ᠬᠤᠸᠠᠩ ᠯᠦᠩ ᠰᠤᠷᠭᠠᠨ ᠬᠥᠮᠦᠵᠢᠯ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/14
       9 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠭᠤᠷᠪᠠᠳᠤᠭᠠᠷ ᠬᠡᠤᠬᠡᠳ ᠤᠨ ᠴᠡᠴᠡᠷᠯᠢᠭ ᠪᠣᠯᠤᠨ ᠪᠠᠲᠤᠬᠠᠭᠠᠯᠭ᠎ᠠ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠵᠦ᠂ ᠰᠤᠷᠭᠠᠨ ᠬᠥᠮᠦᠵᠢᠯ ᠪᠣᠯᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠭᠤᠷᠪᠠᠳᠤᠭᠠᠷ ᠬᠡᠦᠬᠡᠳ ᠤᠨ ᠴᠡᠴᠡᠷᠯᠢᠭ ᠲᠤ᠂ ᠬᠤᠸᠠᠩ ᠯᠦᠩ ᠬᠤᠰᠢᠭᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠢ ᠲᠥᠯᠥᠭᠡᠯᠡᠨ ᠬᠦᠴᠢᠷᠳᠡᠯᠲᠡᠶ ᠪᠠᠭᠰᠢ ᠲᠣᠶᠠᠭ᠎ᠠ ᠶᠢ ᠲᠣᠬᠤᠨᠢᠭᠤᠯᠵᠤ᠂ ᠲᠡᠭᠦᠨ ᠢ ᠪᠠᠶᠠᠰᠤᠩᠭᠤᠶ ᠥᠭᠡᠳᠡᠷᠬᠡᠭ ᠰᠡᠳᠬᠢᠴᠡ ᠲᠠᠢ ᠪᠠᠶᠢᠵᠤ᠂ ᠠᠮᠢᠳᠤᠷᠠᠯ ᠳᠤ ᠪᠠᠨ ᠢᠳᠡᠭᠡᠯ ᠲᠠᠢ᠂ ᠪᠠᠶᠠᠷ ᠪᠠᠭ᠋ᠠᠳᠤᠯ ᠲᠠᠢ ᠠᠵᠢᠯᠯᠠᠬᠤ ᠶᠠᠪᠤᠭᠳᠠᠭᠤᠯᠬᠤ ᠶᠢ ᠵᠣᠷᠢᠭᠵᠢᠭᠤᠯᠪᠠ᠃ ᠳᠠᠷᠠᠭ᠎ᠠ ᠨᠢ᠂ ᠬᠥᠳᠡᠯᠭᠡᠭᠡᠨ ᠤ ᠲᠠᠰᠤᠭ᠂ ᠣᠯᠠᠨ ᠵᠠᠭᠤᠴᠢᠯᠠᠯᠳᠤ ᠲᠠᠰᠤᠭ᠂ ᠭᠡᠷ ᠤᠨ ᠭᠠᠳᠠᠨᠠᠬᠢ ᠬᠥᠳᠡᠯᠭᠡᠭᠡᠨ ᠤ ᠲᠠᠯᠠᠪᠠᠢ ᠶᠢ ᠪᠠᠶᠢᠴᠠᠭᠠᠨ ᠦᠵᠡᠵᠦ᠂ ᠬᠡᠤᠬᠡᠳ ᠤᠨ ᠴᠡᠴᠡᠷᠯᠢᠭ ᠤᠨ ᠰᠤᠷᠤᠭᠴᠢ ᠡᠯᠰᠡᠬᠦ᠂ ᠪᠠᠭᠰᠢ ᠶᠢᠨ ᠲᠣᠬᠢᠷᠠᠭᠤᠯᠤᠯᠲᠠ ᠪᠠ ᠠᠰᠠᠷᠠᠨ ᠬᠥᠮᠦᠵᠢᠭᠦᠯᠬᠦ᠂ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠬᠤᠰᠢᠭᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠥᠨᠳᠦᠷᠯᠢᠭ ᠢ ᠴᠣᠭᠴᠠᠯᠠᠨ ᠪᠠᠶᠢᠭᠤᠯᠵᠤ ᠰᠤᠷᠭᠠᠨ ᠬᠥᠮᠦᠵᠢᠯ ᠤᠨ ᠬᠦᠴᠦᠷᠬᠡᠭ ᠬᠤᠰᠢᠭᠤ ᠶᠢ ᠪᠦᠲᠦᠭᠡᠨ ᠪᠠᠶᠢᠭᠤᠯᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠴᠡᠴᠡᠷᠯᠢᠭ︾ ᠤᠨ ᠲᠣᠬᠢᠷᠠᠭᠤᠯᠤᠯᠲᠠ ᠠᠴᠠ ᠣᠨᠴᠠᠯᠢᠭ ᠢᠶᠠᠨ ᠢᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠦᠵᠢᠭᠦᠯᠵᠦ᠂ ᠬᠡᠤᠬᠡᠳ ᠨᠢᠭᠡᠪᠦᠷᠢ ᠶᠢ ᠡᠷᠡᠭᠦᠯ ᠴᠢᠭᠢᠷᠠᠭ ᠪᠠᠶᠠᠷ ᠬᠥᠷ ᠲᠠᠢ ᠦᠰᠦᠨ ᠪᠤᠶᠢᠵᠢᠭᠤᠯᠬᠤ ᠬᠡᠷᠡᠭᠲᠡᠶ᠃ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠴᠢᠩᠭᠠᠳᠬᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠲᠠᠭᠠᠯᠠᠮᠵᠢᠲᠠᠢ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ᠃       ᠪᠠᠲᠤᠬᠠᠭᠠᠯᠭ᠎ᠠ ᠳᠤᠮᠳᠠᠳᠤ ᠰᠤᠷᠭᠠᠭᠤᠯᠢ ᠳᠤ᠂ ᠬᠤᠸᠠᠩ ᠯᠦᠩ ᠰᠢᠯᠢᠳᠡᠭ ᠪᠠᠭᠰᠢ ᠢᠦᠢ ᠬᠤᠩ ᠢ ᠲᠣᠬᠤᠨᠢᠭᠤᠯᠤᠨ ᠦᠵᠡᠵᠥ᠂ ᠰᠤᠷᠭᠠᠭᠤᠯᠢ ᠶᠢᠨ ᠤᠳᠤᠷᠢᠳᠬᠤ ᠪᠠᠭ᠂ ᠪᠠᠭᠰᠢ ᠶᠢᠨ ᠲᠥᠯᠥᠭᠡᠯᠡᠭᠴᠢᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠬᠤᠸᠠᠩ ᠯᠦᠩ ᠴᠢᠬᠤᠯᠠᠴᠢᠯᠠᠭᠰᠠᠨ ᠨᠢ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠵᠤ᠂ ᠪᠠᠲᠤᠬᠠᠭᠠᠯᠭ᠎ᠠ ᠳᠤᠮᠳᠠᠳᠤ ᠰᠤᠷᠭᠠᠭᠤᠯᠢ ᠶᠢᠨ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠭᠦᠢᠴᠡᠳ ᠪᠠᠳᠠᠷᠠᠭᠤᠯᠵᠤ᠂ ᠳᠠᠪᠠᠭᠤᠯᠢᠭ ᠢᠶᠠᠨ ᠢᠯᠡᠷᠡᠭᠦᠯᠥᠨ᠂ ᠳᠤᠲᠠᠭᠳᠠᠯ ᠨᠥᠬᠦᠪᠥᠷᠢᠯᠡᠵᠦ᠂ ᠰᠤᠷᠭᠠᠨ ᠬᠥᠮᠦᠵᠢᠯ ᠤᠨ ᠠᠵᠢᠯ ᠤᠨ ︽ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠤᠯᠠᠮ ᠨᠢᠭᠡ ᠠᠯᠬᠤᠮ ᠳᠠᠪᠰᠢᠬᠤ︾ ᠶᠢ ᠠᠬᠢᠭᠤᠯᠬᠤ ᠬᠡᠷᠡᠭᠲᠡᠢ᠃ ᠰᠤᠷᠭᠠᠭᠤᠯᠢ ᠶᠢᠨ ᠤᠳᠤᠷᠢᠳᠬᠤ ᠪᠠᠭ ᠲᠦᠷᠦᠭᠦᠯᠡᠨ ᠦᠯᠢᠭᠡᠷ ᠳᠠᠭᠤᠷᠢᠶᠠᠯ ᠪᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠦᠰᠦᠷᠴᠦ ᠪᠠᠶᠢᠭᠠᠳ ᠲᠤᠭᠤᠷ ᠲᠡᠭᠦᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠤᠷᠭᠠᠨ ᠬᠥᠮᠦᠵᠢᠯ ᠢ ︽ᠵᠢᠯ ᠪᠣᠯᠭᠠᠨ ᠳᠠᠪᠰᠢᠯᠳᠡ ᠲᠠᠢ᠂ ᠵᠢᠯ ᠪᠦᠷᠢ ᠬᠤᠪᠢᠷᠠᠯᠲᠠ ᠲᠠᠢ ᠪᠠᠶᠢᠯᠭᠠᠬᠤ︾ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠬᠠᠷᠢᠯᠴᠠᠭ᠎ᠠ ᠪᠠ ᠠᠮᠤᠷ ᠲᠦᠪᠰᠢᠨ ᠤ ᠡᠮᠬᠢ ᠳᠢᠭᠯᠢᠮ᠂ ᠢᠳᠡᠭᠡᠨ ᠤ ᠠᠮᠤᠷ ᠲᠦᠪᠰᠢᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠵᠡᠷᠭᠡ ᠠᠵᠢᠯ ᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠶ ᠭᠡᠪᠡ᠃      ᠳᠡᠳ᠋ ᠬᠤᠰᠢᠭᠤᠨ ᠳᠠᠷᠤᠭ᠎ᠠ ᠯᠢᠦ ᠯᠢᠶᠠᠩ ᠵᠢᠴᠢ ᠵᠠᠰᠠᠭ ᠤᠨ ᠣᠷᠳᠣᠨ ᠤ ᠠᠯᠪᠠᠨ ᠬᠡᠷ᠂ ᠰᠤᠷᠭᠠᠨ ᠬᠥᠮᠦᠵᠢᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠡᠭᠡᠷᠡᠬᠢ ᠠᠵᠢᠯᠯᠠᠭ᠎ᠠ ᠳᠤ ᠣᠷᠣᠯᠴᠠᠵᠠᠶ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号