᠢ ᠪᠠᠲᠤᠯᠠᠬᠤ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢᠨ ᠲᠦᠰᠦᠯ᠂ ᠢ ᠳ᠋ᠡ | ᠶᠦᠨ AGV ᠨᠡᠪᠲᠡᠷᠡᠬᠦ ᠵᠠᠮ ᠵᠡᠷᠭᠡ ᠲᠦᠰᠦᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠪᠠ | ᠮᠠᠨᠳᠤᠯ ᠪᠠᠯᠭᠠᠰᠤᠨ ᠤ ᠮᠠᠨᠳᠤᠯ ᠶᠡᠷᠦᠩᠬᠡᠢ ᠭᠠᠵᠠᠷ ᠤᠨ ᠠᠵᠤ ᠠᠬᠤᠢ ᠶᠢᠨ ᠬᠦᠷᠢᠶᠡᠯᠡᠩ᠂ ᠮᠠᠨᠳᠤᠯ ᠪᠣᠭᠤᠮᠲᠠ ᠶᠢᠨ | ᠬᠢᠯᠢ ᠶᠢᠨ ᠠᠷᠠᠳ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠲᠦᠰᠦᠯ᠂ ᠮᠠᠨᠳᠤᠯ ᠪᠠᠯᠭᠠᠰᠤᠨ ᠤ | ᠬᠢᠯᠢ ᠶᠢᠨ ᠪᠠᠶᠢᠴᠠᠭᠠᠯᠲᠠ ᠶᠢᠨ ᠠᠰᠠᠷ᠂ ᠡᠷᠳᠡᠨᠢᠤᠪᠤᠭᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠡᠷᠭᠡ | ᠭᠠᠵᠠᠷ ᠲᠤ ᠬᠦᠷᠴᠦ᠂ ᠮᠠᠨᠳᠤᠯ ᠪᠠᠯᠭᠠᠰᠤᠨ ᠤ ᠬᠠᠮᠢᠶ᠎ᠠ ᠪᠥᠬᠦᠶ ᠤᠳᠤᠷᠢᠳᠬᠤ ᠺᠠᠳ᠋ᠷ᠂ ᠪᠣᠭᠤᠮᠲᠠ ᠶᠢᠨ ᠠᠵᠢᠯᠲᠠᠨ᠂ | ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠪᠥᠬᠦᠳᠡ ᠬᠤᠷᠠᠯ ᠤᠨ ᠵᠣᠷᠢᠭ ᠰᠠᠨᠠᠭᠠᠨ ᠤ | ᠲᠣᠭᠤᠷᠢᠨ ᠳᠤ ᠲᠥᠷᠥᠭᠳᠡᠯ ᠢᠶᠠᠨ ᠶᠠᠷᠢᠵᠤ᠂ ᠰᠡᠳᠬᠢᠮᠵᠢ ᠪᠠᠨ ᠶᠠᠷᠢᠯᠴᠠᠵᠤ᠂ ᠭᠤᠤᠯᠳᠠᠯᠭ᠎ᠠ ᠲᠠᠢ ᠲᠦᠰᠦᠯ ᠤᠨ | ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠦᠰᠦᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠬᠦᠴᠢᠷ | ᠲᠦᠪᠡᠭᠲᠡᠶ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ | ᠭᠤᠷᠪᠠᠳᠤᠭᠠᠷ ᠪᠦᠬᠦᠳᠠ ᠬᠤᠷᠠᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ | ᠲᠡᠦᠬᠡ ᠶᠢᠨ ᠤᠷᠳᠤ ᠶᠠᠪᠤᠴᠠ ᠳᠠᠬᠢ᠂ ᠨᠢᠭᠡᠨ ᠤᠳᠠᠭᠠᠨ ᠤ ᠴᠢᠬᠤᠯᠠ ᠬᠤᠷᠠᠯ ᠪᠣᠯᠬᠤ ᠪᠠᠷ ᠪᠠᠷᠠᠬᠤ ᠦᠭᠡᠢ᠂ ᠨᠡᠩ | ᠴᠦ ᠨᠡᠶᠢᠭᠡᠮ ᠵᠢᠷᠤᠮᠲᠤ ᠣᠳᠣᠬᠢᠴᠢᠯᠡᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ | ᠡᠬᠢᠯᠡᠭᠦᠯᠦᠭᠰᠡᠨ ᠪᠡᠯᠭᠡ ᠲᠡᠮᠳᠡᠭ ᠮᠥᠨ᠃ ᠪᠥᠬᠦᠳᠡ ᠬᠤᠷᠠᠯ ᠠᠴᠠ ᠳᠤᠷᠠᠳᠤᠭᠰᠠᠨ ︽ᠡᠷᠬᠡᠪᠰᠢ ᠭᠠᠳᠠᠭᠰᠢ | ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠨᠡᠭᠡᠭᠡᠯᠲᠡ ᠪᠠᠷ ᠥᠭᠡᠷᠡᠴᠢᠯᠡᠯᠲᠡ ᠶᠢ | ᠠᠬᠢᠭᠤᠯᠬᠤ ᠶᠢ ᠪᠠᠷᠢᠮᠲᠠᠯᠠᠬᠤ︾᠂ ︽ᠭᠠᠳᠠᠭᠠᠳᠤ ᠠᠷᠠᠯᠵᠢᠶᠠᠨ ᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠪᠠ ᠭᠠᠳᠠᠭᠠᠳᠤ ᠳᠤ ᠪᠡᠯᠡ | ᠣᠷᠣᠭᠤᠯᠬᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ | ᠨᠡᠭᠡᠭᠡᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ︾ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠦᠭᠦᠳ | ᠪᠣᠯ ᠪᠢᠳᠡᠨ ᠤ ᠪᠣᠭᠤᠮᠲᠠ ᠳᠤ ᠲᠦᠰᠢᠭᠯᠡᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ | ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢ ᠤᠯᠠᠮ ᠨᠢᠭᠡ ᠠᠯᠬᠤᠮ ᠬᠥᠭᠵᠢᠭᠦᠯᠬᠦ ᠳᠤ ᠴᠢᠭᠯᠡᠯ ᠵᠢᠭᠠᠵᠤ ᠥᠭᠴᠡᠶ᠃ | ᠡᠯ᠎ᠡ ᠰᠠᠯᠠᠭ᠎ᠠ ᠮᠥᠴᠢᠷ ᠨᠢᠭᠡᠴᠢ᠂ ᠡᠯ᠎ᠡ ᠠᠵᠤ ᠠᠬᠤᠶᠢᠯᠠᠯ ᠴᠥᠮ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠣᠶᠢᠯᠠᠭᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠨ᠂ | ᠥᠭᠡᠷᠡᠴᠢᠯᠡᠯᠲᠡ ᠶᠢᠨ ᠠᠵᠠ ᠲᠣᠬᠢᠶᠠᠯ ᠢ ᠠᠳᠬᠤᠵᠤ᠂ ᠥᠭᠡᠷᠡᠴᠢᠯᠡᠯᠲᠡ ᠶᠢᠨ ᠰᠡᠳᠬᠢᠬᠦᠶ ᠪᠠᠷ ᠰᠢᠨ᠎ᠡ ᠶᠢ | ᠡᠭᠦᠳᠬᠦ ᠪᠠᠷ ᠪᠣᠭᠤᠮᠲᠠ ᠶᠢᠨ ᠬᠥᠭᠵᠢᠯᠲᠡ ᠶᠢ ᠠᠬᠢᠭᠤᠯᠵᠤ᠂ ᠮᠠᠨ ᠤ ᠬᠤᠰᠢᠭᠤᠨ ᠤ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠶ᠃ | ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠠᠬᠢᠭᠤᠯᠵᠤ᠂ ᠥᠪᠡᠷᠮᠢᠴᠡ ᠣᠷᠣᠨ ᠪᠠᠶᠢᠷᠢ ᠪᠠ ᠡᠬᠢ ᠪᠠᠶᠠᠯᠢᠭ ᠤᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠠᠵᠤ ᠠᠬᠤᠶ ᠶᠢᠨ ᠲᠠᠩᠰᠠ ᠪᠠ ᠠᠮᠢ ᠠᠬᠤᠶ ᠶᠢᠨ ᠲᠠᠩᠰᠠ ᠶᠢ ᠰᠠᠶᠢᠲᠤᠷ ᠪᠤᠳᠤᠵᠤ᠂ ᠡᠬᠢ | ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠵᠤ᠂ ᠪᠣᠭᠤᠮᠲᠠ ᠶᠢᠨ ᠨᠣᠭᠤᠭᠠᠷᠠᠭᠤᠯᠤᠯᠲᠠ᠂ ᠬᠥᠮᠥᠷᠭᠡᠯᠡᠨ | ᠬᠠᠳᠠᠭᠠᠯᠠᠬᠤ ᠪᠠᠷᠠᠭᠠᠨ ᠤ ᠬᠦᠢᠯᠬᠡᠬᠡ᠂ ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠵᠡᠷᠭᠡ ᠶᠢ ᠵᠦᠶ ᠵᠣᠬᠢᠰᠲᠠᠶ | ᠲᠥᠯᠥᠪᠵᠢᠭᠦᠯᠵᠦ᠂ ᠬᠠᠮᠤᠭ ᠤᠨ ᠶᠡᠭᠡ ᠦᠷ᠎ᠡ ᠠᠰᠢᠭ ᠢ ᠲᠡᠮᠡᠴᠡᠨ ᠣᠯᠬᠤ ᠪᠠᠷ ᠴᠢᠷᠮᠠᠶᠢᠬᠤ ᠬᠡᠷᠡᠭᠲᠡᠢ᠃ | ᠲᠦᠰᠦᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ | ᠲᠣᠳᠣᠷᠬᠠᠶᠢᠯᠠᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ | ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠲᠦᠰᠦᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ | ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠵᠥᠪᠳᠡᠯᠴᠡᠨ ᠰᠢᠢᠳᠪᠦᠷᠢᠯᠡᠵᠦ᠂ ᠡᠯ᠎ᠡ | ᠲᠦᠰᠦᠯ ᠢ ᠠᠯᠢ ᠲᠦᠷᠭᠡᠨ ᠢᠶᠠᠷ ᠪᠣᠳᠠᠲᠤ ᠦᠢᠯᠡᠳᠪᠦᠷᠢᠯᠡᠯ ᠤᠨ ᠬᠦᠴᠦᠨ᠂ ᠠᠵᠢᠯ ᠤᠨ ᠠᠬᠢᠭᠤᠯᠬᠤ ᠬᠦᠴᠦᠨ ᠪᠠ | ᠨᠥᠯᠥᠭᠡᠯᠡᠨ ᠳᠠᠶᠢᠴᠢᠯᠠᠬᠤ ᠬᠦᠴᠦᠨ ᠪᠣᠯᠭᠠᠨ ᠬᠤᠪᠢᠷᠠᠭᠤᠯᠬᠤ ᠶᠢ ᠪᠠᠲᠤᠯᠠᠵᠤ᠂ ᠪᠣᠭᠤᠮᠲᠠ ᠶᠢᠨ ᠪᠠᠷᠠᠭ᠎ᠠ ᠥᠩᠭᠡᠷᠡᠬᠦ | ᠳᠡᠭᠡᠭᠰᠢᠯᠡᠯᠲᠡ ᠶᠢ ᠴᠢᠨᠠᠭᠰᠢᠳᠠ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠵᠡᠯᠲᠡ ᠶᠢ ᠪᠠᠲᠤ ᠪᠤᠢ | ᠪᠣᠯᠭᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ | ᠦᠢᠯᠡᠳᠪᠦᠷᠢᠯᠡᠯ ᠤᠨ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠡᠯ᠎ᠡ ᠵᠦᠢᠯ ᠤᠨ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ | ᠠᠶᠤᠯ ᠲᠦᠭᠰᠢᠭᠦᠷᠢ ᠶᠢᠨ ᠭᠡᠮ ᠰᠣᠭᠤᠭ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠦᠨᠳᠦ | ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠠᠯᠤᠰ ᠬᠡᠲᠦ ᠶᠢᠨ | ᠬᠥᠭᠵᠢᠯᠲᠡ ᠶᠢ ᠪᠣᠳᠣᠯᠬᠢᠯᠠᠵᠤ᠂ ︽ᠠᠮᠠᠨ ᠬᠦᠨᠳᠡᠢ ᠶᠢᠨ ᠬᠤᠯᠪᠣᠭᠠᠯᠠᠨ ᠬᠥᠳᠡᠯᠦᠯᠴᠡᠬᠦ︾ ᠬᠥᠭᠵᠢᠯᠲᠡ ᠶᠢ | ᠲᠦᠷᠭᠡᠳᠬᠡᠵᠦ᠂ ᠲᠡᠭ ᠨᠡᠭᠦᠷᠡᠰᠦᠳᠦ᠋ᠷᠦᠭᠴᠢᠲᠦ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠠᠴᠢᠶᠠᠯᠠᠪᠤᠷᠢ ᠳᠤ | ᠲᠦᠰᠢᠭᠯᠡᠨ᠂ ᠤᠨᠴᠠᠯᠢᠬᠳᠤ ᠲᠠᠷᠢᠶᠠᠯᠠᠩ ᠮᠠᠯ ᠠᠵᠤ ᠠᠬᠤᠶ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ᠂ ᠥᠩᠭᠡᠲᠦ | ᠲᠡᠮᠦᠷᠯᠢᠭ ᠪᠣᠯᠪᠠᠰᠤᠷᠠᠭᠤᠯᠬᠤ᠂ ᠰᠣᠶᠣᠯ ᠵᠢᠭᠤᠯᠴᠢᠯᠠᠯ ᠵᠡᠷᠭᠡ ᠭᠤᠤᠯᠳᠠᠯᠭ᠎ᠠ ᠲᠠᠢ ᠠᠵᠤ ᠦᠢᠯᠡᠰ ᠲᠤ | ᠠᠩᠬᠠᠷᠤᠯ ᠢᠶᠠᠨ ᠲᠥᠪᠯᠡᠷᠡᠭᠦᠯᠵᠦ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠪᠣᠳᠠᠲᠠᠶᠢᠵᠢᠭᠤᠯᠤᠨ | ᠡᠳ᠋ᠰᠢᠭᠦᠯᠬᠦ ᠠᠵᠤ ᠦᠢᠯᠡᠰ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠠᠷᠠᠯᠵᠢᠶ᠎ᠠ᠂ ᠬᠢᠯᠢ ᠶᠢᠨ | ᠣᠨᠴᠠᠯᠢᠭᠲᠤ ᠵᠢᠭᠤᠯᠴᠢᠯᠠᠯ ᠵᠡᠷᠭᠡ ᠶᠢ ᠬᠥᠭᠵᠢᠭᠦᠯᠵᠦ᠂ ᠮᠠᠨᠳᠤᠯ ᠪᠠᠯᠭᠠᠰᠤᠨ ᠤ ᠪᠣᠭᠤᠮᠲᠠ ᠶᠢᠨ ᠬᠤᠲᠠ ᠪᠠᠯᠭᠠᠰᠤᠨ ᠤ | ᠢᠵᠢ ᠪᠥᠷᠢᠳᠦᠭᠦᠯᠬᠦ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ︽ᠪᠣᠭᠤᠮᠲᠠ + | ᠨᠡᠪᠲᠡᠷᠡᠬᠦ ᠵᠠᠮ + ᠬᠤᠲᠠ ᠪᠠᠯᠭᠠᠰᠤ + ᠠᠵᠤ ᠦᠢᠯᠡᠰ + ᠪᠠᠷᠠᠭᠠᠨ ᠤ ᠭᠦᠢᠯᠭᠡᠭᠡ︾ ᠶᠢᠨ ᠬᠠᠮᠵᠢᠯᠴᠠᠨ ᠬᠥᠭᠵᠢᠬᠦ | ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ ᠡᠬᠢ ᠪᠠᠶᠠᠯᠢᠭ ᠢᠶᠠᠷ ᠠᠵᠤ ᠦᠢᠯᠡᠰ ᠢ ᠰᠣᠯᠢᠬᠤ᠂ ᠬᠦᠷᠢᠶᠡᠯᠡᠩ | ᠲᠣᠭᠤᠷᠢᠭ ᠢᠶᠠᠷ ᠠᠵᠤ ᠦᠢᠯᠡᠰ ᠢ ᠲᠥᠪᠯᠡᠷᠡᠭᠦᠯᠬᠦ᠂ ᠪᠣᠭᠤᠮᠲᠠ ᠪᠠᠷ ᠠᠵᠤ ᠦᠢᠯᠡᠰ ᠤᠨ ᠶᠡᠭᠡ ᠣᠷᠴᠢᠯ ᠤᠨ ᠬᠤᠤᠰ | ᠡᠷᠭᠢᠯᠲᠡ ᠶᠢ ᠠᠬᠢᠭᠤᠯᠬᠤ ᠶᠢ ᠪᠡᠶᠡᠯᠡᠭᠦᠯᠬᠦ ᠶᠢ ᠠᠬᠢᠭᠤᠯᠵᠤ᠂ ᠪᠣᠭᠤᠮᠲᠠ ᠶᠢ ᠪᠥᠬᠦ ᠬᠤᠰᠢᠭᠤᠨ ᠤ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢᠨ ᠴᠢᠬᠤᠯᠠ ᠰᠢᠪᠲᠤᠯᠤᠯᠲᠠ ᠶᠢᠨ ᠴᠡᠭ ᠪᠠ ᠰᠢᠨ᠎ᠡ ᠨᠡᠮᠡᠭᠳᠡᠯ ᠤᠨ | ᠴᠡᠭ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠳᠠᠷᠠᠭ᠎ᠠ ᠨᠢ᠂ ᠵᠢᠶᠠ ᠪᠦᠦ ᠯᠢᠶᠠᠩ ᠪᠠᠰᠠ ᠪᠠᠶᠠᠨ ᠬᠠᠷ᠎ᠠ ᠭᠠᠴᠠᠭᠠᠨ ᠤ ᠮᠠᠯᠴᠢᠳ ᠤᠨ ᠭᠡᠷ ᠲᠤ ᠬᠦᠷᠴᠦ᠂ | ᠬᠢᠯᠢ ᠬᠢᠵᠠᠭᠠᠷ ᠣᠷᠤᠨ ᠳᠤ ᠰᠠᠭᠤᠭ᠎ᠠ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠬᠢᠯᠢ ᠬᠢᠵᠠᠭᠠᠷ ᠢᠶᠠᠨ | ᠪᠠᠬᠢᠵᠢᠭᠦᠯᠵᠦ ᠬᠢᠯᠢ ᠬᠢᠵᠠᠭᠠᠷ ᠢᠶᠠᠨ ᠬᠦᠭᠵᠢᠭᠦᠯᠵᠦ ᠠᠷᠠᠳ ᠢ ᠪᠠᠶᠠᠵᠢᠭᠤᠯᠬᠤ ᠬᠡᠷᠡᠯ ᠴᠡᠨᠡᠭ ᠤᠨ ᠲᠦᠰᠦᠯ ᠢ | ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠮᠠᠯᠴᠢᠳ ᠤᠨ ᠦᠢᠯᠡᠳᠪᠦᠷᠢᠯᠡᠯ | ᠠᠮᠢᠳᠤᠷᠠᠯ ᠤᠨ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ | ᠦᠨᠳᠦᠰᠦ ᠨᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠨᠡᠮᠡᠭᠳᠡᠭᠦᠯᠬᠦ ᠬᠡᠷᠡᠭᠲᠡᠢ᠃ ᠪᠢᠳᠡ ᠢᠮᠠᠭᠲᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠢ ᠮᠠᠨ ᠤ ᠲᠡᠮᠡᠴᠡᠬᠦ ᠬᠠᠷᠠᠯᠲᠠ ᠪᠠᠨ ᠪᠣᠯᠭᠠᠵᠤ᠂ ᠠᠷᠠᠳ ᠤᠯᠠᠨ ᠤ ᠠᠰᠢᠭ ᠲᠤᠰᠠ ᠶᠢ ᠲᠡᠷᠢᠭᠦᠨ | ᠪᠠᠶᠢᠷᠢᠨ ᠳᠤ ᠲᠠᠯᠪᠢᠵᠤ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ᠃ ᠬᠢᠯᠢ ᠶᠢᠨ ᠤᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠤᠨ ᠬᠡᠷᠡᠭᠴᠡᠭᠡ ᠶᠢ ᠴᠢᠩᠭ᠎ᠠ ᠠᠩᠬᠠᠷᠴᠤ᠂ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠲᠣᠳᠣᠷᠬᠠᠢ | ᠣᠶᠢᠯᠠᠭᠠᠵᠤ᠂ ᠤᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠭᠰᠡᠨ ᠤᠷᠢᠲᠠᠯ ᠳᠣᠣᠷ᠎ᠠ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠴᠠᠬᠢᠯᠭᠠᠨ ᠬᠠᠩᠭᠠᠬᠤ ᠲᠥᠬᠦᠭᠡᠷᠦᠮᠵᠢ ᠶᠢᠨ ᠪᠠᠭᠲᠠᠭᠠᠮᠵᠢ ᠶᠢ ᠥᠷᠭᠡᠳᠬᠡᠨ ᠲᠡᠰ | ᠳᠡᠪᠰᠢᠭᠦᠯᠬᠦ᠂ ᠠᠵᠢᠯᠯᠠᠭᠤᠯᠵᠤ ᠪᠠᠲᠤᠯᠠᠬᠤ ᠦᠢᠯᠡᠴᠢᠯᠡᠭᠡ ᠶᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠶᠢ ᠠᠬᠢᠭᠤᠯᠵᠤ | ᠂ ᠠᠵᠢᠯ ᠢᠶᠠᠨ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠠᠮᠢ ᠠᠬᠤᠶ ᠶᠢ ᠤᠷᠢᠳ ᠢᠶᠠᠷ | ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠯᠴᠢᠳ ᠢ | ᠬᠥᠲᠥᠯᠥᠨ ᠵᠢᠯᠣᠭᠤᠳᠴᠤ ᠪᠠᠶᠢᠭᠠᠳ ᠲᠡᠵᠢᠭᠡᠨ ᠦᠷᠡᠵᠢᠭᠦᠯᠬᠦ ᠪᠦᠲᠦᠴᠡ ᠶᠢ ᠰᠢᠯᠢᠳᠡᠭᠵᠢᠭᠦᠯᠵᠦ᠂ ᠨᠠᠮ ᠤᠨ | ᠡᠭᠦᠷ ᠤᠨ ᠭᠤᠤᠯᠯᠠᠬᠤ ᠦᠢᠯᠡᠳᠦᠯ ᠪᠠ ᠬᠤᠷᠰᠢᠶ᠎ᠠ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠰᠠᠶᠢᠨ ᠡᠭᠦᠯᠳᠡᠷ ᠢ | ᠣᠷᠣᠭᠤᠯᠤᠨ ᠠᠪᠴᠢᠷᠠᠬᠤ᠂ ᠮᠡᠷᠭᠡᠵᠢᠯ ᠢ ᠳᠡᠭᠡᠭᠰᠢᠯᠡᠭᠦᠯᠬᠦ᠂ ᠨᠠᠷᠠᠲᠤ ᠲᠡᠮᠳᠡᠭᠲᠦ ᠶᠢ ᠴᠣᠭᠴᠠᠯᠠᠬᠤ ᠳᠡᠭᠡᠷ᠎ᠡ ᠬᠦᠴᠦ | ᠲᠠᠯᠪᠢᠵᠤ᠂ ᠲᠡᠵᠢᠭᠡᠨ ᠦᠷᠡᠵᠢᠭᠦᠯᠬᠦ ᠠᠵᠤ ᠦᠢᠯᠡᠰ ᠤᠨ ᠶᠡᠷᠦᠩᠬᠡᠶᠢᠯᠡᠭᠰᠡᠨ ᠦᠷ᠎ᠡ ᠠᠰᠢᠭ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠬᠦᠴᠦᠲᠡᠶ ᠠᠬᠢᠭᠤᠯᠬᠤ | ᠬᠡᠷᠡᠭᠲᠡᠶ ᠭᠡᠵᠦ ᠴᠢᠬᠤᠯᠠᠴᠢᠯᠠᠪᠠ᠃ | ᠬᠤᠰᠢᠭᠤᠨ ᠤ ᠤᠳᠤᠷᠢᠳᠤᠯᠭ᠎ᠠ ᠶᠠᠨ ᠴᠦᠨ ᠯᠸᠢ᠂ ᠸᠠᠩ ᡁᠢ ᠶᠦᠩ ᠵᠢᠴᠢ ᠬᠠᠮᠢᠶ᠎ᠠ ᠪᠥᠬᠦᠶ ᠰᠠᠯᠠᠭ᠎ᠠ | ᠮᠥᠴᠢᠷ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ |