ᠤᠢᠢᠷ᠎ᠠ ᠶᠢᠨ ᠵᠢᠯ ᠤᠳ ᠲᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠠᠵᠤ ᠠᠬᠤᠢ ᠶᠢᠨ | ᠬᠥᠭᠵᠢᠯᠲᠡ ᠪᠠᠨ ᠲᠦᠷᠭᠡᠳᠬᠡᠵᠦ᠂ ᠨᠡᠩ ᠤᠯᠠᠨ ᠵᠠᠯᠠᠭᠤ ᠴᠢᠳᠠᠪᠤᠷᠢᠲᠠᠨ ᠲᠠᠷᠬᠠᠨ ᠮᠤᠤᠮᠢᠩᠭᠠᠨ ᠳᠤ ᠦᠯᠡᠳᠡᠵᠦ᠂ | ᠲᠠᠷᠬᠠᠨ ᠮᠤᠤᠮᠢᠩᠭᠠᠨ ᠤ ᠬᠥᠭᠵᠢᠯᠲᠡ ᠳᠤ ᠬᠦᠴᠦᠨ ᠴᠢᠳᠠᠯ ᠢᠶᠠᠨ ᠦᠵᠡᠬᠦᠯᠵᠠᠢ᠃ ᠪᠠᠶᠢᠴᠠᠭᠠᠯᠲᠠ ᠪᠠᠷ᠂ ᠮᠠᠨ ᠤ | ᠦᠢᠯᠡᠴᠢᠯᠡᠭᠰᠡᠨ ᠣᠷᠣᠨ ᠪᠦᠰᠡ ᠳᠤ 70% ᠶᠢᠨ ᠵᠠᠯᠠᠭᠤᠴᠤᠳ ᠠᠵᠢᠯ ᠤᠨ ᠴᠢᠯᠦᠭᠡᠨ ᠤ ᠴᠠᠭ ᠲᠤ ᠬᠢᠳᠡᠯ ᠦᠬᠡᠢ | ᠣᠶᠢᠳᠬᠠᠷ ᠲᠠᠢ ᠪᠠᠶᠢᠵᠤ᠂ 50% ᠶᠢᠨ ᠣᠷᠴᠢᠮ ᠤᠨ ᠵᠠᠯᠠᠭᠤᠴᠤᠳ ᠣᠯᠠᠨ ᠶᠠᠩᠵᠤ ᠶᠢᠨ ᠰᠣᠶᠣᠯ ᠤᠨ | ᠬᠦᠳᠡᠯᠭᠡᠭᠡᠨ ᠢ ᠦᠷᠨᠢᠬᠦᠯᠦᠨ ᠠᠮᠢᠳᠤᠷᠠᠯ ᠢᠶᠠᠨ ᠪᠠᠶᠠᠯᠢᠭᠵᠢᠭᠤᠯᠬᠤ ᠶᠢ ᠬᠦᠰᠡᠨ ᠡᠷᠡᠮᠡᠯᠵᠡᠵᠦ ᠪᠠᠶᠢᠨ᠎ᠠ᠃ ᠡᠨᠡ ᠨᠢ | ᠵᠠᠯᠠᠭᠤᠴᠤᠳ ᠲᠤ ᠡᠯᠪᠡᠭ ᠪᠠᠶᠠᠯᠢᠭ ᠠᠭᠤᠯᠭ᠎ᠠ ᠪᠦᠬᠦᠢ ᠣᠷᠣᠢ ᠶᠢᠨ ᠰᠤᠷᠭᠠᠭᠤᠯᠢ ᠶᠢᠨ ᠠᠵᠢᠯᠯᠠᠭ᠎ᠠ ᠬᠠᠩᠭᠠᠬᠤ ᠳᠤ | ᠬᠡᠳᠦᠢ ᠪᠠᠴᠢᠮ ᠲᠤᠯᠭᠠᠮ᠎ᠠ ᠴᠢᠬᠤᠯᠠ ᠭᠡᠳᠡᠭ ᠢ ᠪᠢᠳᠡ ᠭᠦᠨᠵᠡᠭᠡᠢ ᠲᠠᠨᠢᠭᠤᠯᠤᠭᠰᠠᠨ ᠪᠠᠶᠢᠨ᠎ᠠ᠃ ᠶᠠᠭ ᠡᠶᠢᠮᠦᠷᠬᠦᠤ | ᠠᠬᠤᠶ ᠪᠠᠶᠢᠳᠠᠯ ᠤᠨ ᠳᠣᠤᠷ᠎ᠠ᠂ ︽ᠵᠠᠯᠠᠭᠤᠴᠤᠳ ᠤᠨ ᠣᠷᠣᠶ ᠶᠢᠨ ᠰᠤᠷᠭᠠᠭᠤᠯᠢ︾ ᠵᠠᠪᠰᠢᠶᠠᠨ ᠢᠶᠠᠷ | ᠪᠠᠶᠢᠭᠤᠯᠤᠭᠳᠠᠵᠤ᠂ ᠵᠠᠯᠠᠭᠤᠴᠤᠳ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠦᠪᠯᠡᠷᠡᠬᠦᠯᠦᠨ᠂ ᠡᠯ᠎ᠡ | ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ ᠂ ᠲᠣᠭᠲᠠᠴᠠ ᠶᠢᠨ ᠰᠢᠰᠲ᠋ᠧᠮ ᠢ ᠪᠦᠷᠢᠨᠰᠢᠭᠦᠯᠬᠦ ᠪᠠᠷ | ᠳᠠᠮᠵᠢᠭᠤᠯᠤᠨ᠂ ︽ᠵᠠᠯᠠᠭᠤᠴᠤᠳ ᠤᠨ ᠣᠷᠣᠶ ᠶᠢᠨ ᠰᠤᠷᠭᠠᠭᠤᠯᠢ︾ ᠶᠢ ︽ ᠲᠠᠷᠤᠯᠳᠠ ᠶᠢ ᠲᠠᠶᠢᠯᠬᠤ + | ᠨᠡᠶᠢᠭᠡᠮ ᠤᠨ ᠬᠠᠷᠢᠯᠴᠠᠭ᠎ᠠ + ᠴᠢᠳᠠᠪᠤᠷᠢ ᠤᠯᠭᠤᠬᠤ︾ ᠣᠯᠠᠨ ᠳᠠᠪᠬᠤᠷ ᠤᠨ ᠴᠢᠳᠠᠮᠵᠢ ᠶᠢᠨ ᠡᠮᠦᠨ᠎ᠡ ᠹᠷᠣᠨᠲ ᠤᠨ | ᠵᠢᠭᠰᠠᠭᠠᠯ ᠤᠨ ᠭᠠᠵᠠᠷ ᠪᠣᠯᠭᠠᠨ ᠪᠥᠲᠥᠭᠡᠨ ᠪᠠᠶᠢᠭᠤᠯᠪᠠ ᠃ | ᠬᠤᠰᠢᠭᠤᠨ ᠤ ᠡᠪᠯᠡᠯ ᠤᠨ ᠬᠤᠷᠢᠶ᠎ᠠ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾᠂ ︽ᠨᠡᠶᠢᠳᠡᠮ | ᠠᠰᠠᠭᠤᠬᠤ ᠠᠰᠠᠭᠤᠯᠲᠠ ᠶᠢᠨ ᠬᠠᠭᠤᠳᠠᠰᠤ + ᠣᠨᠣᠪᠴᠢᠲᠠᠶ ᠠᠰᠠᠭᠤᠬᠤ︾ ᠠᠷᠭ᠎ᠠ ᠮᠠᠶ᠋ᠢᠭ ᠢᠶᠠᠷ ᠵᠠᠯᠠᠭᠤᠴᠤᠳ ᠤᠨ | ᠣᠷᠣᠢ ᠶᠢᠨ ᠰᠤᠷᠭᠠᠭᠤᠯᠢ ᠶᠢᠨ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠮᠠᠨ ᠤ ᠬᠤᠰᠢᠭᠤᠨ ᠤ ᠥᠷᠭᠡᠨ ᠣᠯᠠᠨ | ᠵᠠᠯᠠᠭᠤᠴᠤᠳ ᠤᠨ ︽ᠶᠠᠭᠤ ᠰᠤᠷᠤᠯᠴᠠᠬᠤ ᠰᠠᠨᠠᠭᠠᠳᠠᠢ︾᠂ ︽ᠶᠠᠭᠤ ᠬᠢᠬᠦ ᠰᠠᠨᠠᠭᠠᠳᠠᠢ︾ ᠶᠢ ᠲᠣᠳᠣᠷᠬᠠᠶ | ᠣᠶᠢᠯᠠᠭᠠᠪᠠ᠃ ᠵᠠᠯᠠᠭᠤᠴᠤᠳ ᠤᠨ ᠣᠷᠣᠢ ᠶᠢᠨ ᠰᠤᠷᠭᠠᠭᠤᠯᠢ ᠨᠢ ᠵᠠᠯᠠᠭᠤᠴᠤᠳ ᠢ ᠲᠠᠳᠠᠨ ᠠᠪᠴᠢᠷᠠᠨ᠂ | ᠵᠠᠯᠠᠭᠤᠴᠤᠳ ᠲᠤ ᠦᠢᠯᠡᠴᠢᠯᠡᠬᠦ᠂ ᠵᠠᠯᠠᠭᠤᠴᠤᠳ ᠢ ᠬᠦᠳᠦᠯᠦᠨ ᠵᠢᠯᠤᠭᠤᠳᠴᠤ ᠰᠤᠷᠤᠯᠴᠠᠬᠤ ᠲᠠᠪᠴᠠᠩ ᠪᠣᠯᠭᠠᠨ | ᠪᠠᠶᠢᠭᠤᠯᠵᠤ᠂ ᠪᠣᠳᠠᠲᠤ ᠪᠠᠶᠢᠳᠠᠯ ᠢ ᠪᠠᠶᠢᠴᠠᠭᠠᠬᠤ ᠳᠤ ᠰᠠᠭᠤᠷᠢᠯᠠᠵᠤ᠂ ᠵᠠᠯᠠᠭᠤᠴᠤᠳ ᠤᠨ ᠤᠷ᠎ᠠ ᠴᠢᠳᠠᠪᠤᠷᠢ ᠰᠤᠷᠬᠤ᠂ | ᠳᠤᠷ᠎ᠠ ᠰᠣᠨᠢᠷᠬᠠᠯ ᠢ ᠨᠡᠮᠡᠭᠳᠡᠭᠦᠯᠬᠦ᠂ ᠲᠠᠷᠤᠭᠠᠰᠤ ᠶᠢ ᠬᠦᠩᠭᠡᠯᠡᠬᠦ ᠵᠡᠷᠭᠡ ᠰᠢᠨ᠎ᠡ ᠪᠠᠶᠢᠳᠠᠯ ᠰᠢᠨ᠎ᠡ ᠬᠡᠷᠡᠭᠴᠡᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠵᠠᠯᠠᠭᠤᠴᠤᠳ ᠤᠨᠡᠯ᠎ᠡ ᠲᠦᠷᠦᠯ ᠤᠨ ᠬᠡᠷᠡᠭᠴᠡᠭᠡ ᠶᠢ ᠬᠠᠩᠭᠠᠬᠤ ᠪᠠᠷ ᠭᠠᠷᠳᠠᠴᠠ | ᠪᠣᠯᠭᠠᠵᠤ᠂ ᠤᠷᠠᠨ ᠪᠢᠴᠢᠯᠭᠡ᠂ ᠴᠠᠢ ᠶᠢᠨ ᠤᠷᠠᠯᠢᠭ᠂ ᠥᠳᠥᠨ ᠪᠥᠮᠪᠦᠭᠡ᠂ ᠰᠡᠳᠬᠢᠴᠡ᠂ ᠭᠤᠶᠣᠯᠠᠬᠤ᠂ ᠰᠠᠭᠰᠤᠨ | ᠪᠥᠮᠪᠦᠭᠡ ᠵᠡᠷᠭᠡ ᠲᠦᠷᠦᠯ ᠤᠨ ᠬᠢᠴᠢᠶᠡᠯ ᠢ ᠨᠡᠭᠡᠭᠡᠵᠦ᠂ ᠠᠳᠠᠯᠢ ᠪᠤᠰᠤ ᠲᠦᠷᠦᠯ ᠤᠨ ᠵᠠᠯᠠᠭᠤᠴᠤᠳ ᠲᠤ ︽ | ᠴᠠᠬᠢᠯᠭᠠᠨ ᠴᠡᠨᠡᠭᠯᠡᠵᠥ ᠡᠨᠧᠷᠬᠢ ᠣᠯᠭᠤᠨ︾ ᠵᠠᠬᠢᠶᠠᠯᠠᠨ ᠥᠭᠴᠦ᠂ ᠵᠠᠯᠠᠭᠤᠴᠤᠳ ᠤᠨ ᠣᠷᠣᠢ ᠶᠢᠨ ᠰᠤᠷᠭᠠᠭᠤᠯᠢ ᠶᠢ | ᠵᠠᠯᠠᠭᠤᠴᠤᠳ ᠤᠨ ᠠᠵᠢᠯ ᠤᠨ ᠴᠢᠯᠥᠭᠡᠨ ᠤ ᠠᠮᠢᠳᠤᠷᠠᠯ ᠤᠨ ᠴᠠᠬᠢᠯᠭᠠᠨ ᠴᠡᠨᠡᠭᠯᠡᠬᠦ ᠦᠷᠳᠡᠭᠡ ᠪᠣᠯᠭᠠᠵᠤ᠂ ᠳᠠᠷᠬᠠᠨ | ᠮᠤᠤᠮᠢᠩᠭᠠᠨ ᠬᠤᠯᠪᠤᠭᠠᠳᠤ ᠬᠤᠰᠢᠭᠤᠨ ᠤ ᠵᠠᠯᠠᠭᠤᠴᠤᠳ ᠤᠨ ︽ᠨᠢᠭᠡ ᠴᠠᠭ ᠤᠨ ᠤᠷᠤᠢ ᠶᠢᠨ ᠰᠤᠷᠭᠠᠭᠤᠯᠢ ᠶᠢᠨ | ᠰᠤᠷᠤᠯᠴᠠᠯᠭ᠎ᠠ ᠶᠢᠨ ᠬᠥᠭᠵᠢᠯᠲᠡ ᠶᠢᠨ ᠬᠦᠷᠢᠶ᠎ᠡ︾ ᠶᠢ ᠪᠠᠶᠢᠭᠤᠯᠪᠠ᠃ | ᠵᠠᠯᠠᠭᠤᠴᠤᠳ ᠤᠨ ᠣᠷᠣᠢ ᠶᠢᠨ ᠰᠤᠷᠭᠠᠭᠤᠯᠢ ᠨᠢ ᠭᠤᠣᠯᠳᠠᠭᠤ ︽ᠤᠯᠠᠨ ᠲᠦᠮᠡᠨ ᠤ ᠪᠦᠯᠬᠦᠮ + ᠨᠡᠶᠢᠭᠡᠮ | ᠲᠣᠭᠤᠷᠢᠭ + ᠨᠡᠶᠢᠭᠡᠮ︾ ᠭᠡᠬᠦ ᠭᠤᠷᠪᠠᠨ ᠲᠠᠯ᠎ᠠ ᠶᠢᠨ ᠡᠬᠢ ᠪᠠᠶᠠᠯᠢᠭ ᠢ ᠴᠤᠭᠯᠠᠭᠤᠯᠵᠤ᠂ ᠵᠠᠯᠠᠭᠤᠴᠤᠳ ᠤᠨ ᠭᠡᠷ | ᠪᠦᠯᠢ᠂ ᠪᠣᠯᠪᠠᠰᠤᠨ ᠤ ᠦᠢᠯᠡᠳᠦᠯᠭᠡ ᠶᠢᠨ ᠦᠷᠳᠡᠭᠡ ︵ᠴᠡᠭ︶ ᠵᠡᠷᠭᠡ ᠪᠠᠬᠢᠯᠡᠯᠳᠡ ᠶᠢᠨ ᠭᠠᠵᠠᠷ ᠲᠤ ᠲᠦᠰᠢᠭᠯᠡᠨ᠂ | ᠪᠣᠯᠪᠠᠰᠤᠨ ᠤ ᠦᠢᠯᠡᠳᠦᠯᠭᠡ ᠶᠢᠨ ᠰᠥᠨᠢ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠭᠤᠯᠳᠤ ᠴᠢᠭᠯᠡᠯ ᠢᠶᠠᠷ | ᠡᠪᠯᠡᠯ ᠤᠨ ᠳᠣᠲᠣᠷᠠᠬᠢ ᠪᠠᠭᠰᠢ ᠶᠢᠨ ᠬᠦᠴᠦᠨ ᠢ ᠰᠢᠯᠢᠳᠡᠭ ᠠᠴᠠ ᠰᠢᠯᠢᠳᠡᠭ ᠢ ᠨᠢ ᠰᠣᠩᠭᠤᠵᠤ᠂ ᠦᠨᠳᠦᠰᠦᠨ | ᠱᠠᠲᠤᠨ ᠤ ᠡᠪᠯᠡᠯ ᠤᠨ ᠺᠠᠳ᠋ᠷ᠂ ᠡᠪᠯᠡᠯ ᠤᠨ ᠲᠥᠯᠥᠭᠡᠯᠡᠭᠴᠢ᠂ ᠡᠪᠯᠡᠯ ᠤᠨ ᠭᠡᠰᠢᠭᠦᠨ ᠵᠠᠯᠠᠭᠤᠴᠤᠳ ᠳᠣᠲᠣᠷ᠎ᠠ ᠠᠴᠠ | ᠤᠷ᠎ᠠ ᠴᠢᠳᠠᠪᠤᠷᠢ ᠲᠠᠢ᠂ ᠳᠠᠪᠠᠭᠤᠯᠢᠭ ᠲᠠᠢ᠂ ᠣᠨᠴᠠ ᠴᠢᠳᠠᠪᠤᠷᠢ ᠲᠠᠢ ᠵᠠᠯᠠᠭᠤᠴᠤᠳ ᠢ ᠰᠣᠩᠭᠤᠨ ᠭᠠᠷᠭᠠᠨ | ᠬᠢᠴᠢᠶᠡᠯᠯᠡᠭᠦᠯᠵᠥ︔ ᠬᠥᠨᠳᠡᠯᠡᠨ ᠴᠢᠭᠯᠡᠯ ᠢᠶᠠᠷ ᠨᠡᠶᠢᠲᠡᠯᠢᠭ ᠳᠠᠭᠤᠷᠢᠶᠠᠯ᠂ ᠪᠣᠳᠠᠰ ᠤᠨ ᠪᠤᠰᠤ ᠰᠣᠶᠣᠯ ᠤᠨ | ᠤᠯᠠᠮᠵᠢᠯᠠᠭᠴᠢ᠂ ᠰᠤᠷᠭᠠᠭᠤᠯᠢ ᠶᠢᠨ ᠪᠠᠭᠰᠢ᠂ ᠦᠢᠯᠡᠰ ᠪᠤᠰᠬᠠᠭᠰᠠᠨ ᠵᠠᠯᠠᠭᠤᠴᠤᠳ ᠵᠡᠷᠭᠡ ᠨᠥᠯᠥᠭᠡᠯᠡᠬᠦ | ᠬᠦᠴᠦᠨ ᠲᠠᠢ ᠰᠢᠨ᠎ᠡ ᠪᠠᠷ ᠮᠠᠨᠳᠤᠭᠰᠠᠨ ᠵᠠᠯᠠᠭᠤᠴᠤᠳ ᠢ ᠰᠣᠩᠭᠤᠨ ᠭᠠᠷᠭᠠᠵᠤ ᠬᠢᠴᠢᠶᠡᠯᠯᠡᠭᠦᠯᠬᠦ ᠶᠢᠨ ᠬᠠᠮᠲᠤ | ᠵᠠᠯᠠᠭᠤᠴᠤᠳ ᠤᠨ ᠤᠷᠤᠢ ᠶᠢᠨ ᠰᠤᠷᠭᠠᠭᠤᠯᠢ ᠶᠢᠨ ᠪᠠᠭᠰᠢ ᠶᠢᠨ ᠬᠦᠮᠦᠷᠭᠡ ᠶᠢ ᠪᠠᠶᠢᠭᠤᠯᠵᠤ᠂ 10 ᠨᠡᠷ᠎ᠡ | ᠪᠠᠭᠰᠢ ᠶᠢ ᠨᠥᠭᠡᠴᠡᠯᠡᠬᠦ ᠶᠢᠨ ᠬᠠᠮᠲᠤ ᠬᠥᠳᠡᠯᠦᠩᠭᠦᠢ ᠪᠠᠷ ᠰᠢᠨᠡᠳᠬᠡᠨ ᠲᠡᠭᠦᠯᠳᠡᠷᠵᠢᠭᠦᠯᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ ᠲᠠᠷᠬᠠᠨ ᠮᠤᠤᠮᠢᠩᠭᠠᠨ ᠤ ᠵᠠᠯᠠᠭᠤ ᠨᠠᠰᠤ︾ | ᠸᠢᠴᠠᠲ ᠤᠨ ᠤᠯᠠᠨ ᠨᠡᠶᠢᠲᠡ ᠶᠢᠨ ᠳ᠋ᠤᠭᠠᠷ ᠢᠶᠠᠷ 20 ᠭᠠᠷᠤᠢ ᠵᠦᠢᠯ ᠤᠨ ᠵᠠᠯᠠᠭᠤᠴᠤᠳ ᠤᠨ ᠣᠷᠣᠢ ᠶᠢᠨ | ᠰᠤᠷᠭᠠᠭᠤᠯᠢ ᠶᠢᠨ ᠬᠢᠴᠢᠶᠡᠯ ᠡᠷᠬᠢᠯᠡᠵᠥ᠂ ︽ᠬᠢᠴᠢᠶᠡᠯ ᠡᠬᠢᠯᠡᠬᠦ ᠠᠭᠤᠯᠭ᠎ᠠ︾᠂ ︽ᠬᠢᠴᠢᠶᠡᠯ ᠡᠬᠢᠯᠡᠬᠦ ᠴᠠᠭ︾᠂ ︽ | ᠬᠢᠴᠢᠶᠡᠯ ᠡᠬᠢᠯᠡᠬᠦ ᠳᠠᠪᠲᠠᠮᠵᠢ︾ ᠵᠡᠷᠭᠡ 200 ᠭᠠᠷᠤᠢ ᠵᠤᠷᠪᠤᠰ ᠰᠠᠨᠠᠯ ᠰᠠᠨᠠᠭᠤᠯᠭ᠎ᠠ ᠶᠢ ᠪᠦᠬᠦ ᠲᠠᠯ᠎ᠠ ᠪᠠᠷ | ᠴᠤᠭᠯᠠᠭᠤᠯᠪᠠ︔ ᠡᠯ᠎ᠡ ᠬᠦᠷᠢᠶᠡᠨ ᠤ ᠵᠠᠯᠠᠭᠤᠴᠤᠳ ᠲᠠᠢ ᠢᠳᠡᠪᠬᠢᠲᠡᠢ ᠬᠠᠷᠢᠯᠴᠠᠵᠤ 30 ᠭᠠᠷᠤᠢ ᠵᠤᠷᠪᠤᠰ ᠰᠠᠨᠠᠯ | ᠰᠠᠨᠠᠭᠤᠯᠭ᠎ᠠ ᠶᠢ ᠴᠤᠭᠯᠠᠭᠤᠯᠪᠠ︔ ᠨᠢᠭᠡᠨᠳᠡ2 ᠬᠤᠭᠤᠴᠠᠭᠠᠨ ᠤ ᠬᠢᠴᠢᠶᠡᠯ ᠡᠬᠢᠯᠡᠭᠦᠯᠵᠥ᠂ 11 ᠵᠦᠢᠯ ᠤᠨ | ᠬᠢᠴᠢᠶᠡᠯ ᠢ ᠬᠠᠮᠤᠷᠴᠤ᠂ ᠨᠡᠶᠢᠲᠡ 100 ᠭᠠᠷᠤᠢ ᠴᠠᠭ ᠬᠢᠴᠢᠶᠡᠯᠯᠡᠵᠥ᠂ 80 ᠭᠠᠷᠤᠢ ᠵᠠᠯᠠᠭᠤᠴᠤᠳ ᠲᠤ ᠨᠡᠶᠢᠳᠡ | 500 ᠭᠠᠷᠤᠢ ᠬᠥᠮᠦᠨ ᠤᠳᠠᠭ᠎ᠠ ᠦᠢᠯᠡᠴᠢᠯᠡᠵᠦ᠂ ᠵᠠᠯᠠᠭᠤᠴᠤᠳ ᠤᠨ ᠠᠮᠢᠳᠤᠷᠠᠯ ᠤᠨ ᠬᠠᠪᠤ ᠴᠡᠩᠭᠡᠯ ᠢ | ᠨᠡᠮᠡᠭᠳᠡᠭᠦᠯᠵᠦ᠂ ᠵᠠᠯᠠᠭᠤᠴᠤᠳ ᠲᠤ ᠡᠷᠡᠭᠦᠯ ᠴᠢᠭᠢᠷᠠᠭ ᠠᠮᠢᠳᠤᠷᠠᠯ ᠢ ᠣᠯᠭᠤᠵᠤ ᠂ ᠵᠠᠯᠠᠭᠤᠴᠤᠳ ᠤᠨ ᠨᠠᠶᠢᠵᠠᠯᠠᠬᠤ | ᠭᠡᠪᠴᠢᠶ᠎ᠡ ᠶᠢ ᠦᠷᠭᠡᠳᠭᠡᠨ᠂ ᠵᠠᠯᠠᠭᠤᠴᠤᠳ ᠤᠨ ᠡᠷᠡᠭᠦᠯ ᠥᠭᠡᠳᠡᠷᠬᠡᠭ ᠰᠥᠨᠢ ᠶᠢᠨ ᠠᠮᠢᠳᠤᠷᠠᠯ ᠤᠨ ᠠᠭᠤᠷ | ᠠᠮᠢᠰᠬᠤᠯ ᠢ ᠡᠳᠦᠷ ᠢᠷᠡᠬᠦᠶ᠎ᠡ ᠵᠤᠵᠠᠭᠠᠳᠬᠠᠪᠠ᠃ | ᠲᠠᠷᠠᠭᠠᠴᠢ ᠶᠢᠨ ᠠᠯᠬᠤᠮ ᠳᠤ᠂ ︽ ᠤᠷᠤᠢ ᠵᠢᠨᠰᠤᠷᠭᠠᠭᠤᠯᠢ ᠪᠠᠷ ᠵᠠᠯᠠᠭᠤ ᠨᠠᠰᠤ ᠶᠢ ᠬᠡᠬᠡᠷᠡᠭᠦᠯᠬᠦ︾ | ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠭᠡ ᠶᠢᠨ ᠲᠦᠷᠦᠯ ᠵᠦᠢᠯ ᠨᠢ ᠤᠷᠤᠢ ᠶᠢᠨ ᠰᠤᠷᠭᠠᠭᠤᠯᠢ ᠶᠢᠨ | ᠰᠤᠷᠭᠠᠭᠤᠯᠢ ᠡᠷᠭᠢᠯᠡᠭᠰᠡᠨ ᠲᠤᠷᠰᠢᠯᠭ᠎ᠠ ᠪᠠᠨ ᠭᠦᠨᠵᠡᠭᠡᠶ ᠳ᠋ᠦᠩᠨᠡᠵᠦ᠂ ᠡᠪᠯᠡᠯ ᠤᠨ ᠬᠡᠷ ᠪᠦᠯᠢ᠂ ᠪᠣᠯᠪᠠᠰᠤᠨ ᠤ | ᠦᠢᠯᠡᠳᠦᠯᠭᠡ ᠶᠢᠨ ᠭᠠᠵᠠᠷ ︵ᠥᠷᠲᠡᠭᠡ︶ ᠢ ᠰᠠᠶᠢᠲᠤᠷ ᠬᠡᠷᠡᠭᠯᠡᠵᠦ᠂ ᠵᠠᠯᠠᠭᠤᠴᠤᠳ ᠤᠨ ᠬᠡᠷᠡᠭᠴᠡᠭᠡ ᠳᠤ | ᠠᠩᠬᠠᠷᠤᠯ ᠢᠶᠠᠨ ᠲᠥᠪᠯᠡᠷᠡᠭᠦᠯᠦᠨ᠂ ᠰᠢᠨ᠎ᠡ ᠶᠢ ᠡᠭᠦᠳᠬᠦ ᠰᠡᠳᠬᠢᠬᠦᠶ ᠶᠢ ᠬᠡᠷᠡᠭᠯᠡᠵᠦ᠂ ᠤᠷᠤᠢ ᠶᠢᠨ ᠰᠤᠷᠭᠠᠭᠤᠯᠢ ᠶᠢᠨ | ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠵᠦ ᠮᠠᠨ ᠤ ᠬᠤᠰᠢᠭᠤᠨ ᠤ ᠰᠢᠯᠢᠳᠡᠭ ᠤᠯᠠᠮᠵᠢᠯᠠᠯᠳᠤ ᠰᠤᠶᠤᠯ ᠪᠠ | ᠵᠠᠯᠠᠭᠤᠴᠤᠳ ᠤᠨ ᠲᠤᠷ᠎ᠠ ᠰᠤᠨᠢᠷᠬᠠᠯ ᠢ ᠤᠷᠭᠠᠨᠢᠭ ᠢᠶᠠᠷ ᠤᠶᠠᠯᠳᠤᠭᠤᠯᠤᠨ᠂ ᠵᠠᠯᠠᠭᠤᠴᠤᠳ ᠲᠤ ᠨᠠᠢᠮᠠᠨ ᠴᠠᠭ ᠠᠴᠠ | ᠭᠠᠳᠠᠨ᠎ᠠ ᠰᠢᠨ᠎ᠡ ᠲᠠᠯᠠᠪᠠᠢ ᠬᠠᠩᠭᠠᠵᠤ᠂ ︽ᠤᠷᠤᠢ ᠶᠢᠨ ᠰᠤᠷᠭᠠᠭᠤᠯᠢ︾ ᠶᠢ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠵᠠᠯᠠᠭᠤᠴᠤᠳ ᠤᠨ ᠡᠷᠡᠭᠦᠯ ᠰᠠᠷᠠᠭᠤᠯ ᠠᠮᠢᠳᠤᠷᠠᠯ ᠤᠨ ᠰᠢᠨ᠎ᠡ ᠬᠡᠪ ᠰᠤᠷᠲᠠᠯ ᠪᠣᠯᠭᠠᠵᠤ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠳᠤ | ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ᠃ |