︽ᠪᠠᠭᠰᠢ ᠶᠢᠨ ᠬᠠᠤᠯᠢ︾᠂ ︽ᠪᠠᠭᠰᠢ ᠶᠢᠨ ᠬᠢᠷᠢ ᠬᠡᠮ ᠤᠨ ᠳᠦᠷᠢᠮ︾᠂ ︽ᠰᠤᠷᠭᠠᠨ ᠬᠥᠮᠥᠵᠢᠯ ᠤᠨ | ᠶᠠᠮᠤᠨ ︿ᠪᠠᠭᠰᠢ ᠶᠢᠨ ᠬᠢᠷᠢ ᠬᠡᠮ ᠤᠨ ᠳᠦᠷᠢᠮ﹀ ᠢ ᠲᠤᠭᠤᠰᠢᠯᠠᠭᠤᠯᠬᠤ ᠬᠡᠷᠡᠭᠵᠢᠭᠦᠯᠬᠦ ᠠᠷᠭ᠎ᠠ ᠶᠢᠨ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠨᠠᠯ︾᠂ ︽ᠰᠤᠷᠭᠠᠨ ᠬᠥᠮᠥᠵᠢᠯ ᠤᠨ ᠶᠠᠮᠤᠨ ᠤ ᠪᠠᠭᠰᠢ ᠶᠢᠨ | ᠬᠢᠷᠢ ᠬᠡᠮ ᠢ ᠮᠠᠭᠠᠳᠯᠠᠨ ᠲᠣᠭᠲᠠᠭᠠᠬᠤ ᠵᠢᠯᠤᠭᠤᠳᠬᠤ ᠲᠥᠪ ᠤᠨ ︿2024 ᠣᠨ ᠤ ᠪᠠᠭᠰᠢ ᠶᠢᠨ ᠬᠢᠷᠢ ᠬᠡᠮ ᠤᠨ | ᠳᠦᠷᠢᠮ ᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠪᠠᠭᠰᠢ ᠬᠢᠷᠢ ᠦᠰᠦᠭ ﹇2022﹈ 1 | ᠳ᠋ᠤᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠪᠠ ᠤᠯᠤᠰ᠂ ᠥᠪᠡᠷᠲᠡᠭᠡᠨ ᠵᠠᠰᠠᠬᠤ ᠣᠷᠣᠨ ᠤ | ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠤᠨ ᠨᠥᠬᠦᠪᠦᠷᠢᠯᠡᠨ ᠲᠡᠭᠦᠯᠳᠡᠷᠵᠢᠭᠦᠯᠬᠦ ᠰᠢᠨ᠎ᠡ | ᠲᠥᠷᠥ ᠶᠢᠨ ᠪᠣᠳᠣᠯᠭ᠎ᠠ ᠪᠠ ᠰᠢᠨ᠎ᠡ ᠱᠠᠭᠠᠷᠳᠠᠯᠭ᠎ᠠ ᠶᠣᠰᠣᠭᠠᠷ᠂ ᠡᠳᠦᠭᠡ ᠪᠥᠬᠦ ᠣᠷᠣᠨ ᠤ 2024 ᠣᠨ ᠤ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠤᠨ ᠬᠤᠯᠪᠣᠭᠳᠠᠯ | ᠪᠦᠬᠦᠢ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠮᠠᠭᠠᠳᠯᠠᠨ ᠲᠤᠭᠲᠠᠭᠠᠬᠤ | ᠬᠥᠮᠦᠰ ᠤᠨ ᠬᠡᠪᠴᠢᠶ᠎ᠡ | ︵ᠨᠢᠭᠡ︶ ᠡᠷᠦᠬᠡ ᠠᠮᠠ ᠶᠢᠨ ᠳᠠᠩᠰᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠪᠠᠶᠢᠬᠤ ᠬᠦᠮᠦᠰ᠃ | ︵ᠬᠤᠶᠠᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠰᠢᠨ ᠰᠠᠭᠤᠬᠤ ᠦᠨᠡᠮᠯᠡᠯ ᠲᠠᠢ | ᠪᠥᠭᠡᠳ ᠬᠦᠴᠦᠨ ᠪᠦᠬᠦᠢ ᠬᠤᠭᠤᠴᠠᠭᠠᠨ ᠳᠤ ᠪᠠᠶᠢᠭ᠎ᠠ ᠭᠠᠳᠠᠷ ᠮᠤᠵᠢ ᠬᠤᠲᠠ ᠶᠢᠨ ᠡᠷᠦᠬᠡ ᠠᠮᠠ ᠪᠦᠬᠦᠢ ᠬᠦᠮᠦᠰ᠃ | ︵ᠲᠠᠶᠢᠯᠪᠤᠷᠢ᠄ ᠲᠦᠷ ᠴᠠᠭ ᠰᠠᠭᠤᠬᠤ ᠦᠨᠡᠮᠯᠡᠯ᠂ ᠲᠦᠷ ᠰᠠᠭᠤᠬᠤ ᠦᠨᠡᠮᠯᠡᠯ᠂ ᠣᠷᠣᠰᠢᠨ ᠰᠠᠭᠤᠬᠤ ᠦᠨᠡᠮᠯᠡᠯ | ᠵᠡᠷᠭᠡ ᠴᠥᠮ ᠬᠦᠴᠦᠨ ᠪᠦᠬᠦᠢ ᠬᠤᠭᠤᠴᠠᠭᠠᠨ ᠳᠤ ᠰᠠᠭᠤᠬᠤ ᠦᠨᠡᠮᠯᠡᠯ ᠲᠠᠢ ᠲᠡᠩᠴᠡᠬᠦ ᠦᠭᠡᠢ᠂ ᠣᠷᠣᠯᠠᠨ | ᠬᠡᠷᠡᠭᠯᠡᠵᠦ ᠪᠣᠯᠬᠤ ᠦᠭᠡᠢ︶᠃ | ︵ᠭᠤᠷᠪᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠭᠠᠷ ᠤᠨ ᠦᠰᠦᠭ ᠵᠢᠷᠤᠵᠤ | ᠣᠯᠭᠤᠭᠰᠠᠨ ᠰᠢᠶᠠᠩᠭᠠᠩ ᠣᠤᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ ᠲᠠᠢ | ᠪᠥᠭᠡᠳ ᠬᠦᠴᠦᠨ ᠲᠠᠢ ᠬᠤᠭᠤᠴᠠᠭᠠᠨ ᠳᠤ ᠪᠠᠶᠢᠭ᠎ᠠ ᠬᠥᠮᠦᠰ᠂ ᠰᠢᠶᠠᠩᠭᠠᠩ ᠣᠤᠮᠧᠨ ᠤ ᠰᠠᠭᠤᠭᠠᠯᠢ ᠠᠷᠠᠳ ᠳᠣᠲᠣᠷ | ᠭᠠᠵᠠᠷ ᠣᠴᠢᠵᠤ ᠨᠡᠪᠲᠡᠷᠡᠬᠦ ᠦᠨᠡᠮᠯᠡᠯ ᠲᠠᠢ ᠪᠤᠶᠤ 5 ᠵᠢᠯ ᠤᠨ ᠬᠦᠴᠦᠨ ᠲᠠᠢ ᠬᠤᠭᠤᠴᠠᠭᠠᠨ ᠳᠤ ᠲᠠᠶᠢᠸᠠᠨ ᠤ | ᠰᠠᠭᠤᠭᠠᠯᠢ ᠠᠷᠠᠳ ᠡᠬᠡ ᠬᠠᠭᠤᠷᠠᠶ ᠳᠤ ᠢᠷᠡᠵᠦ ᠶᠠᠪᠤᠬᠤ ᠦᠨᠡᠮᠯᠡᠯ ᠲᠠᠢ ᠰᠢᠶᠠᠩᠭᠠᠩ ᠣᠤᠮᠧᠨ ᠲᠠᠶᠢᠸᠠᠨ ᠤ | ᠬᠥᠮᠦᠰ ᠃ | ︵ᠲᠦᠷᠪᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠬᠢ ᠶᠢᠨ | ᠠᠯᠪᠠᠨ ᠴᠡᠷᠢᠭ᠂ ᠵᠡᠪᠰᠡᠭᠲᠦ ᠴᠠᠭᠳᠠᠭ᠎ᠠ᠃ | ᠬᠤᠶᠠᠷ᠂ ᠮᠠᠭᠠᠳᠯᠠᠨ ᠲᠣᠭᠲᠠᠭᠠᠬᠤ ᠨᠥᠬᠦᠴᠡᠯ | ᠤᠯᠤᠰ ᠤᠨ ᠬᠠᠤᠯᠢ ᠳᠤ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠳᠤ ᠬᠦᠷᠦᠭᠡᠳᠦᠶ | ᠬᠥᠮᠥᠰ᠂ ︽ᠪᠠᠭᠰᠢ ᠶᠢᠨ ᠬᠢᠷᠢ ᠭᠡᠮ ᠤᠨ ᠳᠦᠷᠢᠮ︾ ᠳᠤ ᠲᠣᠭᠲᠠᠭᠠᠭᠰᠠᠨ ᠳᠣᠤᠷᠠᠬᠢ ᠦᠨᠡᠮᠰᠢᠬᠦ ᠨᠥᠬᠦᠴᠡᠯ ᠳᠤ | ᠨᠡᠶᠢᠴᠡᠭᠰᠡᠨ ᠪᠠᠶᠢᠬᠤ ᠬᠡᠷᠡᠭᠲᠡᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠠᠭᠰᠢ ᠶᠢᠨ ᠬᠢᠷᠢ ᠭᠡᠮ ᠢ | ᠮᠠᠭᠠᠳᠯᠠᠨ ᠲᠣᠭᠲᠠᠭᠠᠬᠤ ᠪᠠᠷ ᠭᠤᠶᠤᠴᠢᠯᠠᠵᠤ ᠪᠣᠯᠤᠨ᠎ᠠ᠃ | ︵ᠨᠢᠭᠡ︶ ᠦᠵᠡᠯ ᠰᠬᠠᠭ᠎ᠠ ᠶᠤᠰᠤ ᠮᠤᠷᠡᠯ ᠤᠨ ᠨᠦᠬᠦᠴᠡᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠡᠬᠡ ᠤᠯᠤᠰ ᠢᠶᠠᠨ | ᠬᠠᠶᠢᠷᠠᠯᠠᠵᠤ᠂ ᠨᠠᠮ ᠤᠨ ᠦᠨᠳᠦᠰᠦᠨ ᠱᠤᠭᠤᠮ ᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠰᠠᠶᠢᠨ ᠰᠠᠶᠢᠬᠠᠨ ᠤᠯᠤᠰ ᠲᠦᠷᠦ ᠶᠢᠨ ᠬᠡᠪ | ᠴᠢᠨᠠᠷ ᠪᠠ ᠶᠣᠰᠣ ᠮᠣᠷᠠᠯ ᠵᠠᠩ ᠴᠢᠨᠠᠷ ᠲᠠᠢ ᠪᠠᠶᠢᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠵᠤ᠂ | ᠰᠤᠷᠭᠠᠨ ᠬᠥᠮᠦᠵᠢᠯ ᠤᠨ ᠦᠢᠯᠡᠰ ᠢ ᠬᠠᠶᠢᠷᠠᠯᠠᠵᠤ᠂ ︽ᠪᠠᠭᠰᠢ ᠶᠢᠨ ᠬᠠᠤᠯᠢ︾ ᠳᠤ ᠲᠣᠭᠲᠠᠭᠠᠭᠰᠠᠨ ᠡᠭᠦᠷᠭᠡ ᠶᠢ | ᠭᠦᠢᠴᠡᠳᠬᠡᠵᠦ᠂ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠢ ᠵᠢᠷᠤᠮᠯᠠᠨ᠎ᠠ᠃ | ︵ᠬᠤᠶᠠᠷ︶ ᠰᠤᠷᠤᠯᠭ᠎ᠠ ᠶᠢᠨ ᠨᠠᠮᠲᠠᠷ ᠤᠨ ᠨᠦᠬᠦᠴᠡᠯ | ︽ᠰᠤᠷᠭᠠᠨ ᠬᠥᠮᠦᠵᠢᠯ ᠤᠨ ᠶᠠᠮᠤᠨ ᠤ ︿ᠪᠠᠭᠰᠢ ᠶᠢᠨ ᠬᠢᠷᠢ ᠭᠡᠮ ᠤᠨ ᠳᠦᠷᠢᠮ﹀ ᠢ ᠲᠤᠭᠤᠰᠢᠯᠠᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ︾ ︵ᠥᠪᠥᠷ ᠰᠤᠷᠭᠠᠨ | ᠲᠠᠷᠬᠠᠭᠠᠭᠰᠠᠨ ﹇2002﹈ 64 ᠳ᠋ᠦ᠋ᠭᠡᠷ ᠲᠣᠭᠠᠲᠤ︶ ᠶᠢᠨ ᠶᠣᠰᠣᠭᠠᠷ ᠵᠣᠬᠢᠴᠠᠩᠭᠤᠶ ᠰᠤᠷᠤᠯᠴᠠᠭᠰᠠᠨ ᠨᠠᠮᠲᠠᠷ ᠢ | ᠬᠡᠷᠡᠭᠵᠢᠭᠦᠯᠬᠦ ᠬᠡᠷᠡᠭᠲᠡᠶ᠃ | ︵ᠭᠤᠷᠪᠠ︶ ᠰᠢᠯᠭᠠᠯᠲᠠ ᠳᠤ ᠬᠤᠯᠪᠣᠭᠳᠠᠬᠤ ᠨᠦᠭᠦᠴᠡᠯ | ᠳᠣᠣᠷᠠᠬᠢ ᠨᠥᠬᠦᠴᠡᠯ ᠤᠨ ᠨᠢᠭᠡ ᠳᠤᠨᠢ ᠨᠡᠶᠢᠴᠡᠬᠦ ᠬᠡᠷᠡᠭᠲᠡᠢ᠄ | 1. 2020 ᠣᠨ ᠵᠢᠴᠢ ᠥᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠶᠢᠨ ᠲᠤᠰᠬᠠᠶ | ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠪᠥᠭᠡᠳ ᠠᠩᠬ᠎ᠠ ᠤᠳᠠᠭ᠎ᠠ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠪᠠᠷ ᠭᠤᠶᠤᠴᠢᠯᠠᠪᠠ᠃ | 2. ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠰᠢᠯᠭᠠᠯᠲᠠ ᠬᠢᠬᠦ᠂ | ᠪᠢᠷ ᠤᠨ ᠰᠢᠯᠭᠠᠯᠲᠠ ᠬᠢᠬᠦ᠂ ᠨᠢᠭᠤᠷᠳᠠᠨ ᠰᠢᠯᠭᠠᠬᠤ ᠳᠤ ᠴᠥᠮ ᠬᠢᠷᠢ ᠲᠡᠩᠴᠡᠵᠦ᠂ ︽ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠰᠢᠯᠭᠠᠯᠲᠠ ᠳᠤ ᠬᠢᠷᠢ ᠲᠡᠩᠴᠡᠭᠰᠡᠨ ᠭᠡᠷᠡᠴᠢ︾ ᠣᠯᠤᠭᠰᠠᠨ ᠪᠥᠭᠡᠳ | ᠬᠦᠴᠦᠨ ᠲᠠᠢ ᠬᠤᠭᠤᠴᠠᠭᠠᠨ ᠳᠤ ᠪᠠᠭᠲᠠᠨ᠎ᠠ᠃ | 3. ᠰᠤᠷᠭᠠᠨ ᠬᠥᠮᠦᠵᠢᠯ ᠤᠨ ᠲᠥᠷᠥᠯ ᠤᠨ ᠠᠰᠫᠢᠷᠠᠨᠲ ᠪᠠ ᠪᠠᠭᠰᠢ ᠶᠢᠨ ᠮᠡᠷᠭᠡᠵᠢᠯ ᠤᠨ ᠰᠣᠷᠣᠭᠴᠢ ᠶᠢ | ᠰᠢᠯᠭᠠᠬᠤ ᠦᠭᠡᠢ ᠪᠠᠷ ᠮᠠᠭᠠᠳᠯᠠᠨ ᠲᠣᠭᠲᠠᠭᠠᠬᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ | ᠥᠭᠡᠷᠡᠴᠢᠯᠡᠯᠲᠡ ᠶᠢᠨ ᠲᠣᠭᠲᠠᠭᠠᠯ ᠢ ᠦᠨᠳᠦᠰᠦᠯᠡᠪᠡᠯ᠂ ᠰᠢᠯᠭᠠᠬᠤ ᠦᠭᠡᠢ ᠪᠠᠷ ᠮᠠᠭᠠᠳᠯᠠᠨ ᠲᠣᠭᠲᠠᠭᠠᠬᠤ | ᠬᠡᠪᠴᠢᠶᠡᠨ ᠳᠤ ᠪᠠᠭᠲᠠᠬᠤ ᠪᠥᠭᠡᠳ ︽ᠪᠠᠭᠰᠢ ᠶᠢᠨ ᠮᠡᠷᠭᠡᠵᠢᠯ ᠤᠨ ᠰᠣᠷᠣᠭᠴᠢ ᠪᠠᠭᠰᠢ ᠶᠢᠨ ᠠᠵᠢᠯ ᠮᠡᠷᠭᠡᠵᠢᠯ ᠤᠨ | ᠴᠢᠳᠠᠪᠤᠷᠢ ᠶᠢᠨ ᠦᠨᠡᠮᠯᠡᠯ︾ ᠣᠯᠣᠭᠰᠠᠨ ᠮᠥᠷᠲᠡᠭᠡᠨ ᠬᠦᠴᠦᠨ ᠲᠠᠢ ᠬᠤᠭᠤᠴᠠᠭᠠᠨ ᠳᠤ ᠪᠠᠭᠲᠠᠨ᠎ᠠ᠃ | ︵ᠲᠦᠷᠪᠡ︶ ᠪᠠᠷᠢᠮᠵᠢᠶ᠎ᠠ ᠬᠡᠯᠡ ᠶᠢᠨ ᠬᠢᠷᠢ ᠬᠡᠮᠵᠢᠶ᠎ᠡ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ | ︾ ᠶᠢᠨ ᠠᠷᠪᠠ ᠶᠢᠰᠦᠳᠦᠭᠡᠷ ᠵᠦᠢᠯ ᠤᠨ ︵ᠬᠤᠶᠠᠷ︶ ᠳ᠋ᠤᠭᠠᠷ ᠵᠤᠷᠪᠤᠰ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ | ᠃ | ︵ᠲᠠᠪᠤ︶ ᠪᠡᠶ᠎ᠡ ᠮᠠᠬᠠᠪᠣᠳ ᠤᠨ ᠨᠥᠬᠦᠴᠡᠯ | ᠪᠡᠶ᠎ᠡ ᠮᠠᠬᠠᠪᠣᠳ ᠤᠨ ᠬᠡᠪ ᠴᠢᠨᠠᠷ ᠪᠠ ᠰᠡᠳᠬᠢᠴᠡ ᠶᠢᠨ ᠬᠡᠪ ᠴᠢᠨᠠᠷ ᠢᠶᠠᠷ ᠰᠠᠶᠢᠨ ᠪᠠᠶᠢᠵᠤ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠬᠡᠷᠡᠭᠴᠡᠭᠡ ᠳᠤ ᠵᠤᠬᠢᠴᠠᠵᠦ ᠴᠢᠳᠠᠳᠠᠭ᠃ ᠬᠠᠯᠳᠠᠪᠤᠷᠢᠯᠠᠬᠤ ᠴᠢᠨᠠᠷᠲᠠᠶ | ᠡᠪᠡᠳᠴᠢᠨ ᠦᠭᠡᠶ᠂ ᠰᠣᠯᠢᠶ᠎ᠠ ᠡᠪᠡᠳᠴᠢᠨ ᠤ ᠲᠡᠦᠬᠡ ᠦᠭᠡᠶ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠭᠰᠢ ᠶᠢᠨ ᠬᠢᠷᠢ ᠭᠡᠮ ᠤᠨ ᠬᠥᠮᠦᠰ ᠤᠨ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ᠵᠢᠴᠢ ᠠᠷᠭ᠎ᠠ︾᠂ | ︽ᠬᠡᠦᠬᠡᠳ ᠤᠨ ᠴᠡᠴᠡᠷᠯᠢᠭ ᠤᠨ ᠪᠠᠭᠰᠢ ᠶᠢᠨ ᠬᠢᠷᠢ ᠭᠡᠮ ᠢ ᠮᠠᠭᠠᠳᠯᠠᠨ ᠲᠣᠭᠲᠠᠭᠠᠬᠤ ᠪᠠᠷ ᠭᠤᠶᠤᠴᠢᠯᠠᠬᠤ | ᠪᠠᠷᠢᠮᠵᠢᠶ᠎ᠠ ᠶᠢ ᠲᠣᠬᠢᠷᠠᠭᠤᠯᠬᠤ ᠲᠤᠬᠠᠶ ᠮᠡᠳᠡᠭᠳᠡᠯ︾ ᠶᠣᠰᠣᠭᠠᠷ᠂ ᠪᠠᠭᠰᠢ ᠶᠢᠨ ᠬᠢᠷᠢ ᠭᠡᠮ ᠢ ᠮᠠᠭᠠᠳᠯᠠᠨ | ᠲᠣᠭᠲᠠᠭᠠᠬᠤ ᠪᠠᠶᠢᠭᠤᠯᠤᠮᠵᠢ ᠶᠢᠨ ᠵᠢᠭᠠᠨ ᠲᠣᠭᠲᠠᠭᠠᠭᠰᠠᠨ ᠰᠢᠶᠠᠨ ᠤ ᠱᠠᠲᠤᠨ ᠠᠴᠠ ᠳᠡᠭᠡᠭᠰᠢᠬᠢ ᠡᠮᠨᠡᠯᠭᠡ ᠶᠢᠨ | ᠬᠤᠷᠢᠶ᠎ᠠ ᠶᠢᠨ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠶ᠃ | ︵ᠵᠢᠷᠭᠤᠭ᠎ᠠ︶ ᠰᠢᠨᠵᠢᠯᠡᠭᠡᠨ ᠤ ᠰᠠᠯᠠᠭ᠎ᠠ ᠳᠤ ᠪᠠᠭᠰᠢᠯᠠᠬᠤ᠂ ᠵᠢᠭᠠᠨ ᠰᠤᠷᠭᠠᠬᠤ ᠱᠠᠲᠤᠨ ᠳᠤ ᠪᠠᠭᠰᠢᠯᠠᠬᠤ | 1. ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠳᠤ ᠬᠢᠷᠢ ᠲᠡᠩᠴᠡᠭᠰᠡᠨ | ᠭᠡᠷᠡᠴᠢ︾ ᠪᠤᠶᠤ ︽ᠪᠠᠭᠰᠢ ᠶᠢᠨ ᠮᠡᠷᠭᠡᠵᠢᠯ ᠤᠨ ᠣᠶᠤᠲᠠᠳ ᠤᠨ ᠪᠠᠭᠰᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ | ᠦᠨᠡᠮᠯᠡᠯ︾ ᠲᠠᠢ ᠮᠠᠭᠠᠳᠯᠠᠨ ᠲᠣᠭᠲᠠᠭᠠᠯᠭᠠᠬᠤ ᠪᠠᠷ ᠭᠤᠶᠤᠴᠢᠯᠠᠪᠠᠯ᠂ ᠪᠠᠭᠰᠢᠯᠠᠬᠤ ᠰᠢᠨᠵᠢᠯᠡᠭᠡ᠂ ᠪᠠᠭᠰᠢᠯᠠᠬᠤ | ᠰᠤᠷᠤᠯᠭ᠎ᠠ ᠶᠢᠨ ᠱᠠᠲᠤ ᠨᠢ ᠡᠷᠬᠡᠪᠰᠢ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ | ᠰᠢᠯᠭᠠᠯᠲᠠ ᠳᠤ ᠬᠢᠷᠢ ᠲᠡᠩᠴᠡᠭᠰᠡᠨ ᠭᠡᠷᠡᠴᠢ︾ ᠪᠤᠶᠤ ︽ᠪᠠᠭᠰᠢ ᠶᠢᠨ ᠮᠡᠷᠭᠡᠵᠢᠯ ᠤᠨ ᠣᠶᠤᠲᠠᠳ ᠤᠨ ᠪᠠᠭᠰᠢ ᠶᠢᠨ | ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠡᠯ︾ ᠲᠠᠢ ᠨᠢᠭᠡᠳᠦᠯᠲᠡᠢ ᠪᠠᠶᠢᠯᠭᠠᠬᠤ ᠬᠡᠷᠡᠭᠲᠡᠶ᠃ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠤᠨ ᠳᠦᠷᠢᠮᠲᠦ ᠡᠩ ᠤᠨ | ᠳᠡᠭᠡᠳᠦ ᠰᠤᠷᠭᠠᠭᠤᠯᠢ ᠶᠢᠨ 2020 ᠣᠨ ᠵᠢᠴᠢ ᠥᠩᠭᠡᠷᠡᠭᠰᠡᠨ ᠳᠤ ᠪᠠᠭᠰᠢ ᠶᠢᠨ ᠮᠡᠷᠭᠡᠵᠢᠯ ᠤᠨ ᠲᠤᠰᠬᠠᠶ | ᠮᠡᠷᠭᠡᠵᠢᠯ ᠠᠴᠠ ᠲᠡᠭᠦᠰᠦᠭᠰᠡᠳ ︵ᠠᠩᠬ᠎ᠠ ᠤᠳᠠᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ | ᠮᠠᠭᠠᠳᠯᠠᠨ ᠲᠣᠭᠲᠠᠭᠠᠬᠤ︶ ᠤᠨ ᠪᠠᠭᠰᠢᠯᠠᠬᠤ ᠰᠢᠨᠵᠢᠯᠡᠭᠡᠨ ᠤ ᠰᠠᠯᠠᠭ᠎ᠠ ᠨᠢ ᠡᠷᠬᠡᠪᠰᠢ ᠰᠤᠷᠤᠯᠴᠠᠵᠤ ᠪᠠᠶᠢᠭ᠎ᠠ | ᠪᠠᠭᠰᠢ ᠶᠢᠨ ᠲᠤᠰᠬᠠᠶ ᠮᠡᠷᠭᠡᠵᠢᠯ ᠯᠦᠭᠡ ᠲᠣᠬᠢᠷᠠᠯᠴᠠᠵᠤ᠂ ᠪᠠᠭᠰᠢᠯᠠᠬᠤ ᠱᠠᠲᠤ ᠨᠢ ᠡᠷᠬᠡᠪᠰᠢ ︽ᠰᠤᠷᠭᠠᠨ | ᠬᠥᠮᠦᠵᠢᠯ ᠤᠨ ᠶᠠᠮᠤᠨ ᠤ ︿ᠪᠠᠭᠰᠢ ᠶᠢᠨ ᠬᠢᠷᠢ ᠬᠡᠮ ᠤᠨ ᠲᠦᠷᠢᠮ﹀ ᠢ ᠲᠤᠭᠤᠰᠢᠯᠠᠭᠤᠯᠬᠤ ᠲᠤᠬᠠᠶ ᠬᠡᠷᠡᠭᠵᠢᠭᠦᠯᠬᠦ | ᠠᠷᠭ᠎ᠠ︾ ︵ᠥᠪᠥᠷ ᠰᠤᠷᠭᠠᠨ ᠲᠠᠷᠬᠠᠭᠠᠭᠰᠠᠨ ﹇2002﹈ 64 ᠳ᠋ᠤᠭᠡᠷ ᠲᠣᠭᠠᠲᠤ︶ ᠤᠨ ᠳᠤᠮᠳᠠ ᠡᠯ᠎ᠡ | ᠰᠤᠷᠤᠯᠭ᠎ᠠ ᠶᠢᠨ ᠱᠠᠲᠤᠨ ᠤ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠭᠤᠷᠪᠠ᠂ ᠨᠡᠷ᠎ᠡ ᠮᠡᠳᠡᠭᠦᠯᠬᠦ ᠴᠤᠪᠤᠷᠠᠯ ᠵᠢᠴᠢ ᠴᠠᠭ ᠤᠨ ᠲᠣᠬᠢᠷᠠᠭᠤᠯᠤᠯᠲᠠ | ︵ᠨᠢᠭᠡ︶ ᠰᠦᠯᠵᠢᠶ᠎ᠡ ᠪᠠᠷ ᠮᠡᠳᠡᠭᠦᠯᠬᠦ | 2024 ᠣᠨ ᠤ ᠳᠣᠤᠷ᠎ᠠ ᠬᠠᠭᠠᠰ ᠵᠢᠯ ᠳᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠨᠢ 2024 ᠣᠨ ᠤ 9 ᠳ᠋ᠦ᠋ᠭᠡᠷ ᠰᠠᠷ᠎ᠠ ᠶᠢᠨ 13 ᠤ ᠡᠳᠦᠷ ᠤᠨ 9᠄ | 00 ᠠᠴᠠ 9 ᠳ᠋ᠦ᠋ᠭᠡᠷ ᠰᠠᠷ᠎ᠠ ᠶᠢᠨ 27 ᠤ ᠡᠳᠦᠷ ᠤᠨ 17᠄ 00 ᠴᠠᠭ ᠪᠣᠯᠤᠨ᠎ᠠ᠃ | ᠨᠥᠬᠦᠴᠡᠯ ᠳᠤ ᠨᠡᠶᠢᠴᠡᠬᠦ ᠭᠤᠶᠤᠴᠢᠯᠠᠭᠴᠢ ᠨᠢ ︽ᠳᠤᠮᠳᠠᠳᠤ ᠤᠯᠤᠰ ᠤᠨ ᠪᠠᠭᠰᠢ ᠶᠢᠨ ᠬᠢᠷᠢ ᠬᠡᠮ ᠤᠨ | ᠰᠦᠯᠵᠢᠶ᠎ᠡ︾ ︵https://www.jszg.edu.cn︶ ᠶᠢ ᠤᠷᠢᠳᠴᠢᠯᠠᠨ ᠰᠤᠷᠪᠤᠯᠵᠢᠯᠠᠵᠤ᠂ ᠰᠦᠯᠵᠢᠶᠡᠨ | ᠥᠷᠲᠡᠭᠡᠨ ᠤ ᠲᠦᠷᠦᠭᠦᠸ ᠨᠢᠭᠤᠷ ᠲᠤ ︽ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ︾ — ︽ | ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ︾ — ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ | ᠲᠣᠪᠴᠢᠳᠠᠨ ᠲᠠᠩᠰᠠᠨ ᠨᠣᠮᠧᠷ ᠢᠶᠠᠷ ᠳᠡᠩᠰᠡᠯᠡᠵᠦ᠂ ᠬᠤᠪᠢ ᠬᠥᠮᠥᠨ ᠤ ᠮᠡᠳᠡᠭᠡ ᠵᠠᠩᠭᠢ ᠶᠢ ᠲᠡᠭᠦᠯᠳᠡᠷᠵᠢᠭᠦᠯᠦᠨ᠂ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠤᠨ ᠳᠣᠲᠣᠷ᠎ᠠ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠪᠣᠯᠣᠨ᠎ᠠ᠃ | ᠭᠤᠶᠤᠴᠢᠯᠠᠭᠴᠢ ᠶᠢᠨ ᠳᠠᠩᠰᠠᠨ ᠨᠣᠮᠧᠷ ᠳᠠᠩᠰᠠᠯᠠᠭᠤᠯᠬᠤ ᠪᠠ ᠮᠡᠳᠡᠭᠦᠯᠦᠭᠰᠡᠨ ᠮᠡᠳᠡᠭᠡ ᠵᠠᠩᠭᠢ ᠶᠢ ᠲᠠᠭᠯᠠᠨ | ᠮᠡᠳᠡᠭᠦᠯᠬᠦ ᠳᠤ᠂ ︽ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠳᠤ ᠭᠤᠶᠤᠴᠢᠯᠠᠭᠴᠢ ᠶᠢᠨ ᠭᠠᠷ ᠳᠡᠪᠲᠡᠷ︾ | ︵︽ᠳᠤᠮᠳᠠᠳᠤ ᠤᠯᠤᠰ ᠤᠨ ᠪᠠᠭᠰᠢ ᠶᠢᠨ ᠬᠢᠷᠢ ᠬᠡᠮ ᠤᠨ ᠰᠦᠯᠵᠢᠶ᠎ᠡ︾ — ︽ᠠᠰᠠᠭᠤᠨ ᠯᠠᠪᠯᠠᠬᠤ ᠦᠢᠯᠡᠴᠢᠯᠡᠭᠡ︾ | ᠂ ︽ᠠᠵᠢᠯᠯᠠᠬᠤ ᠭᠠᠷ ᠳᠡᠪᠲᠡᠷ︾ ᠪᠤᠯᠤᠩ ᠢᠶᠠᠷ ᠯᠠᠪᠯᠠᠯᠲᠠ ᠪᠣᠯᠭᠠᠵᠤ ᠬᠠᠮᠢᠶ᠎ᠠ ᠪᠥᠬᠦᠶ ᠮᠡᠳᠡᠭᠡ ᠵᠠᠩᠭᠢ ᠶᠢ | ᠪᠠᠶᠢᠴᠠᠭᠠᠨ ᠯᠠᠪᠯᠠᠭᠠᠷᠠᠢ︶ ᠢᠶᠠᠷ ᠯᠠᠪᠯᠠᠯᠲᠠ ᠪᠣᠯᠭᠠᠨ᠎ᠠ᠃ | ᠭᠤᠶᠤᠴᠢᠯᠠᠭᠴᠢ ᠠᠴᠠ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠬᠤ ᠬᠤᠯᠪᠣᠭᠳᠠᠯ ᠪᠦᠬᠦᠢ | ᠱᠠᠭᠠᠷᠳᠠᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠤᠨ ᠳᠦᠷᠢᠮᠲᠦ ᠳᠡᠭᠡᠳᠦ | ᠰᠤᠷᠭᠠᠭᠤᠯᠢ ᠶᠢᠨ ᠲᠤᠰ ᠵᠢᠯ ᠤᠨ ᠲᠡᠭᠦᠰᠦᠭᠰᠡᠳ᠂ ᠰᠤᠷᠤᠯᠴᠠᠵᠤ ᠪᠠᠶᠢᠭ᠎ᠠ ᠲᠤᠰᠬᠠᠶ ᠮᠡᠷᠭᠡᠵᠢᠯ ᠤᠨ ᠠᠩᠭᠢ ᠠᠴᠠ | ᠵᠢᠩᠬᠢᠨᠢ ᠠᠩᠭᠢ ᠳᠤ ᠳᠡᠪᠰᠢᠬᠦ ᠰᠤᠷᠤᠭᠴᠢ ᠪᠣᠯᠤᠨ ᠰᠤᠷᠤᠯᠴᠠᠵᠤ ᠪᠠᠶᠢᠭ᠎ᠠ ᠠᠰᠫᠢᠷᠠᠨᠲ ᠪᠣᠯ ᠰᠤᠷᠤᠯᠴᠠᠵᠤ ᠪᠠᠶᠢᠭ᠎ᠠ | ᠰᠤᠷᠭᠠᠭᠤᠯᠢ ᠶᠢᠨ ᠪᠠᠶᠢᠭ᠎ᠠ ᠭᠠᠵᠠᠷ ᠤᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠮᠠᠭᠠᠳᠯᠠᠨ ᠲᠤᠭᠲᠠᠭᠠᠵᠤ ᠪᠣᠯᠤᠨ᠎ᠠ᠂ ᠪᠤᠰᠤᠳ | ᠬᠥᠮᠦᠰ ᠢ ᠡᠷᠦᠬᠡ ᠠᠮᠠ ᠶᠢᠨ ᠪᠠᠶᠢᠭ᠎ᠠ ᠭᠠᠵᠠᠷ᠂ ᠰᠠᠭᠤᠭ᠎ᠠ ᠭᠠᠵᠠᠷ ᠤᠨ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠠᠴᠠ ᠮᠠᠭᠠᠳᠯᠠᠨ ᠲᠤᠭᠲᠠᠭᠠᠨ᠎ᠠ᠃ | ᠣᠨᠴᠠᠭᠠᠶᠢᠯᠠᠨ ᠰᠠᠨᠠᠭᠤᠯᠬᠤ ᠨᠢ᠄ ᠭᠤᠶᠤᠴᠢᠯᠠᠭᠴᠢ ᠠᠴᠠ ᠵᠢᠩᠬᠢᠨᠢ ᠨᠡᠷ᠎ᠡ ᠮᠡᠳᠡᠭᠦᠯᠬᠦ ᠶᠠᠪᠤᠴᠠ ᠳᠠᠬᠢ ︽ | ᠭᠤᠶᠤᠴᠢᠯᠠᠨ ᠮᠡᠳᠡᠭᠦᠯᠵᠦ ᠰᠠᠨᠠᠭᠤᠯᠬᠤ︾ ᠠᠯᠬᠤᠮ ᠳᠠᠷᠠᠭ᠎ᠠ ᠳᠤ ᠰᠣᠩᠭᠤᠭᠰᠠᠨ ᠮᠠᠭᠠᠳᠯᠠᠨ ᠲᠤᠭᠲᠠᠭᠠᠵᠤ | ᠪᠠᠶᠢᠭᠤᠯᠤᠮᠵᠢ ᠶᠢᠨ ︽ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ︾ ᠴᠢᠳᠠᠮᠵᠢ ᠶᠢ ᠨᠠᠷᠢᠨ ᠨᠢᠮᠪᠠᠶ ᠪᠠᠶᠢᠴᠠᠭᠠᠨ | ᠦᠵᠡᠬᠦ ᠬᠡᠷᠡᠭᠲᠡᠶ᠃ ᠮᠠᠭᠠᠳᠯᠠᠨ ᠲᠤᠭᠲᠠᠭᠠᠬᠤ ᠪᠠᠶᠢᠭᠤᠯᠤᠮᠵᠢ ᠬᠡᠷᠪᠡ ︽ᠪᠥᠬᠦ ᠶᠠᠪᠤᠴᠠ ᠶᠢ ᠰᠦᠯᠵᠢᠶ᠎ᠡ ᠪᠠᠷ | ᠭᠦᠢᠴᠡᠳᠭᠡᠬᠦ︾ ᠥᠬᠡᠶ ᠪᠣᠯ᠂ ᠭᠤᠶᠤᠴᠢᠯᠠᠭᠴᠢ ᠡᠷᠬᠡᠪᠰᠢ ᠬᠠᠮᠢᠶ᠎ᠠ ᠪᠥᠬᠦᠶ ᠮᠠᠲ᠋ᠧᠷᠢᠶᠠᠯ ᠢᠶᠠᠨ ᠠᠪᠴᠤ ᠲᠤᠬᠠᠶ ᠶᠢᠨ | ᠲᠠᠯᠠᠪᠤᠷ ᠲᠤ ᠬᠦᠷᠴᠦ ᠬᠢᠨᠠᠨ ᠬᠠᠷᠭᠤᠭᠤᠯᠵᠤ ᠨᠤᠲᠠᠯᠠᠬᠤ ᠬᠡᠷᠡᠭᠲᠡᠶ︔ ᠮᠠᠭᠠᠳᠯᠠᠨ ᠲᠣᠭᠲᠠᠭᠠᠬᠤ ᠪᠠᠶᠢᠭᠤᠯᠤᠮᠵᠢ | ᠬᠡᠷᠪᠡ ᠨᠢᠭᠡᠨᠲᠡ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠨᠡᠪᠲᠡᠷᠡᠭᠦᠯᠪᠡᠯ᠂ | ᠭᠤᠶᠤᠴᠢᠯᠠᠭᠴᠢ ᠨᠢ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠲᠣᠭᠲᠠᠭᠠᠭᠰᠠᠨ ᠴᠠᠭ ᠤᠨ ᠳᠣᠲᠣᠷ᠎ᠠ᠂ ︽ | ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠭᠰᠠᠨ ᠮᠡᠳᠡᠭᠡ ᠵᠠᠩᠭᠢ︾ ᠶᠢᠨ ᠪᠤᠯᠤᠩ ᠤᠨ ︽ᠨᠡᠷ᠎ᠡ ᠮᠡᠳᠡᠭᠦᠯᠦᠭᠰᠡᠨ | ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︾ ᠬᠠᠭᠤᠳᠠᠰᠤ ᠪᠠᠷ ᠳᠠᠮᠵᠢᠭᠤᠯᠤᠨ ᠬᠠᠮᠢᠶ᠎ᠠ ᠪᠥᠬᠦᠶ ᠮᠠᠭᠠᠳᠯᠠᠨ | ᠲᠣᠭᠲᠠᠭᠠᠬᠤ ᠮᠠᠲ᠋ᠧᠷᠢᠶᠠᠯ ᠢ ᠳᠠᠮᠵᠢᠭᠤᠯᠵᠤ᠂ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠠᠵᠢᠯᠲᠠᠨ ᠰᠦᠯᠵᠢᠶᠡᠨ | ᠳᠡᠭᠡᠷ᠎ᠡ ᠬᠢᠨᠠᠨ ᠬᠠᠷᠭᠤᠭᠤᠯᠵᠤ ᠪᠣᠯᠤᠨ᠎ᠠ᠃ | ᠭᠤᠶᠤᠴᠢᠯᠠᠭᠴᠢ ᠠᠴᠠ ︽ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︾ ᠪᠣᠯᠣᠩ ᠤᠨ ︽ | ᠬᠢᠷᠢ ᠬᠡᠮ ᠢ ᠮᠠᠭᠠᠳᠯᠠᠨ ᠲᠣᠭᠲᠠᠭᠠᠭᠰᠠᠨ ᠮᠠᠲ᠋ᠧᠷᠢᠶᠠᠯ ᠢ ᠮᠠᠭᠠᠳᠯᠠᠨ ᠲᠤᠭᠲᠠᠭᠠᠬᠤ ᠪᠠᠶᠢᠳᠠᠯ︾ ᠪᠠ ᠠᠵᠢᠯᠲᠠᠨ ᠤ | ᠦᠯᠡᠳᠡᠭᠡᠭᠰᠡᠨ ᠦᠭᠡ ᠶᠢ ᠴᠠᠭ ᠲᠤᠬᠠᠶ ᠳᠤᠨᠢ ᠪᠠᠶᠢᠴᠠᠭᠠᠨ ᠦᠵᠡᠵᠦ᠂ ᠱᠠᠭᠠᠷᠳᠠᠯᠭ᠎ᠠ ᠶᠣᠰᠣᠭᠠᠷ ᠮᠠᠭᠠᠳᠯᠠᠨ | ᠲᠣᠭᠲᠠᠭᠠᠭᠰᠠᠨ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠪᠤᠶᠤ ᠨᠥᠬᠦᠪᠥᠷᠢᠯᠡᠬᠦ ᠬᠡᠷᠡᠭᠲᠡᠶ᠃ | ︵ᠬᠤᠶᠠᠷ︶ ᠲᠤᠬᠠᠢ ᠶᠢᠨ ᠭᠠᠵᠠᠷ ᠲᠤ ᠨᠢ ᠨᠤᠲᠠᠯᠠᠬᠤ | ᠭᠤᠶᠤᠴᠢᠯᠠᠭᠴᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠪᠠᠨ ᠪᠡᠶᠡᠯᠡᠭᠦᠯᠦᠭᠰᠡᠨ ᠤ ᠳᠠᠷᠠᠭ᠎ᠠ᠂ ᠵᠣᠬᠢᠴᠠᠩᠭᠤᠶ | ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠨᠡᠶᠢᠲᠡᠯᠡᠭᠰᠡᠨ ᠮᠠᠭᠠᠳᠯᠠᠨ ᠲᠣᠭᠲᠠᠭᠠᠬᠤ ᠠᠯᠪᠠᠨ ᠵᠠᠷ ︵ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠬᠠᠷᠢᠯᠴᠠᠬᠤ | ᠠᠷᠭ᠎ᠠ ᠮᠠᠶ᠋ᠢᠭ ᠢ ︽ᠳᠤᠮᠳᠠᠳᠤ ᠤᠯᠤᠰ ᠤᠨ ᠪᠠᠭᠰᠢ ᠶᠢᠨ ᠬᠢᠷᠢ ᠬᠡᠮ ᠤᠨ ᠰᠦᠯᠵᠢᠶ᠎ᠡ︾᠂ ︽ᠠᠰᠠᠭᠤᠨ ᠯᠠᠪᠯᠠᠬᠤ | ᠦᠢᠯᠡᠴᠢᠯᠡᠭᠡ︾ ᠪᠤᠯᠤᠩ ᠳᠣᠤᠷᠠᠬᠢ ︽ᠡᠯ᠎ᠡ ᠮᠤᠵᠢ ᠶᠢᠨ ᠮᠠᠭᠠᠳᠯᠠᠨ ᠲᠣᠭᠲᠠᠭᠠᠬᠤ ᠠᠵᠢᠯ ᠤᠨ ᠬᠠᠷᠢᠯᠴᠠᠬᠤ ᠠᠷᠭ᠎ᠠ | ᠮᠠᠶ᠋ᠢᠭ︾ ᠳᠤ ᠦᠵᠡ︶ ᠢ ᠴᠠᠭ ᠲᠤᠬᠠᠶ ᠳᠤᠨᠢ ᠪᠠᠶᠢᠴᠠᠭᠠᠨ ᠦᠵᠡᠬᠦ ᠬᠡᠷᠡᠭᠲᠡᠶ᠃ ᠬᠡᠷᠪᠡ ᠮᠠᠭᠠᠳᠯᠠᠨ ᠲᠤᠭᠲᠠᠭᠠᠬᠤ | ᠪᠠᠶᠢᠭᠤᠯᠤᠮᠵᠢ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠭᠰᠡᠨ ᠦᠭᠡᠶ ᠪᠣᠯ ᠡᠷᠬᠡᠪᠰᠢ ᠲᠤᠰ ᠬᠥᠮᠦᠨ ᠨᠢ | ᠲᠣᠭᠲᠠᠭᠰᠠᠨ ᠴᠠᠭ ᠤᠨ ᠳᠣᠲᠣᠷ᠎ᠠ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢᠶᠠᠨ ᠠᠪᠴᠤ ᠲᠣᠭᠲᠠᠭᠰᠠᠨ ᠭᠠᠵᠠᠷ ᠲᠤ | ᠲᠤᠬᠠᠶ ᠶᠢᠨ ᠲᠠᠯᠠᠪᠠᠶ ᠳᠤ ᠨᠤᠲᠠᠯᠠᠨ ᠲᠣᠭᠲᠠᠭᠠᠬᠤ ᠬᠡᠷᠡᠭᠲᠡᠶ᠃ ᠲᠤᠬᠠᠢ ᠶᠢᠨ ᠲᠠᠯᠠᠪᠤᠷ ᠲᠤ ᠨᠢ ᠨᠤᠲᠠᠯᠠᠭᠰᠠᠨ | ᠦᠶ᠎ᠡ ᠳᠤ᠂ ᠭᠤᠶᠤᠴᠢᠯᠠᠭᠴᠢ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄ | ᠲᠤᠬᠠᠶ ᠶᠢᠨ ᠲᠠᠯᠠᠪᠤᠷ ᠲᠤ ᠭᠤᠶᠤᠴᠢᠯᠠᠭᠴᠢ ᠨᠢ ᠳᠣᠤᠷᠠᠬᠢ ᠮᠠᠲ᠋ᠧᠷᠢᠶᠠᠯ ᠤᠳ ᠢ ᠠᠪᠴᠤ ᠶᠠᠪᠤᠬᠤ ᠶᠢ ᠬᠢᠨᠠᠨ | ᠬᠠᠷᠭᠤᠭᠤᠯᠪᠠ᠄ | 1. ᠪᠡᠶ᠎ᠡ ᠶᠢᠨ ᠦᠨᠡᠮᠯᠡᠯ | ︵1︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠬᠠᠷᠢᠶ᠎ᠠ ᠶᠢ ᠮᠠᠭᠠᠳᠯᠠᠨ | ᠲᠣᠭᠲᠠᠭᠠᠯᠭᠠᠬᠤ ᠪᠠᠷ ᠭᠤᠶᠤᠴᠢᠯᠠᠪᠠᠯ᠂ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ ᠪᠠ ᠬᠠᠭᠤᠯᠪᠤᠷᠢ ᠶᠢ ᠨᠢᠭᠡ | ᠬᠤᠪᠢ ᠲᠤᠰᠢᠶᠠᠵᠤ᠂ ᠲᠣᠰ ᠬᠥᠮᠦᠨ ᠤ ᠡᠷᠦᠬᠡ ᠠᠮᠠ ᠶᠢᠨ ᠲᠠᠩᠰᠠ ᠶᠢᠨ ᠣᠭ ᠮᠠᠲ᠋ᠧᠷᠢᠶᠠᠯ ᠪᠠ ᠪᠠᠭᠤᠯᠭᠠᠪᠤᠷᠢ ᠶᠢ | ᠨᠢᠭᠡ ᠬᠤᠪᠢ ᠲᠤᠰᠢᠶᠠᠬᠤ ᠬᠡᠷᠡᠭᠲᠡᠶ︔ | ︵2︶ ᠣᠷᠣᠰᠢᠨ ᠰᠠᠭᠤᠭ᠎ᠠ ᠭᠠᠵᠠᠷ ᠲᠤ ᠭᠤᠶᠤᠴᠢᠯᠠᠪᠠᠯ᠂ ᠬᠦᠴᠦᠨ ᠲᠠᠢ ᠬᠤᠭᠤᠴᠠᠭᠠᠨ ᠳᠣᠲᠣᠷᠠᠬᠢ | ᠣᠷᠣᠰᠢᠨ ᠰᠠᠭᠤᠬᠤ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ ᠶᠢ ᠨᠢᠭᠡ ᠬᠤᠪᠢ ᠲᠤᠰᠢᠶᠠᠨ᠎ᠠ︔ | ︵3︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠤᠷᠤᠯᠴᠠᠬᠤ᠂ ᠠᠵᠢᠯᠯᠠᠬᠤ ᠪᠠ | ᠣᠷᠣᠰᠢᠨ ᠰᠠᠭᠤᠬᠤ ᠳᠤ᠂ ᠬᠦᠴᠦᠨ ᠲᠠᠢ ᠬᠤᠭᠤᠴᠠᠭᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠭᠠᠷ ᠤᠨ ᠦᠰᠦᠭ ᠵᠢᠷᠤᠵᠤ ᠣᠯᠭᠤᠭᠰᠠᠨ ᠰᠢᠶᠠᠩᠭᠠᠩ | ᠣᠤᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ ᠲᠠᠢ ᠪᠤᠶᠤ ᠬᠦᠴᠦᠨ ᠲᠠᠢ | ᠬᠤᠭᠤᠴᠠᠭᠠᠨ ᠤ ᠳᠣᠲᠣᠷ᠎ᠠ ᠰᠢᠶᠠᠩᠭᠠᠩ ᠣᠤᠮᠧᠨ ᠤ ᠰᠠᠭᠤᠭᠠᠯᠢ ᠠᠷᠠᠳ ᠤᠨ ᠳᠣᠲᠣᠷ ᠭᠠᠵᠠᠷ ᠲᠤ ᠣᠴᠢᠵᠤ ᠢᠷᠡᠬᠦ | ᠦᠨᠡᠮᠯᠡᠯ᠂ ᠲᠠᠪᠤᠨ ᠵᠢᠯ ᠤᠨ ᠬᠦᠴᠦᠨ ᠲᠠᠢ ᠲᠠᠶᠢᠸᠠᠨ ᠤ ᠰᠠᠭᠤᠭᠠᠯᠢ ᠠᠷᠠᠳ ᠡᠬᠡ ᠬᠠᠭᠤᠷᠠᠶ ᠳᠤ ᠢᠷᠡᠬᠦ ᠨᠡᠪᠲᠡᠷᠡᠬᠦ | ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ ᠲᠠᠢ ᠨᠢᠭᠡᠨ ᠬᠤᠪᠢ ᠪᠠᠶᠢᠵᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠰᠢᠯᠭᠠᠯᠲᠠ ᠳᠤ | ᠣᠷᠣᠯᠴᠠᠬᠤ ᠶᠢᠨ ᠬᠠᠮᠲᠤ ᠰᠢᠯᠭᠠᠭᠠᠳ ᠬᠢᠷᠢ ᠲᠡᠩᠴᠡᠭᠰᠡᠨ ᠰᠢᠶᠠᠩᠭᠠᠩ ᠣᠤᠮᠧᠨ ᠲᠠᠶᠢᠸᠠᠨ ᠤ ᠰᠠᠭᠤᠭᠠᠯᠢ ᠠᠷᠠᠳ᠃ | ︵4︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠠᠯᠪᠠᠨ | ᠴᠡᠷᠢᠭ᠂ ᠵᠡᠪᠰᠡᠭᠲᠦ ᠴᠠᠭᠳᠠᠭ᠎ᠠ ᠬᠠᠷᠢᠶ᠎ᠠ ᠪᠦᠬᠦᠢ ᠴᠡᠷᠢᠭ ᠠᠩᠭᠢ ᠪᠤᠶᠤ ᠨᠢᠭᠡᠴᠢ ᠶᠢᠨ ᠵᠣᠬᠢᠶᠠᠨ ᠪᠠᠶᠢᠭᠤᠯᠬᠤ | ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠬᠢᠵᠦ ᠥᠭᠭᠦᠭᠰᠡᠨ ᠠᠵᠢᠯᠲᠠᠨ ᠤ ᠶᠠᠪᠤᠳᠠᠯ ᠤᠨ ᠬᠠᠷᠢᠴᠠᠭᠠᠨ ᠤ | ᠭᠡᠷᠡᠴᠢ ᠶᠢ ᠬᠠᠩᠭᠠᠵᠤ᠂ ᠭᠡᠷᠡᠴᠢᠯᠡᠬᠦ ᠬᠡᠪ ᠵᠠᠭᠪᠤᠷ ᠢ ᠲᠤᠰ ᠴᠡᠷᠢᠭ ᠠᠩᠭᠢ ᠪᠤᠶᠤ ᠨᠢᠭᠡᠴᠢ ᠶᠢᠨ ᠲᠣᠭᠲᠠᠭᠠᠯ ᠢᠶᠠᠷ | ᠲᠣᠭᠲᠠᠭᠠᠵᠤ᠂ ᠥᠪᠥᠷ ᠮᠣᠩᠭᠤᠯ ᠳᠤ ᠰᠠᠭᠤᠭ᠎ᠠ ᠲᠤᠰ ᠴᠡᠷᠢᠭ ᠠᠩᠭᠢ ᠳᠤ ᠬᠠᠷᠢᠶᠠᠯᠠᠭᠳᠠᠬᠤ ᠶᠢ ᠨᠢ ᠭᠡᠷᠡᠴᠢᠯᠡᠬᠦ | ᠬᠡᠷᠡᠭᠲᠡᠶ᠃ | 2. ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ | ︵1︶ ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ᠶᠢ ︽ᠪᠠᠭᠰᠢ ᠶᠢᠨ ᠬᠢᠷᠢ ᠬᠡᠮ ᠤᠨ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ᠢᠶᠠᠷ ᠬᠠᠷᠭᠤᠭᠤᠯᠤᠨ ᠪᠠᠶᠢᠴᠠᠭᠠᠯᠭᠠᠬᠤ ᠪᠠᠷ ᠳᠠᠮᠵᠢᠭᠤᠯᠤᠨ | ᠵᠥᠪᠬᠡᠨ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠬᠠᠭᠤᠯᠪᠤᠷᠢ ᠶᠢ ᠲᠤᠰᠢᠶᠠᠨ᠎ᠠ᠃ ᠰᠢᠯᠭᠠᠨ ᠪᠠᠲᠤᠯᠠᠵᠤ ᠳᠡᠶᠢᠯᠬᠦ | ᠦᠭᠡᠶ ᠪᠣᠯ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠤᠭ ᠵᠦᠢᠯ ᠪᠠ ︽ᠳᠤᠮᠳᠠᠳᠤ ᠤᠯᠤᠰ ᠤᠨ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠴᠠᠭᠰᠠᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ︾ ᠪᠤᠶᠤ ︽ | ᠰᠤᠷᠭᠠᠨ ᠬᠥᠮᠦᠵᠢᠯ ᠤᠨ ᠶᠠᠮᠤᠨ ᠤ ᠰᠤᠷᠤᠯᠴᠠᠭᠰᠠᠨ ᠨᠠᠮᠲᠠᠷ ᠤᠨ ᠦᠨᠡᠮᠯᠡᠯ ᠤᠨ ᠡᠯᠧᠺᠲᠷᠣᠨ ᠢᠶᠠᠷ ᠳᠠᠩᠰᠠᠯᠠᠨ | ᠲᠡᠮᠳᠡᠭᠯᠡᠬᠦ ᠬᠦᠰᠦᠨᠦᠭᠲᠦ︾ ︵ᠡᠷᠳᠡᠮ ᠰᠢᠨᠵᠢᠯᠡᠭᠡᠨ ᠤ ᠨᠧᠲ ᠳᠡᠭᠡᠷ᠎ᠡ ᠭᠤᠶᠤᠴᠢᠯᠠᠨ᠎ᠠ︶᠃ | ᠤᠨᠴᠠᠭᠠᠢ ᠰᠠᠨᠠᠭᠤᠯᠤᠮᠵᠢ᠄ ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ᠶᠢ ᠬᠢᠨᠠᠨ ᠰᠢᠯᠭᠠᠵᠤ ᠳᠡᠶᠢᠯᠬᠦ | ᠦᠭᠡᠢ ᠭᠤᠶᠤᠴᠢᠯᠠᠭᠴᠢ ᠶᠢ ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠰᠤᠷᠤᠯᠭ᠎ᠠ ᠶᠢᠨ ᠨᠠᠮᠲᠠᠷ ᠤᠨ | ᠭᠡᠷᠡᠴᠢᠯᠡᠯ ᠬᠢᠯᠭᠡᠬᠦ ᠪᠠᠷ ᠰᠠᠨᠠᠭᠤᠯᠤᠨ᠎ᠠ᠃ | ︵2︶ ᠰᠢᠶᠠᠩᠭᠠᠩ ᠣᠣᠮᠧᠨ ᠲᠠᠶᠢᠸᠠᠨ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠯᠭ᠎ᠠ ᠶᠢᠨ | ᠨᠠᠮᠲᠠᠷ ᠲᠠᠢ ᠡᠷᠳᠡᠮ ᠤᠨ ᠴᠣᠯᠠ ᠶᠢᠨ ᠦᠨᠡᠮᠯᠡᠯ ᠲᠠᠢ ᠭᠤᠶᠤᠴᠢᠯᠠᠭᠴᠢ ᠨᠢ ᠰᠤᠷᠭᠠᠨ ᠬᠥᠮᠦᠵᠢᠯ ᠤᠨ ᠶᠠᠮᠤᠨ ᠤ | ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠤᠨ ᠭᠠᠷᠭᠠᠭᠰᠠᠨ ︽ᠰᠢᠶᠠᠩᠭᠠᠩ ᠣᠣᠮᠧᠨ ᠲᠠᠶᠢᠸᠠᠨ ᠤ | ᠰᠤᠷᠤᠯᠭ᠎ᠠ ᠶᠢᠨ ᠨᠠᠮᠲᠠᠷ ᠤᠨ ᠦᠨᠡᠮᠯᠠᠯ︾ ᠤᠨ ᠤᠤᠯ ᠮᠠᠲ᠋ᠧᠷᠢᠶᠠᠯ ᠵᠢᠴᠢ ᠪᠠᠭᠤᠯᠭᠠᠪᠤᠷᠢ︔ ᠭᠠᠳᠠᠭᠠᠳᠤ ᠶᠢᠨ ᠳᠡᠭᠡᠳᠦ | ᠵᠡᠷᠭᠡ ᠶᠢᠨ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ᠡᠷᠳᠡᠮ ᠤᠨ ᠴᠣᠯᠠ ᠶᠢᠨ ᠦᠨᠡᠮᠯᠡᠯ ᠲᠠᠢ | ᠭᠤᠶᠤᠴᠢᠯᠠᠭᠴᠢ ᠨᠢ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠤᠨ | ᠭᠠᠷᠭᠠᠵᠤ ᠥᠭᠭᠦᠭᠰᠡᠨ ︽ᠭᠠᠳᠠᠭᠠᠳᠤ ᠶᠢᠨ ᠰᠤᠷᠤᠯᠭ᠎ᠠ ᠶᠢᠨ ᠨᠠᠮᠲᠠᠷ ᠲᠠᠢ ᠡᠷᠳᠡᠮ ᠤᠨ ᠴᠣᠯᠠ ᠶᠢᠨ ᠮᠠᠭᠠᠳᠯᠠᠨ | ᠲᠤᠭᠲᠠᠭᠠᠬᠤ ᠦᠨᠡᠮᠯᠡᠯ︾ ᠤᠨ ᠤᠭ ᠮᠠᠲ᠋ᠧᠷᠢᠶᠠᠯ ᠵᠢᠴᠢ ᠬᠠᠭᠤᠯᠪᠤᠷᠢ ᠶᠢ ᠬᠠᠩᠭᠠᠬᠤ ᠴᠢᠬᠤᠯᠠᠲᠠᠢ᠂ ᠵᠥᠪᠬᠡᠨ ᠡᠨᠡ | ᠬᠦ ᠰᠤᠷᠤᠯᠭ᠎ᠠ ᠶᠢᠨ ᠨᠠᠮᠲᠠᠷ ᠲᠠᠢ ᠡᠷᠳᠡᠮ ᠤᠨ ᠴᠣᠯᠠ ᠶᠢᠨ ᠭᠡᠷᠡᠴᠢᠯᠡᠭᠡ ᠶᠢᠨ ᠭᠡᠷᠡᠴᠢ ᠨᠢ ᠬᠦᠴᠦᠨ ᠲᠠᠢ ᠭᠡᠵᠦ | ᠦᠵᠡᠨ᠎ᠡ᠃ | 3. ᠨᠡᠶᠢᠲᠡᠯᠢᠭ ᠬᠡᠯᠡᠨ ᠤ ᠬᠢᠷᠢ ᠬᠡᠮᠵᠢᠶ᠎ᠡ ᠶᠢᠨ ᠵᠡᠷᠭᠡ ᠳᠡᠰ ᠤᠨ ᠭᠡᠷᠡᠴᠢᠯᠡᠯ | ᠲᠤᠰ ᠬᠥᠮᠦᠨ ᠤ ᠨᠡᠶᠢᠲᠡᠯᠢᠭ ᠬᠡᠯᠡᠨ ᠤ ᠬᠢᠷᠢ ᠬᠡᠮᠵᠢᠶ᠎ᠡ ᠶᠢᠨ ᠳᠡᠰ ᠤᠨ ᠬᠡᠮᠵᠢᠨ ᠰᠢᠯᠭᠠᠭᠰᠠᠨ ᠮᠡᠳᠡᠭᠡ | ᠵᠠᠩᠭᠢ ᠶᠢ ᠰᠢᠰᠲ᠋ᠧᠮ ᠤᠨ ᠰᠢᠯᠭᠠᠨ ᠪᠠᠲᠤᠯᠠᠬᠤ ᠪᠠᠷ ᠳᠠᠮᠵᠢᠵᠤ ᠵᠥᠪᠬᠡᠨ ᠪᠠᠷᠢᠮᠵᠢᠶ᠎ᠠ ᠬᠡᠯᠡᠨ ᠤ ᠦᠨᠡᠮᠯᠡᠯ ᠤᠨ | ᠬᠠᠭᠤᠯᠪᠤᠷᠢ ᠪᠠᠨ ᠲᠤᠰᠢᠶᠠᠨ᠎ᠠ᠃ ᠰᠢᠯᠭᠠᠨ ᠪᠠᠲᠤᠯᠠᠬᠤ ᠪᠠᠷ ᠳᠠᠮᠵᠢᠨ ᠨᠡᠶᠢᠲᠡᠯᠢᠭ ᠦᠭᠡ ᠶᠢᠨ ᠦᠨᠡᠮᠯᠡᠯ ᠬᠠᠩᠭᠠᠬᠤ | ᠴᠢᠬᠤᠯᠠ ᠦᠭᠡᠢ᠃ | ᠤᠨᠴᠠᠭᠠᠢ ᠰᠠᠨᠠᠭᠤᠯᠤᠮᠵᠢ᠄ ᠭᠤᠶᠤᠴᠢᠯᠠᠭᠴᠢ ᠪᠥᠬᠦ ᠤᠯᠤᠰ ᠤᠨ ᠨᠡᠶᠢᠲᠡᠯᠢᠭ ᠬᠡᠯᠡᠨ ᠤ ᠪᠣᠯᠪᠠᠰᠤᠷᠠᠯ ᠤᠨ | ᠰᠢᠯᠭᠠᠯᠲᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠰᠦᠯᠵᠢᠶ᠎ᠡ ︵ᠰᠦᠯᠵᠢᠶᠡᠨ ᠤ ᠬᠠᠶ᠋ᠢᠭ᠄ http: | //www.cltt.org/studentscore︶ ᠠᠴᠠ ᠬᠢᠷᠢ ᠪᠦᠲᠦᠮᠵᠢ ᠪᠠᠨ ᠡᠷᠢᠵᠦ ᠣᠯᠬᠤ ᠦᠭᠡᠢ ᠪᠠᠶᠢᠬᠤ | ᠵᠢᠴᠢ ᠦᠨᠡᠮᠯᠡᠯ ᠠᠪᠬᠤ᠂ ᠦᠨᠡᠮᠯᠡᠯ ᠨᠥᠬᠦᠵᠦ ᠠᠪᠬᠤ ᠵᠡᠷᠭᠡ ᠠᠰᠠᠭᠤᠳᠠᠯ ᠢ ᠪᠠᠶᠢᠴᠠᠭᠠᠨ ᠯᠠᠪᠯᠠᠵᠤ ᠳᠡᠶᠢᠯᠬᠦ ᠦᠭᠡᠢ | ᠪᠠᠶᠢᠪᠠᠯ᠂ ᠲᠠᠨ ᠤ ᠨᠡᠶᠢᠲᠡᠯᠢᠭ ᠬᠡᠯᠡᠨ ᠤ ᠰᠢᠯᠭᠠᠯᠲᠠ ᠳᠤ ᠣᠷᠣᠯᠴᠠᠭᠰᠠᠨ ᠰᠢᠯᠭᠠᠯᠲᠠ ᠶᠢᠨ ᠥᠷᠲᠡᠭᠡ ᠲᠠᠢ | ᠬᠠᠷᠢᠯᠴᠠᠵᠤ ᠯᠠᠪᠯᠠᠭᠠᠷᠠᠢ᠃ | 4. ᠰᠢᠯᠭᠠᠯᠲᠠ ᠶᠢᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ | ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠰᠢᠯᠭᠠᠯᠲᠠ ᠶᠢᠨ ᠬᠢᠷᠢ ᠲᠡᠩᠴᠡᠭᠰᠡᠨ | ᠭᠡᠷᠡᠴᠢ︾ ᠪᠤᠶᠤ ︽ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢᠨ ᠪᠠᠭᠰᠢ ᠶᠢᠨ ᠠᠵᠢᠯ ᠮᠡᠷᠭᠡᠵᠢᠯ ᠤᠨ | ᠴᠢᠳᠠᠪᠤᠷᠢ ᠶᠢᠨ ᠦᠨᠡᠮᠯᠡᠯ︾ ᠲᠠᠢ ᠪᠣᠯ ᠨᠡᠷ᠎ᠡ ᠮᠡᠳᠡᠭᠦᠯᠬᠦ ᠰᠢᠰᠲ᠋ᠧᠮ ᠠᠴᠠ ᠠᠶᠠᠨᠳᠠᠭᠠᠨ ᠬᠠᠷᠭᠤᠭᠤᠯᠤᠨ ᠪᠠᠶᠢᠴᠠᠭᠠᠵᠤ | ᠂ ᠲᠤᠰᠢᠶᠠᠬᠤ ᠴᠢᠬᠤᠯᠠ ᠦᠭᠡᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠤᠨ | ᠳᠦᠷᠢᠮᠲᠦ ᠡᠩ ᠤᠨ ᠳᠡᠭᠡᠳᠦ ᠰᠤᠷᠭᠠᠭᠤᠯᠢ 2020 ᠣᠨ ᠵᠢᠴᠢ ᠥᠩᠭᠡᠷᠡᠭᠰᠡᠨ ᠳᠤ ᠪᠠᠭᠰᠢ ᠶᠢᠨ ᠮᠡᠷᠭᠡᠵᠢᠯ ᠤᠨ | ᠲᠤᠰᠬᠠᠶ ᠮᠡᠷᠭᠡᠵᠢᠯ ᠠᠴᠠ ᠲᠡᠭᠦᠰᠦᠭᠰᠡᠳ ︵ᠠᠩᠬ᠎ᠠ ᠤᠳᠠᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ | ᠬᠢᠷᠢ ᠭᠡᠮ ᠢ ᠮᠠᠭᠠᠳᠯᠠᠨ ᠲᠣᠭᠲᠠᠭᠠᠬᠤ ᠪᠠᠷ ᠭᠤᠶᠤᠴᠢᠯᠠᠬᠤ︶ ᠲᠤ ︽ᠲᠡᠭᠦᠰᠦᠭᠰᠡᠳ ᠤᠨ ᠬᠢᠷᠢ ᠪᠦᠲᠦᠮᠵᠢ ᠶᠢ | ᠳᠠᠩᠰᠠᠯᠠᠬᠤ ᠬᠦᠰᠦᠨᠦᠭᠲᠦ︾ ᠶᠢᠨ ᠤᠭ ᠮᠠᠲ᠋ᠧᠷᠢᠶᠠᠯ ᠪᠠ ᠬᠠᠭᠤᠯᠪᠤᠷᠢ ᠶᠢ ᠬᠠᠩᠭᠠᠬᠤ ᠬᠡᠷᠡᠭᠲᠡᠶ᠃ | 5. ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ᠃ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠡᠮᠨᠡᠯᠭᠡ ᠶᠢᠨ ᠬᠤᠷᠢᠶᠠᠨ ᠤ ᠭᠠᠷᠭᠠᠭᠰᠠᠨ ᠪᠡᠶ᠎ᠡ ᠶᠢᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠭᠡᠷᠡᠴᠢ᠃ | | 6. ᠭᠡᠷᠡᠯ ᠵᠢᠷᠤᠭ᠃ ᠣᠶᠢᠷ᠎ᠠ ᠶᠢᠨ ᠬᠤᠭᠤᠴᠠᠭᠠᠨ ᠳᠤ 1 ᠢᠮᠠᠬᠤ ᠶᠢᠨ ᠮᠠᠯᠠᠭᠠᠢ ᠦᠭᠡᠢ ᠬᠠᠭᠠᠰ ᠪᠡᠶ᠎ᠡ ᠶᠢᠨ ᠨᠢᠭᠤᠷ | ᠲᠠᠯ᠎ᠠ ᠶᠢᠨ ᠪᠤᠳᠤᠭᠲᠤ ᠴᠠᠭᠠᠨ ᠳᠡᠪᠢᠰᠬᠡᠷᠲᠦ ᠬᠡᠷᠡᠯ ᠵᠢᠷᠤᠭ 1 ᠬᠤᠪᠢ ︵ᠨᠡᠷ᠎ᠡ ᠮᠡᠳᠡᠭᠦᠯᠵᠦ ᠳᠡᠭᠡᠭᠰᠢ ᠳᠠᠮᠵᠢᠭᠤᠯᠬᠤ | ᠬᠡᠷᠡᠯ ᠵᠢᠷᠤᠭ ᠪᠠ ᠪᠡᠶ᠎ᠡ ᠶᠢᠨ ᠪᠠᠶᠢᠴᠠᠭᠠᠯᠲᠠ ᠶᠢᠨ ᠬᠦᠰᠦᠨᠦᠭ ᠳᠡᠭᠡᠷᠡᠬᠢ ᠬᠡᠷᠡᠯ ᠵᠢᠷᠤᠭ ᠨᠢ ᠠᠳᠠᠯᠢᠬᠠᠨ ᠪᠠᠶᠢᠬᠤ | ᠬᠡᠷᠡᠭᠲᠡᠢ︶᠃ | 7. ᠶᠠᠯ᠎ᠠ ᠬᠢᠭᠰᠡᠨ ᠲᠡᠮᠳᠡᠭᠯᠡᠯ ᠤᠨ ᠭᠡᠷᠡᠴᠢ ᠦᠭᠡᠢ | ︵1︶ ᠡᠷᠦᠬᠡ ᠠᠮᠠ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠪᠠᠶᠢᠵᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠰᠢᠨ | ᠰᠠᠭᠤᠬᠤ ᠦᠨᠡᠮᠯᠡᠯ ᠲᠠᠢ ᠪᠥᠭᠡᠳ ᠬᠦᠴᠦᠨ ᠲᠠᠢ ᠬᠤᠭᠤᠴᠠᠭᠠᠨ ᠳᠤ ᠪᠠᠶᠢᠭ᠎ᠠ ᠭᠠᠳᠠᠷ ᠮᠤᠵᠢ ᠬᠤᠲᠠ ᠶᠢᠨ ᠡᠷᠦᠬᠡ | ᠠᠮᠠ ᠶᠢᠨ ᠲᠠᠩᠰᠠ ᠲᠠᠢ ᠬᠥᠮᠦᠰ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠰᠠᠭᠤᠭ᠎ᠠ ᠴᠡᠷᠢᠭ | ᠠᠩᠭᠢ ᠶᠢᠨ ᠠᠯᠪᠠᠨ ᠴᠡᠷᠢᠭ᠂ ᠵᠡᠪᠰᠡᠭᠲᠦ ᠴᠠᠭᠳᠠᠭ᠎ᠠ ᠶᠢᠨ ᠭᠤᠶᠤᠴᠢᠯᠠᠭᠴᠢ ᠶᠢᠨ ᠶᠠᠯ᠎ᠠ ᠬᠢᠭᠰᠡᠨ ᠥᠬᠡᠶ ᠲᠡᠮᠳᠡᠭᠯᠡᠯ ᠢ | ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠪᠠᠶᠢᠭᠤᠯᠤᠮᠵᠢ ᠠᠴᠠ ᠨᠢᠭᠡᠳᠦᠯᠲᠡᠶ ᠬᠢᠨᠠᠨ ᠪᠠᠶᠢᠴᠠᠭᠠᠨ᠎ᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠷᠦᠬᠡ ᠠᠮᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠰᠢᠨ ᠰᠠᠭᠤᠬᠤ ᠦᠨᠡᠮᠯᠡᠯ ᠲᠠᠢ ᠪᠥᠭᠡᠳ | ᠬᠦᠴᠦᠨ ᠲᠠᠢ ᠬᠤᠭᠤᠴᠠᠭᠠᠨ ᠳᠤ ᠪᠠᠶᠢᠭ᠎ᠠ ᠭᠠᠳᠠᠷ ᠮᠤᠵᠢ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠬᠥᠮᠦᠰ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠠᠯᠪᠠᠨ ᠴᠡᠷᠢᠭ᠂ ᠵᠡᠪᠰᠡᠭᠲᠦ | ᠴᠠᠭᠳᠠᠭ᠎ᠠ ᠶᠢᠨ ᠭᠤᠶᠤᠴᠢᠯᠠᠭᠴᠢ ᠶᠢᠨ ᠶᠠᠯ᠎ᠠ ᠬᠢᠭᠰᠡᠨ ᠥᠬᠡᠶ ᠭᠡᠷᠡᠴᠢ ᠶᠢ ᠡᠷᠦᠬᠡ ᠠᠮᠠ ᠶᠢᠨ ᠪᠠᠶᠢᠭ᠎ᠠ ᠭᠠᠵᠠᠷ ᠪᠤᠶᠤ | ᠰᠠᠭᠤᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠲᠡᠮᠳᠡᠭᠯᠡᠨ᠎ᠡ᠃ | ︵2︶ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠶᠠᠯ᠎ᠠ ᠬᠢᠭᠰᠡᠨ ᠲᠡᠮᠳᠡᠭᠯᠡᠯ ᠦᠭᠡᠢ | ᠭᠡᠷᠡᠴᠢ᠃ ᠭᠤᠶᠤᠴᠢᠯᠠᠭᠴᠢ ᠥᠪᠡᠷ ᠢᠶᠠᠨ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ᠂ ᠣᠣᠮᠧᠨ ᠤ | ᠵᠠᠰᠠᠭ ᠵᠠᠬᠢᠷᠭᠠᠨ ᠤ ᠣᠨᠴᠠᠭᠠᠶ ᠣᠷᠣᠨ ᠪᠠ ᠲᠠᠶᠢᠸᠠᠨ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠣᠴᠢᠵᠤ ᠪᠢᠴᠢᠵᠦ ᠥᠭᠭᠦᠨ᠎ᠡ᠃ ᠬᠡᠷᠪᠡ ᠦᠨᠡᠨ ᠬᠦ ᠬᠡᠷᠡᠭᠴᠡᠭᠡ ᠲᠠᠢ ᠪᠣᠯ᠂ ᠰᠢᠶᠠᠩᠭᠠᠩ᠂ ᠣᠣᠮᠧᠨ ᠤ | ᠭᠤᠶᠤᠴᠢᠯᠠᠭᠴᠢ ᠮᠠᠭᠠᠳᠯᠠᠨ ᠲᠤᠭᠲᠠᠭᠠᠬᠤ ᠪᠠᠶᠢᠭᠤᠯᠤᠮᠵᠢ ᠪᠠᠷ ᠳᠡᠮᠵᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠢᠭᠡᠳᠦᠯᠲᠡᠢ ᠪᠢᠴᠢᠵᠦ ᠥᠭᠭᠦᠭᠰᠡᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠶᠠᠯ᠎ᠠ ᠬᠢᠭᠰᠡᠨ ᠦᠭᠡᠢ | ᠲᠡᠮᠳᠡᠭᠯᠡᠯ ᠤᠨ ᠭᠡᠷᠡᠴᠢ ᠦᠭᠡᠢ ᠪᠢᠴᠢᠭ ᠮᠠᠲ᠋ᠧᠷᠢᠶᠠᠯ ᠢ ᠭᠤᠶᠤᠴᠢᠯᠠᠨ ᠠᠪᠴᠤ ᠪᠣᠯᠣᠨ᠎ᠠ᠃ | ︵ᠭᠤᠷᠪᠠ︶ ᠪᠠᠭᠰᠢ ᠶᠢᠨ ᠬᠢᠷᠢ ᠬᠡᠮ ᠤᠨ ᠦᠨᠡᠮᠯᠡᠯ ᠠᠪᠬᠤ | ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠬᠤ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠬᠢᠨᠠᠨ | ᠬᠠᠷᠭᠤᠭᠤᠯᠤᠭᠰᠠᠨ ᠪᠠᠶᠢᠳᠠᠯ ᠢ ᠦᠨᠳᠦᠰᠦᠯᠡᠨ ᠮᠠᠭᠠᠳᠯᠠᠨ ᠲᠣᠭᠲᠠᠭᠠᠭᠰᠠᠨ ᠳ᠋ᠦᠩᠨᠡᠯᠲᠡ ᠭᠠᠷᠭᠠᠬᠤ ᠶᠢᠨ ᠬᠠᠮᠲᠤ | ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ ᠭᠤᠶᠤᠴᠢᠯᠠᠭᠴᠢ ᠳᠤ ᠪᠠᠭᠰᠢ ᠶᠢᠨ ᠬᠢᠷᠢ ᠬᠡᠮ ᠤᠨ ᠦᠨᠡᠮᠯᠡᠯ | ᠬᠢᠵᠦ ᠥᠭᠬᠦ ᠬᠡᠷᠡᠭᠲᠡᠶ᠃ ᠭᠤᠶᠤᠴᠢᠯᠠᠭᠴᠢ ᠲᠤᠰ ᠬᠥᠮᠦᠨ ᠤ ᠪᠡᠶ᠎ᠡ ᠶᠢᠨ ᠦᠨᠡᠮᠯᠡᠯ ᠢᠶᠠᠨ ᠬᠦᠯᠢᠶᠡᠨ ᠠᠪᠴᠤ | ᠰᠢᠢᠳᠪᠦᠷᠢᠯᠡᠬᠦ ᠴᠡᠭ ᠢᠶᠠᠷ ᠢᠶᠠᠨ ︽ᠪᠠᠭᠰᠢ ᠶᠢᠨ ᠬᠢᠷᠢ ᠭᠡᠮ ᠤᠨ ᠦᠨᠡᠮᠯᠡᠯ︾ ᠪᠠ ︽ᠪᠠᠭᠰᠢ ᠶᠢᠨ ᠬᠢᠷᠢ ᠭᠡᠮ ᠢ | ᠮᠠᠭᠠᠳᠯᠠᠨ ᠲᠤᠭᠲᠠᠭᠠᠬᠤ ᠭᠤᠶᠤᠴᠢᠯᠠᠯ ᠤᠨ ᠬᠦᠰᠦᠨᠦᠭᠲᠦ︾ ᠶᠢ ᠲᠤᠰ ᠲᠤᠰ ᠨᠢᠭᠡ ᠬᠤᠪᠢ ᠠᠪᠤᠨ᠎ᠠ᠃ | ︵ᠲᠦᠷᠪᠡ︶ ᠪᠠᠭᠰᠢ ᠶᠢᠨ ᠬᠢᠷᠢ ᠭᠡᠮ ᠢ ᠮᠠᠭᠠᠳᠯᠠᠨ ᠲᠤᠭᠲᠠᠭᠠᠬᠤ ᠴᠠᠭ ᠤᠨ ᠲᠤᠬᠢᠷᠠᠭᠤᠯᠤᠯᠲᠠ | 1. ᠰᠦᠯᠵᠢᠶᠡᠨ ᠳᠡᠭᠡᠷ᠎ᠡ ᠮᠡᠳᠡᠭᠦᠯᠬᠦ ᠴᠠᠭ᠄ | 2024 ᠣᠨ ᠤ 9 ᠳ᠋ᠦ᠋ᠭᠡᠷ ᠰᠠᠷ᠎ᠠ ᠶᠢᠨ 13 ᠤ ᠡᠳᠦᠷ ᠤᠨ 9᠄ 00 ᠴᠠᠭ — 9 ᠳ᠋ᠦ᠋ᠭᠡᠷ ᠰᠠᠷ᠎ᠠ ᠶᠢᠨ | 27 ᠤ ᠡᠳᠦᠷ ᠤᠨ 17᠄ 00 ᠴᠠᠭ | 2. ᠬᠢᠨᠠᠨ ᠬᠠᠷᠭᠤᠭᠤᠯᠬᠤ ᠴᠠᠭ᠄ | 2024 ᠣᠨ ᠤ 9 ᠳ᠋ᠦ᠋ᠭᠡᠷ ᠰᠠᠷ᠎ᠠ ᠶᠢᠨ 26 ᠤ ᠡᠳᠦᠷ ᠤᠨ 9᠄ 00 ᠴᠠᠭ — 9 ᠳ᠋ᠦ᠋ᠭᠡᠷ ᠰᠠᠷ᠎ᠠ ᠶᠢᠨ | 27 ᠤ ᠡᠳᠦᠷ ᠤᠨ 18᠄ 00 ᠴᠠᠭ | ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠰᠤᠷᠭᠠᠨ ᠬᠥᠮᠦᠵᠢᠯ ᠤᠨ ᠬᠤᠪᠢᠶᠠᠷᠢ ᠶᠡᠭᠡ ᠲᠢᠩᠬᠢᠮ ︵ | ᠪᠠᠲᠤᠬᠠᠭᠠᠯᠭ᠎ᠠ ᠶᠢᠨ ᠰᠦᠮ᠎ᠡ ᠳᠤᠮᠳᠠᠳᠤ ᠰᠤᠷᠭᠠᠭᠤᠯᠢ ᠶᠢᠨ ᠪᠠᠷᠠᠭᠤᠨ ᠲᠠᠯ᠎ᠠ ᠶᠢᠨ ᠨᠢᠭᠡᠳᠦᠭᠡᠷ ᠠᠰᠠᠷ︶ | 3. ᠪᠡᠶ᠎ᠡ ᠶᠢᠨ ᠪᠠᠶᠢᠴᠠᠭᠠᠯᠲᠠ ᠬᠢᠬᠦ ᠴᠠᠭ᠄ 2024 ᠣᠨ ᠤ 9 ᠳ᠋ᠦ᠋ᠭᠡᠷ ᠰᠠᠷ᠎ᠠ ᠶᠢᠨ 29 ᠤ ᠡᠳᠦᠷ | ᠪᠡᠶ᠎ᠡ ᠶᠢᠨ ᠪᠠᠶᠢᠴᠠᠭᠠᠯᠲᠠ ᠬᠢᠬᠦ ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠨᠡᠯᠭᠡ ᠶᠢᠨ | ᠬᠤᠷᠢᠶ᠎ᠠ | 4. ᠮᠠᠭᠠᠳᠯᠠᠨ ᠲᠣᠭᠲᠠᠭᠠᠬᠤ᠂ ᠳ᠋ᠤᠭᠠᠷᠯᠠᠬᠤ ᠴᠠᠭ᠄ 2024 ᠣᠨ ᠤ 10 ᠳ᠋ᠤᠭᠠᠷ ᠰᠠᠷ᠎ᠠ ᠶᠢᠨ 8 ᠤ | ᠡᠳᠦᠷ | 5. ᠦᠨᠡᠮᠯᠡᠯ ᠳᠠᠷᠤᠮᠠᠯᠯᠠᠬᠤ ᠴᠠᠭ᠄ 2024 ᠣᠨ ᠤ 10 ᠳ᠋ᠤᠭᠠᠷ ᠰᠠᠷ᠎ᠠ ᠶᠢᠨ 14 ᠤ ᠡᠳᠦᠷ | 6. ᠦᠨᠡᠮᠯᠡᠯ ᠣᠯᠭᠤᠬᠤ ᠴᠠᠭ᠄ ᠠᠰ ᠲᠤᠨᠢ ᠮᠡᠳᠡᠭᠳᠡᠨ᠎ᠡ᠃ | ᠳᠥᠷᠪᠡ᠂ ᠪᠤᠰᠤᠳ ᠠᠩᠬᠠᠷᠬᠤ ᠵᠦᠢᠯ | ︵ᠨᠢᠭᠡ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠠᠳᠠᠯᠢ ᠨᠢᠭᠡᠨ | ᠭᠤᠶᠤᠴᠢᠯᠠᠭᠴᠢ ᠨᠢ ᠠᠳᠠᠯᠢ ᠨᠢᠭᠡ ᠵᠢᠯ ᠤᠨ ᠳᠣᠲᠣᠷ᠎ᠠ ᠵᠥᠪᠬᠡᠨ ᠨᠢᠭᠡ ᠵᠦᠢᠯ ᠤᠨ ᠪᠠᠭᠰᠢ ᠶᠢᠨ ᠬᠢᠷᠢ ᠭᠡᠮ ᠢ | ᠮᠠᠭᠠᠳᠯᠠᠨ ᠲᠤᠭᠲᠠᠭᠠᠵᠤ ᠪᠣᠯᠤᠨ᠎ᠠ᠃ | ︵ᠬᠤᠶᠠᠷ︶ ᠪᠤᠰᠤᠳ ᠳᠠᠭᠤᠰᠤᠭᠠᠳᠤᠶ ᠵᠦᠢᠯᠡᠰ ᠢ ᠡᠯ᠎ᠡ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ | ᠨᠡᠶᠢᠲᠡᠯᠡᠭᠰᠡᠨ ᠮᠡᠳᠡᠭᠳᠡᠯ ᠤᠨ ᠠᠯᠪᠠᠨ ᠵᠠᠷ ᠢ ᠠᠩᠬᠠᠷᠤᠭᠠᠷᠠᠢ᠂ ᠭᠤᠶᠤᠴᠢᠯᠠᠭᠴᠢ ᠨᠢ ᠡᠷᠬᠡᠪᠰᠢ ᠴᠠᠭ ᠲᠤᠬᠠᠶ ᠳᠤᠨᠢ | ᠪᠠᠶᠢᠴᠠᠭᠠᠨ ᠦᠵᠡᠵᠦ᠂ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠠᠵᠢᠯ ᠤᠨ ᠲᠣᠬᠢᠷᠠᠭᠤᠯᠤᠯᠲᠠ ᠶᠢ | ᠠᠯᠳᠠᠬᠤ ᠠᠴᠠ ᠵᠠᠶᠢᠯᠠᠰᠭᠢᠬᠦ ᠬᠡᠷᠡᠭᠲᠡᠶ᠃ | ︵ᠭᠤᠷᠪᠠ︶ ᠭᠤᠶᠤᠴᠢᠯᠠᠭᠴᠢ ᠲᠣᠭᠲᠠᠭᠰᠠᠨ ᠴᠠᠭ᠂ ᠭᠠᠵᠠᠷ ᠣᠷᠣᠨ ᠪᠠ ᠱᠠᠭᠠᠷᠳᠠᠯᠭ᠎ᠠ ᠶᠣᠰᠣᠭᠠᠷ | ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠪᠠ ᠲᠤᠬᠠᠶ ᠶᠢᠨ ᠲᠠᠯᠠᠪᠤᠷ ᠲᠤᠨᠢ ᠨᠤᠲᠠᠯᠠᠨ ᠲᠣᠭᠲᠠᠭᠠᠬᠤ ᠵᠡᠷᠭᠡ | ᠲᠠᠰ ᠳᠠᠷᠠᠭᠠᠯᠠᠯ ᠶᠣᠰᠣᠭᠠᠷ᠂ ᠭᠤᠶᠤᠴᠢᠯᠠᠨ ᠮᠡᠳᠡᠭᠦᠯᠬᠦ ᠴᠠᠭ ᠢ ᠥᠩᠭᠡᠷᠡᠭᠡᠬᠦ᠂ ᠪᠤᠷᠤᠭᠤ ᠰᠣᠩᠭᠤᠨ ᠲᠣᠭᠲᠠᠭᠠᠬᠤ | ᠪᠠᠶᠢᠭᠤᠯᠤᠮᠵᠢ ᠪᠤᠶᠤ ᠲᠤᠬᠠᠶ ᠶᠢᠨ ᠲᠠᠯᠠᠪᠤᠷ ᠲᠤᠨᠢ ᠨᠤᠲᠠᠯᠠᠬᠤ ᠴᠡᠭ᠂ ᠮᠡᠳᠡᠭᠦᠯᠦᠭᠰᠡᠨ ᠮᠡᠳᠡᠭᠡ ᠵᠠᠩᠭᠢ ᠨᠢ | ᠪᠤᠷᠤᠭᠤ ᠲᠠᠢ᠂ ᠲᠤᠰᠢᠶᠠᠭᠰᠠᠨ ᠮᠠᠲ᠋ᠧᠷᠢᠶᠠᠯ ᠨᠢ ᠪᠦᠷᠢᠨ ᠪᠤᠰᠤ ᠵᠡᠷᠭᠡ ᠰᠢᠯᠲᠠᠭᠠᠨ ᠠᠴᠠ ᠪᠣᠯᠵᠣ᠂ ᠲᠣᠭᠲᠠᠭᠰᠠᠨ | ᠴᠠᠭ ᠤᠨ ᠳᠣᠲᠣᠷ᠎ᠠ ᠭᠤᠶᠤᠴᠢᠯᠠᠨ ᠮᠡᠳᠡᠭᠦᠯᠬᠦ ᠠᠵᠢᠯ ᠢᠶᠠᠨ ᠪᠡᠶᠡᠯᠡᠭᠦᠯᠦᠭᠰᠡᠨ ᠥᠬᠡᠶ ᠪᠠᠶᠢᠪᠠᠯ᠂ ᠮᠠᠭᠠᠳᠯᠠᠨ | ᠲᠣᠭᠲᠠᠭᠠᠬᠤ ᠪᠠᠶᠢᠭᠤᠯᠤᠮᠵᠢ ᠭᠥᠯᠢᠶᠡᠨ ᠠᠪᠴᠤ ᠰᠢᠢᠳᠪᠦᠷᠢᠯᠡᠬᠦ ᠥᠬᠡᠶ᠂ ᠡᠭᠦᠨ ᠠᠴᠠ ᠪᠣᠯᠤᠭᠰᠠᠨ ᠦᠷ᠎ᠡ ᠳ᠋ᠦᠩ᠂ | ᠬᠠᠷᠢᠭᠤᠴᠠᠯᠭ᠎ᠠ ᠶᠢ ᠭᠤᠶᠤᠴᠢᠯᠠᠭᠴᠢ ᠠᠴᠠ ᠡᠭᠦᠷᠭᠡᠯᠡᠨ᠎ᠡ᠃ | ︵ᠲᠦᠷᠪᠡ︶ ᠰᠤᠷᠭᠠᠭᠤᠯᠢ ᠪᠤᠶᠤ ᠶᠠᠮᠠᠷᠪᠠ ᠪᠠᠶᠢᠭᠤᠯᠤᠮᠵᠢ ᠠᠴᠠ ᠭᠤᠶᠤᠴᠢᠯᠠᠭᠴᠢ ᠶᠢ ᠣᠷᠣᠯᠠᠨ ᠨᠡᠷ᠎ᠡ | ᠮᠡᠳᠡᠭᠦᠯᠬᠦ ᠶᠢ ᠴᠠᠭᠠᠵᠠᠯᠠᠵᠤ᠂ ᠲᠣᠭᠲᠠᠭᠠᠯ ᠢ ᠵᠥᠷᠢᠴᠡᠨ ᠲᠤᠰ ᠬᠥᠮᠦᠨ ᠤ ᠪᠠᠭᠰᠢ ᠶᠢᠨ ᠬᠢᠷᠢ ᠭᠡᠮ ᠢ | ᠨᠥᠯᠥᠭᠡᠯᠡᠬᠦ ᠳᠤ ᠬᠠᠷᠢᠭᠤᠴᠠᠯᠭ᠎ᠠ ᠶᠢ ᠭᠤᠶᠤᠴᠢᠯᠠᠭᠴᠢ ᠠᠴᠠ ᠥᠪᠡᠷ ᠢᠶᠠᠨ ᠡᠭᠦᠷᠭᠡᠯᠡᠨ᠎ᠡ᠃ | ︵ᠲᠠᠪᠤ︶ ᠭᠤᠶᠤᠴᠢᠯᠠᠭᠴᠢ ᠠᠴᠠ ᠡᠷᠬᠡᠪᠰᠢ ᠠᠯᠳᠠᠭ᠎ᠠ ᠪᠤᠷᠤᠭᠤ ᠦᠭᠡᠶ ᠬᠥᠮᠦᠨ ᠪᠦᠬᠦᠨ ᠤ ᠮᠡᠳᠡᠭᠡ | ᠵᠠᠩᠭᠢ ᠶᠢ ᠣᠨᠣᠪᠴᠢᠲᠠᠶ ᠬᠠᠩᠭᠠᠬᠤ ᠶᠢᠨ ᠬᠠᠮᠲᠤ᠂ ᠤᠯᠤᠰ ᠤᠨ ︽ᠪᠠᠭᠰᠢ ᠶᠢᠨ ᠬᠠᠤᠯᠢ︾᠂ ︽ᠪᠠᠭᠰᠢ ᠶᠢᠨ ᠬᠢᠷᠢ | ᠭᠡᠮ ᠤᠨ ᠳᠦᠷᠢᠮ︾᠂ ︽︿ᠪᠠᠭᠰᠢ ᠶᠢᠨ ᠬᠢᠷᠢ ᠭᠡᠮ ᠤᠨ ᠳᠦᠷᠢᠮ﹀ ᠢ ᠬᠡᠷᠡᠭᠵᠢᠭᠦᠯᠬᠦ ᠠᠷᠭ᠎ᠠ︾ ᠪᠣᠯᠤᠨ ᠲᠤᠰ | ᠠᠯᠪᠠᠨ ᠵᠠᠷ ᠲᠤ ᠪᠠᠭᠰᠢ ᠶᠢᠨ ᠬᠢᠷᠢ ᠭᠡᠮ ᠢ ᠮᠠᠭᠠᠳᠯᠠᠨ ᠲᠤᠭᠲᠠᠭᠠᠬᠤ ᠲᠥᠷᠥᠯ ᠢᠯᠭᠠᠯ᠂ ᠮᠠᠭᠠᠳᠯᠠᠨ ᠲᠤᠭᠲᠠᠭᠠᠬᠤ | ᠨᠥᠬᠦᠴᠡᠯ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠶᠢ ᠪᠠᠲᠤᠯᠠᠬᠤ ᠬᠡᠷᠡᠭᠲᠡᠶ᠂ | ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠵᠤ ᠪᠣᠯᠬᠤ ᠦᠭᠡᠶ᠃ ᠬᠤᠪᠢ ᠬᠥᠮᠦᠨ ᠤ ᠮᠡᠳᠡᠭᠡ ᠵᠠᠩᠭᠢ ᠶᠢ | ᠬᠠᠩᠭᠠᠭᠰᠠᠨ ᠦᠭᠡᠢ ᠠᠴᠠ ᠪᠣᠯᠵᠤ ᠬᠤᠪᠢ ᠬᠥᠮᠦᠨ ᠤ ᠪᠠᠭᠰᠢ ᠶᠢᠨ ᠬᠢᠷᠢ ᠭᠡᠮ ᠢ ᠮᠠᠭᠠᠳᠯᠠᠨ ᠲᠣᠭᠲᠠᠭᠠᠵᠤ ᠳᠡᠶᠢᠯᠬᠦ | ᠦᠭᠡᠶ ᠪᠣᠯᠭᠠᠭᠰᠠᠨ ᠪᠣᠯ ᠬᠠᠷᠢᠭᠤᠴᠠᠯᠭ᠎ᠠ ᠶᠢ ᠭᠤᠶᠤᠴᠢᠯᠠᠭᠴᠢ ᠦᠪᠡᠰᠦᠪᠡᠨ ᠡᠭᠦᠷᠭᠡᠯᠡᠨ᠎ᠡ᠃ ᠬᠤᠳᠠᠯ ᠬᠡᠯᠡᠵᠦ | ᠬᠠᠭᠤᠷᠮᠠᠭᠯᠠᠨ ᠵᠣᠬᠢᠶᠠᠭᠠᠳ ᠪᠠᠭᠰᠢ ᠶᠢᠨ ᠬᠢᠷᠢ ᠭᠡᠮ ᠢ ᠮᠡᠬᠡᠯᠡᠨ ᠠᠪᠤᠭᠰᠠᠨ ᠪᠠᠶᠢᠪᠠᠯ᠂ ᠪᠠᠶᠢᠴᠠᠭᠠᠨ ᠲᠣᠳᠣᠯᠠᠭᠰᠠᠨ ᠤ | ᠳᠠᠷᠠᠭ᠎ᠠ᠂ ᠬᠠᠮᠢᠶ᠎ᠠ ᠪᠦᠬᠦᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠤᠯᠤᠰ ᠤᠨ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠵᠣᠬᠢᠴᠠᠩᠭᠤᠶ ᠰᠢᠢᠳᠪᠦᠷᠢᠯᠡᠬᠦ ᠬᠡᠷᠡᠭᠲᠡᠶ᠃ | ᠳᠠᠷᠬᠠᠨ ᠮᠣᠣᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ | 2024 ᠣᠨ ᠤ 9 ᠳ᠋ᠦ᠋ᠭᠡᠷ ᠰᠠᠷ᠎ᠠ ᠶᠢᠨ 12 ᠤᠨ ᠡᠳᠦᠷ | |