ᠪᠤᠭᠤᠳᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠮᠠᠨ ᠤ ᠬᠤᠰᠢᠭᠤᠨ ᠳᠤ ᠢᠷᠡᠵᠦ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠢ ᠬᠠᠪᠰᠤᠷᠤᠨ ᠲᠡᠳᠬᠦᠬᠦ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2024/9/18
      ︽︿ᠪᠤᠭᠤᠲᠤ ᠬᠤᠲᠠ ᠶᠢᠨ ᠲᠡᠮᠦᠷᠯᠢᠭ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠠᠶᠤᠯ ᠥᠬᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠤᠨ᠂ ᠨᠢᠭᠡ ᠠᠴᠠ ᠨᠥᠭᠦᠭᠡ ᠶᠢ  ᠵᠦᠢᠴᠢᠯᠡᠨ  ᠮᠡᠳᠡᠵᠦ᠂ ᠡᠯ᠎ᠡ  ᠵᠦᠢᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠥᠨᠴᠥᠭ ᠪᠤᠯᠤᠩ ᠦᠯᠡᠳᠡᠭᠡᠬᠦ ᠥᠬᠡᠶ ᠲᠦᠢᠯᠪᠤᠷᠢᠲᠠᠶ ᠵᠢᠭᠰᠠᠭᠠᠨ ᠪᠠᠶᠢᠴᠠᠭᠠᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠦᠴᠦᠲᠡᠶ ᠬᠠᠮᠠᠭᠠᠯᠠᠪᠠ᠃ 9 ᠰᠠᠷ᠎ᠠ ᠶᠢᠨ 11 ᠤ ᠡᠳᠦᠷ᠂ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠷ᠎ᠠ ᠪᠤᠯᠤᠯᠭ᠎ᠠ ᠪᠠᠷ᠂ ᠪᠤᠭᠤᠲᠤ ᠶᠢᠨ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠵᠢᠤᠢ ᠹᠧᠩ ᠬᠤᠪᠣᠷ ᠰᠢᠷᠣᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠵᠢᠭᠠᠨ ᠵᠢᠯᠣᠭᠤᠳᠴᠤ ᠬᠠᠪᠰᠤᠷᠤᠨ ᠲᠡᠳᠬᠦᠬᠦ ᠠᠵᠢᠯ ᠥᠷᠨᠢᠭᠦᠯᠪᠡ᠃      ᠬᠠᠪᠰᠤᠷᠤᠨ ᠲᠡᠳᠬᠦᠬᠦ ᠶᠠᠪᠤᠴᠠ ᠳᠤ᠂ ᠨᠢᠭᠡ ᠳᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠤᠭᠰᠠᠨ ᠪᠠᠶᠢᠳᠠᠯ ᠃ ᠵᠢᠯ ᠪᠦᠷᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠠ ᠠᠵᠢᠯ ᠤᠨ ᠬᠠᠷᠠᠯᠲᠠ ᠶᠢ ᠲᠣᠭᠲᠠᠭᠠᠭᠰᠠᠨ ᠡᠰᠡᠬᠦ᠂ ᠠᠶᠤᠯᠭᠦᠢ ᠦᠢᠯᠡᠳᠪᠦᠷᠢᠯᠡᠯ ᠤᠨ ᠲᠠᠯᠳᠠ ᠭᠡᠮ ᠢ ᠮᠡᠳᠡᠭᠦᠯᠬᠦ ᠳᠤ ᠱᠠᠩᠨᠠᠬᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠭᠰᠠᠨ ᠡᠰᠡᠬᠦ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠭᠰᠠᠨ ᠡᠰᠡᠬᠦ ᠶᠢ ᠪᠠᠶᠢᠴᠠᠭᠠᠨ᠎ᠠ᠃ ᠬᠤᠶᠠᠷ ᠲᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠃ ᠭᠠᠳᠠᠭᠰᠢ ᠳᠠᠭᠠᠭᠠᠴᠢᠯᠠᠭᠤᠯᠬᠤ ᠨᠢᠭᠡᠴᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠳᠠᠯᠠᠭᠰᠠᠨ ᠡᠰᠡᠬᠦ᠂ ᠠᠶᠤᠯᠲᠠᠶ ᠠᠵᠢᠯ ᠳᠤ ᠠᠵᠢᠯ ᠤᠨ ᠬᠢᠨᠠᠨ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠦᠭᠰᠡᠨ ᠡᠰᠡᠬᠦ ᠶᠢᠨ ᠬᠠᠮᠲᠤ ᠠᠵᠢᠯᠯᠠᠬᠤ ᠲᠦᠷᠢᠮ ᠢ ᠵᠢᠷᠤᠮᠯᠠᠬᠤ ᠪᠠ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ᠎ᠠ᠃ ᠭᠤᠷᠪᠠ ᠳᠤ᠂ ᠬᠦᠨᠳᠦ ᠶᠡᠭᠡ ᠠᠳᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠭᠰᠠᠨ ᠪᠠᠶᠢᠳᠠᠯ᠃ ᠠᠵᠤ ᠠᠬᠤᠶᠢᠯᠠᠯ ᠳᠤ ᠬᠦᠨᠳᠦ ᠶᠡᠭᠡ ᠠᠳᠡᠯ ᠤᠨ ᠳᠠᠯᠳᠠ ᠭᠡᠮ ᠣᠷᠣᠰᠢᠵᠤ ᠪᠠᠶᠢᠬᠤ ᠡᠰᠡᠬᠦ᠂ ᠬᠦᠨᠳᠦ ᠶᠡᠭᠡ ᠠᠳᠡᠯ ᠤᠨ ᠳᠠᠯᠳᠠ ᠭᠡᠮ ᠢ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ ᠬᠡᠪᠰᠢᠭᠰᠡᠨ ᠲᠣᠭᠲᠠᠴᠠ ᠶᠢ ᠪᠠᠶᠢᠭᠤᠯᠤᠭᠰᠠᠨ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ᠎ᠠ᠃ ᠳᠥᠷᠪᠡ ᠳᠤ ᠭᠤᠤᠯᠳᠠᠯᠭ᠎ᠠ ᠲᠠᠢ ᠭᠤᠭᠴᠤᠭ᠎ᠠ ᠶᠢᠨ ᠠᠰᠠᠭᠤᠳᠠᠯ ᠤᠨ ᠳᠠᠯᠳᠠ ᠭᠡᠮ ᠤᠨ ᠪᠠᠶᠢᠳᠠᠯ᠃ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠬᠢᠵᠠᠭᠠᠷ ᠲᠠᠢ ᠣᠷᠣᠨ ᠵᠠᠢ᠂  ᠬᠦᠳᠡᠯᠬᠡᠬᠦ ᠬᠦᠴᠦ᠂ ᠥᠨᠳᠥᠷ ᠭᠠᠵᠠᠷ᠂ ᠲᠦᠷ ᠴᠠᠭ ᠤᠨ ᠴᠠᠬᠢᠯᠭᠠᠨ ᠬᠡᠷᠡᠭᠯᠡᠬᠦ᠂ ᠪᠠᠶᠢᠴᠠᠭᠠᠵᠤ ᠰᠡᠯᠪᠢᠨ ᠵᠠᠰᠠᠬᠤ ᠵᠡᠷᠭᠡ ᠠᠶᠤᠯ ᠲᠠᠢ ᠠᠵᠢᠯ ᠤᠨ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭ᠎ᠠ ᠠᠩᠬᠠᠷᠴᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠥᠳᠡᠯᠭᠡᠬᠦ ᠬᠦᠴᠦ᠂ ᠥᠨᠳᠥᠷ ᠭᠠᠵᠠᠷ᠂ ᠪᠠᠶᠢᠴᠠᠭᠠᠵᠤ ᠰᠡᠯᠪᠢᠨ ᠵᠠᠰᠠᠬᠤ ᠵᠡᠷᠭᠡ ᠣᠨᠴᠠᠭᠠᠶ ᠠᠵᠢᠯ ᠤᠨ ᠠᠮᠤᠷ ᠲᠦᠪᠰᠢᠨ ᠤ ᠲᠦᠭᠰᠢᠭᠦᠷᠢ ᠶᠢ ᠪᠥᠬᠦ ᠲᠠᠯ᠎ᠠ ᠪᠠᠷ ᠢᠯᠭᠠᠨ ᠲᠠᠨᠢᠭᠤᠯᠵᠤ᠂ ᠠᠵᠢᠯᠯᠠᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ᠃ ᠡᠭᠦᠨ ᠤ ᠬᠠᠮᠲᠤ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠰᠣᠯᠪᠢᠴᠠᠨ ᠬᠠᠷᠢᠯᠴᠠᠨ ᠪᠠᠶᠢᠴᠠᠭᠠᠬᠤ ᠠᠵᠢᠯ ᠵᠢᠴᠢ ᠳᠠᠯᠳᠠ ᠭᠡᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠡᠷᠭᠢᠨ ᠬᠠᠷᠠᠬᠤ︾ ᠠᠵᠢᠯ ᠢ ᠥᠷᠨᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠵᠤ᠂ ᠠᠰᠠᠭᠤᠳᠠᠯ ᠢ ᠢᠯᠡᠷᠡᠭᠦᠯᠬᠦ ᠪᠠ  ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃       ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠶᠤᠯᠭᠦᠶ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠤᠭᠤᠲᠤ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠠᠮᠢᠶ᠎ᠠ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠠᠶᠤᠯᠭᠦᠶ ᠶᠢᠨ ᠬᠦᠨᠳᠦ ᠣᠨᠴᠠ ᠶᠡᠭᠡ ᠡ᠊ᠨᠳᠡᠯ ᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠪᠥᠬᠦ ᠬᠤᠰᠢᠭᠤᠨ ᠤ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠰᠠᠶᠢᠨ ᠰᠠᠶᠢᠬᠠᠨ ᠡᠮᠬᠢ ᠵᠢᠷᠤᠮ ᠲᠠᠢ ᠬᠥᠭᠵᠢᠬᠦ ᠶᠢ ᠪᠠᠳᠤᠯᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号