ᠰᠢ ᠾᠧ ᠰᠢᠶᠠᠩ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠭᠡᠨ ᠵᠠᠰᠠᠬᠤ ᠰᠢᠰᠲ᠋ᠧᠮ  ᠳᠤ ᠣᠷᠣᠭᠤᠯᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/9/15
      ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 2024 ᠣᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠭᠡᠨ ᠵᠠᠰᠠᠬᠤ ᠠᠵᠢᠯ ᠤᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠪᠠ᠃ 9 ᠰᠠᠷ᠎ᠠ ᠶᠢᠨ 14 ᠤ ᠡᠳᠦᠷ᠂ ᠰᠢ ᠾᠧ ᠰᠢᠶᠠᠩ ᠪᠦᠬᠦ ᠤᠯᠤᠰ ᠤᠨ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠭᠡᠨ ᠵᠠᠰᠠᠬᠤ ᠮᠡᠳᠡᠭᠡ ᠵᠠᠩᠭᠢ ᠶᠢᠨ ᠰᠢᠰᠲ᠋ᠧᠮ ᠤᠨ ᠬᠥᠳᠡᠯᠦᠩᠭᠦᠢ ᠬᠢᠨᠠᠨ ᠬᠡᠮᠵᠢᠯᠲᠡ ᠶᠢᠨ ᠬᠡᠰᠡᠭ  ᠲᠤ  ᠣᠷᠣᠭᠤᠯᠬᠤ ᠠᠵᠢᠯ ᠢ ᠥᠷᠨᠢᠭᠦᠯᠪᠡ᠃    ᠰᠢ ᠾᠧ ᠰᠢᠶᠠᠩ ᠤᠨ ᠠᠵᠢᠯᠯᠠᠬᠤ ᠳᠤᠭᠤᠶᠢᠯᠠᠩ ᠲᠤᠬᠠᠶ ᠶᠢᠨ ᠭᠠᠵᠠᠷ ᠲᠤ ᠭᠦᠨᠵᠡᠭᠡᠶᠢᠷᠡᠨ᠂ ᠶᠠᠳᠠᠭᠤ ᠠᠴᠠ ᠠᠩᠭᠢᠵᠢᠷᠠᠭᠰᠠᠨ ᠠᠶᠢᠯ  ᠢ ᠡᠷᠦᠬᠡ ᠳᠠᠷᠠᠭᠠᠯᠠᠨ ᠰᠤᠷᠪᠤᠯᠵᠢᠯᠠᠨ ᠪᠠᠶᠢᠴᠠᠭᠠᠵᠤ᠂ ᠬᠡᠷ ᠪᠠᠶᠢᠰᠢᠩ ᠤᠨ ᠭᠠᠵᠠᠷ ᠵᠦᠶ ᠶᠢᠨ ᠪᠠᠶᠢᠷᠢᠯᠠᠯ᠂ ᠪᠠᠷᠢᠯᠭ᠎ᠠ ᠶᠢᠨ ᠲᠠᠯᠠᠪᠠᠶ᠂ ᠪᠦᠲᠦᠴᠡ ᠶᠢᠨ ᠲᠥᠷᠥᠯ ᠬᠡᠯᠪᠡᠷᠢ᠂ ᠬᠡᠷᠡᠭᠯᠡᠭᠰᠡᠨ ᠪᠠᠶᠢᠳᠠᠯ᠂ ᠪᠠᠷᠢᠭᠰᠠᠨ ᠴᠠᠭ ᠂ ᠳᠠᠪᠬᠤᠷᠭ᠎ᠠ ᠶᠢᠨ ᠲᠤᠭ᠎ᠠ ᠵᠢᠴᠢ ᠬᠡᠷ ᠪᠠᠶᠢᠰᠢᠩ ᠤᠨ ᠠᠮᠤᠷ ᠲᠦᠪᠰᠢᠨ ᠤ ᠪᠠᠶᠢᠳᠠᠯ ᠢ ᠪᠥᠬᠦ ᠲᠠᠯ᠎ᠠ ᠪᠠᠷ ᠡᠵᠡᠮᠰᠢᠪᠡ᠃ ᠵᠢᠭᠰᠠᠭᠠᠨ ᠪᠠᠶᠢᠴᠠᠭᠠᠬᠤ ᠶᠠᠪᠤᠴᠠ ᠳᠤ᠂ ᠠᠵᠢᠯᠲᠠᠳ ᠬᠡᠷ ᠪᠠᠶᠢᠰᠢᠩ ᠤᠨ ᠭᠤᠤᠯ ᠴᠣᠭᠴᠠ ᠶᠢᠨ ᠪᠦᠲᠦᠴᠡ ᠶᠢ ᠭᠤᠤᠯᠳᠠᠯᠭ᠎ᠠ ᠲᠠᠢ ᠠᠩᠬᠠᠷᠴᠤ᠂ ᠬᠡᠷᠡᠮ ᠬᠠᠨ᠎ᠠ ᠶᠢᠨ ᠬᠠᠭᠤᠴᠢᠷᠠᠭᠰᠠᠨ ᠡᠰᠡᠬᠦ᠂ ᠠᠩ ᠴᠠᠪᠠ ᠢᠯᠡᠷᠬᠡᠶ ᠡᠰᠡᠬᠦ᠂ ᠬᠡᠷ ᠤᠨ ᠣᠷᠣᠶ ᠶᠢᠨ ᠤᠰᠤ ᠭᠤᠭᠤᠵᠢᠭᠰᠠᠨ ᠡᠰᠡᠬᠦ ᠵᠡᠷᠭᠡ ᠠᠮᠤᠷ ᠲᠦᠪᠰᠢᠨ ᠤ ᠳᠠᠯᠳᠠ ᠬᠡᠮ ᠢ ᠨᠠᠷᠢᠨ ᠨᠢᠮᠪᠠᠶ ᠪᠠᠶᠢᠴᠠᠭᠠᠨ ᠦᠵᠡᠪᠡ᠃ ᠵᠢᠭᠰᠠᠭᠠᠨ ᠪᠠᠶᠢᠴᠠᠭᠠᠭᠰᠠᠨ ᠤ ᠳᠠᠷᠠᠭ᠎ᠠ᠂ ᠠᠵᠢᠯᠲᠠᠳ ᠪᠠᠰᠠ ᠡᠷᠦᠬᠡ ᠳᠠᠷᠠᠭᠠᠯᠠᠨ ᠶᠠᠳᠠᠭᠤ ᠠᠴᠠ ᠠᠩᠭᠢᠵᠢᠷᠠᠭᠰᠠᠨ ᠡᠷᠦᠬᠡ ᠲᠠᠢ ᠲᠤᠳᠤᠨᠤᠰᠤᠭ ᠢᠶᠠᠷ ᠶᠠᠷᠢᠯᠴᠠᠵᠤ᠂ ᠬᠠᠷᠢᠶ᠎ᠠ ᠣᠷᠣᠨ ᠤ ᠪᠠᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠠᠮᠢᠳᠤᠷᠠᠯ ᠤᠨ ᠪᠠᠶᠢᠳᠠᠯ ᠢ ᠣᠶᠢᠯᠠᠭᠠᠪᠠ᠃ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠲᠠᠢ ᠠᠵᠢᠯᠲᠠᠳ ᠤᠲᠠᠰᠤ ᠪᠠᠷ ᠰᠤᠷᠪᠤᠯᠵᠢᠯᠠᠬᠤ ᠬᠡᠯᠪᠡᠷᠢ ᠪᠠᠷ ᠲᠡᠳᠡᠨ ᠤ ᠣᠷᠣᠨ ᠰᠠᠭᠤᠴᠠ᠂ ᠠᠮᠢᠳᠤᠷᠠᠯ ᠵᠡᠷᠭᠡ ᠪᠠᠶᠢᠳᠠᠯ ᠢ ᠣᠶᠢᠯᠠᠭᠠᠪᠠ᠃      ᠲᠠᠷᠠᠭᠠᠴᠢ ᠶᠢᠨ ᠠᠯᠬᠤᠮ ᠳᠤ᠂ ᠰᠢ ᠾᠧ ᠰᠢᠶᠠᠩ ᠪᠥᠬᠦ ᠤᠯᠤᠰ ᠤᠨ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠭᠡᠨ ᠵᠠᠰᠠᠬᠤ ᠮᠡᠳᠡᠭᠡ ᠵᠠᠩᠭᠢ ᠶᠢᠨ ᠲᠠᠪᠴᠠᠩ ᠢ ᠦᠷᠭᠦᠯᠵᠢᠯᠡᠨ ᠥᠨᠳᠥᠷ ᠪᠦᠲᠦᠮᠵᠢᠲᠡᠶ ᠪᠠᠷ ᠬᠡᠷᠡᠭᠯᠡᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠰ ᠤᠨ ᠣᠷᠣᠨ ᠰᠠᠭᠤᠴᠠ ᠶᠢᠨ ᠬᠢᠨᠠᠨ ᠬᠡᠮᠵᠢᠯᠲᠡ ᠶᠢᠨ ᠪᠠᠶᠢᠳᠠᠯ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠰᠢᠨᠡᠳᠬᠡᠨ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ  ᠢᠯᠡ  ᠲᠤᠳᠤ᠂ ᠲᠤᠭ᠎ᠠ ᠪᠠᠷᠢᠮᠲᠠ ᠨᠢ ᠣᠨᠣᠪᠴᠢᠲᠠᠶ ᠪᠠᠶᠢᠬᠤ ᠶᠢ ᠦᠨᠡᠨ ᠬᠦ ᠪᠡᠶᠡᠯᠡᠭᠦᠯᠵᠦ ᠂ ᠪᠥᠬᠦ ᠬᠦᠴᠦᠨ ᠢᠶᠠᠷ ᠢᠶᠠᠨ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠨᠠᠩ ᠠᠮᠤᠷ ᠲᠦᠪᠰᠢᠨ ᠣᠷᠣᠨ ᠰᠠᠭᠤᠴᠠ ᠶᠢᠨ ᠣᠷᠴᠢᠨ ᠨᠥᠬᠦᠴᠡᠯ ᠢ  ᠪᠣᠶ ᠪᠣᠯᠭᠠᠵᠤ ᠥᠭᠭᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号