ᠬᠤᠸᠠᠩ ᠯᠦᠩ ᠬᠤᠰᠢᠭᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/14
      9 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠬᠤᠰᠢᠭᠤᠨ ᠤ ᠵᠠᠰᠠᠭ ᠤᠨ ᠣᠷᠳᠣᠨ ᠤ 2024 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠪᠣᠯᠤᠨ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ 33 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠢ ᠬᠦᠯᠢᠶᠡᠨ ᠠᠪᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠠᠮᠠᠭᠠᠯᠠᠬᠤ ᠪᠠᠷ ᠭᠤᠣᠯ ᠪᠣᠯᠭᠠᠨ᠂ ᠠᠪᠤᠷᠠᠬᠤ ᠶᠢ ᠲᠡᠷᠢᠭᠦᠨ ᠳᠤ ᠳᠠᠯᠪᠢᠵᠥ᠂ ᠵᠦᠢ ᠵᠣᠬᠢᠰᠲᠠᠢ ᠠᠰᠢᠭᠯᠠᠨ᠂ ᠬᠠᠮᠢᠶᠠᠷᠤᠯᠲᠠ ᠪᠠᠨ ᠴᠢᠩᠭᠠᠳᠬᠠᠬᠤ︾ ᠠᠵᠢᠯ ᠤᠨ ᠴᠢᠭᠯᠡᠯᠲᠡ ᠶᠢ ᠪᠠᠷᠢᠮᠲᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ︽ᠠᠮᠢᠳᠤᠯᠢᠭ ᠪᠣᠯᠭᠠᠬᠤ︾᠂ ᠰᠣᠶᠣᠯ ᠤᠨ ᠰᠤᠳᠠᠰᠤ ᠶᠢ ︽ᠤᠯᠠᠮᠵᠢᠯᠠᠬᠤ︾ ᠬᠡᠷᠡᠭᠲᠡᠢ︔ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠣᠯᠤᠨ ᠣᠯᠢᠮᠫᠢᠺ ᠤᠨ ᠵᠣᠷᠢᠭ ᠰᠠᠨᠠᠭ᠎ᠠ ᠶᠢ ᠦᠨᠡᠨ ᠬᠦ ᠪᠠᠳᠠᠷᠠᠭᠤᠯᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠲᠠᠮᠢᠷ ᠤᠨ ᠲᠦᠷᠦᠯ ᠵᠦᠢᠯ ᠢ ᠶᠡᠭᠡ ᠪᠠᠷ ᠬᠥᠭᠵᠢᠭᠦᠯᠵᠦ᠂ ᠮᠣᠷᠢ ᠤᠷᠤᠯᠳᠤᠬᠤ ︽ᠬᠥᠳᠡᠭᠡ ᠳᠣᠰᠬᠤᠨ ᠤ ᠬᠡᠳᠥ ᠳᠡᠰ ᠤᠨ ᠬᠤᠯᠪᠤᠭᠠᠳᠤ ᠤᠷᠤᠯᠳᠤᠭᠠᠨ︾ ᠵᠡᠷᠭᠡ ᠲᠦᠷᠦᠯ ᠲᠡᠮᠳᠡᠭ ᠤᠨ ᠤᠷᠤᠯᠳᠤᠭᠠᠨ ᠢ ᠦᠷᠭᠦᠯᠵᠢᠯᠡᠨ ᠰᠠᠶᠢᠲᠤᠷ ᠡᠷᠬᠢᠯᠡᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︽ᠰᠤᠷᠭᠠᠨ ᠬᠥᠮᠦᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠰᠢᠨ᠎ᠡ ᠴᠠᠭ ᠦᠶ᠎ᠡ ᠶᠢᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠰᠢᠭᠤᠨ ᠤ ᠰᠤᠷᠭᠠᠨ ᠬᠥᠮᠦᠵᠢᠯ ᠪᠣᠯᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠭᠤᠰᠢᠯᠠᠭᠤᠯᠵᠤ᠂ ︽ᠰᠢᠢᠳᠪᠦᠷᠢᠯᠡᠵᠥ ᠳᠡᠶᠢᠯᠭᠦ ᠰᠡᠳᠬᠢᠬᠦᠶ︾ ᠪᠠᠷ ᠬᠥᠮᠦᠵᠢᠭᠦᠯᠬᠦ ᠠᠷᠭ᠎ᠠ ᠬᠡᠯᠪᠡᠷᠢ᠂ ᠰᠤᠷᠭᠠᠭᠤᠯᠢ ᠡᠷᠭᠢᠯᠡᠬᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠯ᠂ ᠪᠠᠲᠤᠯᠠᠭ᠎ᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠤᠷᠭᠠᠨ ᠬᠥᠮᠦᠵᠢᠯᠲᠡᠨ ᠤ ᠵᠣᠷᠢᠭ ᠰᠠᠨᠠᠭ᠎ᠠ ᠪᠠᠷ ᠪᠠᠭᠰᠢ ᠬᠥᠮᠥᠨ ᠤ ᠰᠦᠭ ᠰᠦᠨᠡᠰᠦ ᠶᠢ ᠱᠤᠭᠤᠵᠤ ᠪᠠᠭᠰᠢ ᠶᠢ ᠬᠦᠴᠦᠷᠬᠡᠭᠵᠢᠭᠦᠯᠬᠦ ᠠᠵᠢᠯᠯᠠᠭ᠎ᠠ᠂ ᠰᠤᠷᠭᠠᠨ ᠬᠥᠮᠦᠵᠢᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠥᠨᠳᠦᠷᠯᠢᠭ ᠢ ᠲᠦᠷᠭᠡᠳᠬᠡᠨ ᠪᠠᠶᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠬᠤᠰᠢᠭᠤ ᠶᠢ ᠪᠥᠲᠥᠭᠡᠨ ᠪᠠᠶᠢᠭᠤᠯᠬᠤ ᠬᠡᠷᠡᠭᠲᠡᠶ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠪᠸᠢ ᠶᠢᠨ ᠱᠢ ᠶᠠᠨ ᠳ᠋ᠠᠨ ᠮᠦᠷᠡᠨ ᠤ ᠠᠮᠠ ᠶᠢᠨ ᠴᠥᠭᠦᠷᠥᠮ ᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠠᠵᠢᠯᠯᠠᠭᠴᠢ ᠳᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠪᠣᠬᠢᠷᠲᠤᠯ ᠢ ᠰᠡᠷᠭᠡᠶᠢᠯᠡᠨ ᠵᠠᠰᠠᠵᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠵᠢᠯᠯᠠᠭ᠎ᠠ ᠶᠢᠨ ᠲᠥᠰᠦᠯ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ ᠲᠤᠪᠤᠶᠢᠮ᠎ᠠ ᠠᠰᠠᠭᠤᠳᠠᠯ ᠢ ᠴᠢᠬᠤᠯᠠᠴᠢᠯᠠᠨ ᠰᠢᠢᠳᠪᠦᠷᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃      ᠬᠤᠷᠠᠯ ᠠᠴᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠲᠥᠰᠦᠯ ᠢ ᠬᠢᠨᠠᠨ ᠵᠥᠪᠯᠡᠵᠦ ᠪᠠᠲᠤᠯᠠᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠳᠤᠯᠠᠭᠠᠯᠠᠭ᠎ᠠ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠰᠣᠨᠣᠰᠴᠤ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠ ︽ᠶᠠᠪᠤᠳᠠᠯ ᠪᠦᠬᠦᠨ ᠳᠤ ᠰᠡᠳᠬᠢᠯ ᠳᠣᠲᠣᠷ᠎ᠠ ᠪᠠᠨ ᠲᠤᠭ᠎ᠠ ᠲᠠᠢ︾ ᠭᠡᠬᠦ ᠠᠵᠢᠯᠯᠠᠭᠠᠨ ᠤ ᠬᠦᠴᠦᠨ ᠢᠶᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号