ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ, ᠨᠡᠶᠢᠭᠡᠮ ᠲᠣᠭᠤᠷᠢᠭ ᠤᠨ ᠠᠳᠠᠯ ᠠᠬᠤᠶ ᠶᠢ ᠠᠰᠠᠭᠤᠨ ᠯᠠᠪᠯᠠᠬᠤ ᠳᠤᠬᠠᠢ ᠰᠠᠨᠠᠯ ᠰᠠᠨᠠᠭᠤᠯᠭ᠎ᠠ ᠶᠢ ᠬᠤᠷᠢᠶᠠᠬᠤ ᠠᠯᠪᠠᠨ ᠵᠠᠷ
ᠨᠡᠶᠢᠲᠡᠯᠡᠭᠰᠡᠨ ᠴᠠᠭ᠄
2024/9/14
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠣᠶᠢᠷ᠎ᠠ ᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠡᠶᠢᠭᠡᠮ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠤᠨ  ᠥᠷᠨᠢᠭᠦᠯᠥᠭᠰᠡᠨ ᠪᠠᠶᠢᠳᠠᠯ ᠤᠨ ᠲᠤᠬᠠᠶ  ᠲᠤᠰᠬᠠᠶ ᠰᠡᠳᠦᠪᠲᠦ  ᠠᠰᠠᠭᠤᠨ ᠯᠠᠪᠯᠡᠯᠳᠡ ᠬᠢᠪᠡ᠃ ᠲᠤᠰᠬᠠᠶ ᠰᠡᠳᠦᠪᠲᠦ ᠠᠰᠠᠭᠤᠨ ᠯᠠᠪᠯᠠᠯᠲᠠ ᠶᠢᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠴᠢᠩᠭᠠᠳᠬᠠᠬᠤ ᠶᠢᠨ ᠲᠥᠯᠥᠭᠡ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠥᠷᠭᠡᠨ ᠣᠯᠠᠨ ᠺᠠᠳ᠋ᠷᠴᠤᠳ ᠣᠯᠠᠨ ᠲᠦᠮᠡᠨ ᠤ ᠤᠲᠠᠰᠤ ᠢᠷᠡᠭᠦᠯᠬᠦ᠂ ᠰᠤᠷᠪᠤᠯᠵᠢᠯᠠᠬᠤ᠂ ᠡᠯᠧᠺᠳ᠋ᠷᠣᠨ ᠵᠠᠬᠢᠳᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠰᠢᠭᠤᠨ ᠤ ᠨᠡᠶᠢᠭᠡᠮ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠳᠤ ᠰᠠᠨᠠᠯ ᠰᠠᠨᠠᠭᠤᠯᠭ᠎ᠠ ᠳᠤᠷᠠᠳᠬᠤ ᠶᠢ ᠬᠥᠰᠡᠵᠥ ᠪᠠᠶᠢᠨ᠎ᠠ᠃      ᠡᠯᠰᠡᠬᠦ ᠴᠠᠭ᠄ 2024 ᠣᠨ ᠤ 9 ᠰᠠᠷ᠎ᠠ ᠶᠢᠨ 14 ᠤ ᠡᠳᠦᠷ ᠠᠴᠠ 2024 ᠣᠨ ᠤ 9 ᠰᠠᠷ᠎ᠠ ᠶᠢᠨ 30 ᠤ ᠡᠳᠦᠷ ᠪᠣᠯᠲᠠᠯ᠎ᠠ      ᠣᠨᠴᠠᠭᠠᠶᠢᠯᠠᠨ ᠵᠠᠷᠯᠠᠪᠠ      ᠬᠠᠷᠢᠯᠴᠠᠬᠤ ᠤᠲᠠᠰᠤ᠄ 0472 - 8426650      ᠰᠢᠦᠳᠠᠨ ᠬᠠᠶᠢᠷᠴᠠᠭ᠄ dmrdbgs@126.com      ᠬᠠᠷᠢᠯᠴᠠᠬᠤ ᠬᠥᠮᠥᠨ᠄  ᠦᠵᠡᠰᠭᠦᠯᠡᠩ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ      2024 ᠣᠨ ᠤ 9 ᠰᠠᠷ᠎ᠠ ᠶᠢᠨ 14 ᠤ ᠡᠳᠦᠷ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号