ᠪᠤᠭᠤᠲᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ︽2024 ᠣᠨ ᠤ ᠬᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠶᠤᠯᠭᠦᠶ | ᠦᠢᠯᠡᠳᠪᠦᠷᠢᠯᠡᠯ ᠢ ᠰᠣᠯᠪᠢᠴᠠᠭᠤᠯᠤᠨ ᠬᠠᠷᠢᠯᠴᠠᠨ ᠪᠠᠶᠢᠴᠠᠭᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ | 9 ᠰᠠᠷ᠎ᠠ ᠶᠢᠨ 6 ᠤ ᠡᠳᠦᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠠᠵᠢᠯᠲᠠᠳ ᠲᠦᠮᠡᠳ ᠪᠠᠷᠠᠭᠤᠨ ᠬᠤᠰᠢᠭᠤᠨ ᠳᠤ | ᠬᠦᠷᠴᠦ ᠬᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠶᠤᠯᠭᠦᠶ ᠦᠢᠯᠡᠳᠪᠦᠷᠢᠯᠡᠯ ᠢ | ᠰᠣᠯᠪᠢᠴᠠᠭᠤᠯᠤᠨ ᠬᠠᠷᠢᠯᠴᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ | ᠪᠠᠶᠢᠴᠠᠭᠠᠬᠤ ᠳᠤᠭᠤᠶᠢᠯᠠᠩ ᠤᠨ ᠬᠢᠨ ᠵᠣᠯ ᠵᠢᠷᠭᠠᠯᠲᠤ ᠴᠢᠩ ᠱᠠᠨ ᠤ ᠲᠥᠷᠥᠯ ᠵᠦᠢᠯ ᠤᠨ 10 ᠳ᠋ᠤᠭᠠᠷ | ᠲᠣᠭᠠᠲᠤ ᠣᠷᠣᠨ ᠰᠠᠭᠤᠴᠠ ᠶᠢᠨ ᠠᠰᠠᠷ ᠵᠡᠷᠭᠡ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠠᠵᠤ | ᠠᠬᠤᠶᠢᠯᠠᠯ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ | ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠲᠦᠷᠢᠮ︾ ᠢ | ᠵᠢᠷᠤᠮᠯᠠᠨ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ | ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ᠂ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠲᠣᠭᠲᠠᠴᠠ ᠶᠢᠨ ᠠᠵᠢᠯᠯᠠᠭᠠᠨ ᠤ ᠪᠠᠶᠢᠳᠠᠯ᠂ ᠵᠠᠩᠭᠢᠯᠠᠭ᠎ᠠ ᠶᠢᠨ | ᠠᠵᠢᠯ ᠤᠨ ᠪᠠᠶᠢᠷᠢ ᠶᠢᠨ ᠬᠥᠮᠦᠰ ᠠᠵᠢᠯ ᠤᠨ ᠪᠠᠶᠢᠷᠢ ᠳᠤ ᠪᠠᠨ ᠬᠦᠷᠴᠦ ᠲᠤᠰᠢᠶᠠᠯ ᠬᠠᠷᠢᠭᠤᠴᠠᠯᠭ᠎ᠠ ᠪᠠᠨ | ᠬᠦᠢᠴᠡᠳᠬᠡᠭᠰᠡᠨ᠂ ︽ᠠᠮᠤᠷ ᠲᠦᠪᠰᠢᠨ ᠤ ᠡᠳᠦᠷ ᠤᠨ ᠲᠡᠮᠳᠡᠭᠯᠡᠯ︾ ᠤᠨ ᠲᠦᠷᠢᠮ ᠢ ᠬᠡᠷᠡᠭᠵᠢᠭᠦᠯᠦᠭᠰᠡᠨ ᠪᠠᠶᠢᠳᠠᠯ᠂ | ᠬᠦᠨᠳᠦ ᠶᠡᠭᠡ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠵᠢᠴᠢ | ᠭᠠᠯ ᠤᠨᠲᠠᠷᠠᠭᠠᠬᠤ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ | ᠪᠠᠶᠢᠳᠠᠯ ᠵᠡᠷᠭᠡ ᠤᠨ ᠲᠣᠭᠤᠷᠢᠨ ᠳᠤ ᠭᠤᠤᠯᠳᠠᠯᠭ᠎ᠠ ᠲᠠᠢ ᠪᠠᠶᠢᠴᠠᠭᠠᠯᠲᠠ ᠥᠷᠨᠢᠭᠦᠯᠪᠡ᠃ | ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠪᠠᠶᠢᠴᠠᠭᠠᠬᠤ ᠳᠤᠭᠤᠶᠢᠯᠠᠩ ᠪᠠᠶᠢᠴᠠᠭᠠᠭᠳᠠᠬᠤ ᠠᠵᠤ ᠠᠬᠤᠶᠢᠯᠠᠯ | ᠪᠠ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠵᠤ᠂ | ᠣᠷᠣᠰᠢᠵᠤ ᠪᠠᠶᠢᠭ᠎ᠠ ᠠᠰᠠᠭᠤᠳᠠᠯ ᠪᠣᠯᠤᠨ ᠳᠠᠯᠳᠠ ᠭᠡᠮ ᠢ ᠵᠢᠭᠠᠨ ᠭᠠᠷᠭᠠᠵᠤ᠂ ᠲᠤᠰᠢᠶᠠᠨ ᠦᠭᠴᠦ | ᠰᠢᠢᠳᠪᠦᠷᠢᠯᠡᠭᠦᠯᠬᠦ ᠮᠡᠳᠡᠭᠳᠡᠯ ᠤᠨ ᠪᠢᠴᠢᠭ ᠢ ᠲᠤᠷᠠᠳᠤᠨ ᠭᠠᠷᠭᠠᠪᠠ᠃ ᠡᠭᠦᠨ ᠤ ᠬᠠᠮᠲᠤ ᠬᠤᠶᠠᠷ ᠭᠠᠵᠠᠷ ᠣᠷᠣᠨ ᠤ | ᠬᠢᠨᠠᠯᠲᠠ ᠬᠠᠮᠢᠶᠠᠷᠤᠯᠲᠠ ᠶᠢᠨ ᠠᠵᠢᠯᠲᠠᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠡᠷᠬᠢᠨ ᠳᠡᠭᠡᠭᠰᠢᠯᠡᠭᠦᠯᠬᠦ ᠲᠤᠬᠠᠶ ᠶᠠᠷᠢᠯᠴᠠᠨ | ᠰᠠᠨᠠᠯ ᠢᠶᠠᠨ ᠰᠣᠯᠢᠯᠴᠠᠵᠤ᠂ ᠲᠤᠷᠰᠢᠯᠭ᠎ᠠ ᠪᠠᠨ ᠬᠤᠪᠢᠶᠠᠯᠴᠠᠪᠠ᠃ |