ᠤᠯᠤᠰ ᠤᠨ ᠪᠠᠶᠠᠷ ᠤᠨ ᠬᠤᠭᠤᠴᠠᠭᠠᠨ ᠳᠤ ᠲᠠᠷᠬᠠᠨ ᠮᠤᠤᠮᠢᠩᠭᠠᠨ ᠳᠤ ᠲᠠᠯ᠎ᠠ ᠨᠤᠳᠤᠭ ᠤᠨ ᠮᠤᠷᠢᠨ ᠬᠤᠭᠤᠷ  ᠤᠨ ᠬᠦᠭᠵᠢᠮ ᠤᠨ ᠭᠠᠶᠢᠬᠠᠮᠰᠢᠭ ᠢ ᠬᠠᠮᠳᠦ ᠪᠠᠷ ᠰᠤᠨᠢᠷᠬᠠᠶ᠎ᠠ
ᠨᠡᠶᠢᠲᠡᠯᠡᠭᠰᠡᠨ ᠴᠠᠭ᠄
2024/9/19
      ᠤᠳᠠᠯ ᠦᠭᠡᠢ ᠪᠤᠯᠬᠤ ᠭᠡᠵᠦ ᠪᠠᠶᠢᠭ᠎ᠠ ᠲᠠᠯ᠎ᠠ ᠨᠤᠳᠤᠭ ᠤᠨ ᠮᠤᠷᠢᠨ ᠬᠤᠭᠤᠷ ᠤᠨ ᠬᠦᠭᠵᠢᠮ ᠤᠨ ᠦᠳᠡᠰᠢᠯᠡᠭᠡ10 ᠰᠠᠷ᠎ᠠ ᠶᠢᠨ1 ᠤ ᠡᠳᠦᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠭᠯᠠᠯᠳᠠ ᠶᠢᠨ ᠲᠦᠪ ᠲᠤ ᠶᠠᠪᠤᠭᠳᠠᠬᠤ ᠪᠠᠷ ᠪᠠᠶᠢᠨ᠎ᠠ᠃      ᠲᠤᠰ ᠤᠳᠠᠭᠠᠨ ᠤ ᠲᠠᠭᠤᠤ ᠬᠦᠭᠵᠢᠮ ᠤᠨ ᠦᠳᠡᠰᠢᠯᠡᠭᠡ ᠳᠤ ᠤᠯᠠᠨ ᠤᠯᠤᠰ ᠤᠨ ᠮᠤᠷᠢᠨ ᠬᠤᠭᠤᠷ ᠤᠨ ᠶᠡᠭᠡ ᠪᠠᠭᠰᠢ ᠯᠢ ᠪᠦᠸᠧ ᠭᠤᠤᠯᠯᠠᠨ ᠲᠤᠭᠯᠠᠵᠦ᠂ ᠠᠨ ᠶᠦ᠋ ᠴᠢ ᠪᠢᠩ᠂ ᠬᠤᠷᠴᠢᠨᠬᠦᠦ᠂ ᠤᠯᠠᠭᠠᠨ ᠬᠤᠩ ᠮᠸᠢ᠂ ᠵᠤᠤ ᠱᠤ᠋ ᠵᠧᠨ᠂ ᠪᠦᠬᠦ ᠲᠡᠯᠡᠬᠡᠢ ᠶᠢᠨ ᠠᠩᠬᠠᠳᠠᠭᠴᠢ ᠡᠮᠡᠭᠳᠡᠢ ᠶᠢᠨ ᠮᠤᠷᠢᠨ ᠬᠤᠭᠤᠷ ᠤᠨ ᠬᠦᠭᠵᠢᠮ ᠤᠨ ᠪᠦᠯᠬᠦᠮ  ᠤᠨ ᠡᠮᠡᠭᠳᠡᠢ ᠮᠤᠷᠢᠨ ᠬᠤᠭᠤᠷ ᠤᠨ ᠪᠦᠯᠬᠦᠮ᠂ ︽ᠤᠯᠤᠰ ᠤᠨ ᠬᠡᠥᠬᠡᠳ︾ ᠪᠤᠯᠤᠨ ᠮᠤᠷᠢᠳᠦ ᠴᠡᠷᠢᠭ ᠤᠨ ᠬᠤᠶᠢᠴᠢ ᠦᠶ᠎ᠡ ᠶᠢᠨ ᠬᠢᠨ ᠢᠶᠠᠷ ᠪᠦᠷᠢᠯᠳᠦᠭᠰᠡᠨ ᠶᠠᠩ ᠭᠤᠸᠠᠩ ᠨᠠᠶᠢᠷᠠᠯ ᠲᠠᠭᠤᠤ ᠶᠢᠨ ᠪᠦᠯᠬᠦᠮ ᠬᠠᠪᠰᠤᠷᠤᠨ ᠲᠤᠭᠯᠠᠵᠦ᠂ ᠮᠤᠷᠢᠨ ᠬᠤᠭᠤᠷ ᠤᠨ ᠭᠤᠴᠤᠯᠠᠯ ᠬᠦᠭᠵᠢᠮ᠃ ᠮᠤᠷᠢᠨ ᠬᠤᠭᠤᠷ ᠤᠨ ᠬᠠᠮᠳᠦ ᠶᠢᠨ ᠬᠦᠭᠵᠢᠮ᠂ ᠬᠦᠭᠡᠮᠡᠢ ᠶᠢᠨ ᠲᠠᠭᠤᠯᠠᠯ᠂ ᠡᠰᠲᠷᠠᠳ᠋ ᠬᠦᠭᠵᠢᠮ᠂ ᠪᠦᠵᠢᠭ᠂ ᠨᠠᠶᠢᠷᠠᠯ ᠲᠠᠭᠤᠤ ᠵᠡᠷᠭᠡ ᠤᠷᠠᠯᠢᠭ ᠤᠨ ᠬᠡᠯᠪᠡᠷᠢ ᠪᠠᠷ ᠢᠷᠠᠭᠤ ᠰᠠᠶᠢᠬᠠᠨ ᠮᠤᠷᠢᠨ ᠬᠤᠭᠤᠷ ᠤᠨ ᠲᠠᠭᠠᠭᠤᠯᠠᠭ᠎ᠠ ᠪᠠᠷ ᠦᠵᠡᠭᠴᠢᠳ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ  ᠳᠠᠬᠢ ᠲᠠᠯ᠎ᠠ ᠨᠤᠳᠤᠭ ᠤᠨ ᠮᠤᠷᠢᠨ ᠬᠤᠭᠤᠷ ᠤᠨ ᠠᠶᠢᠵᠠᠮ ᠤᠨ ᠭᠠᠶᠢᠬᠠᠮᠰᠢᠭᠳᠦ ᠷᠢᠳᠢ ᠰᠢᠳᠢ ᠶᠢ ᠪᠦᠬᠦ ᠲᠠᠯ᠎ᠠ ᠪᠠᠷ ᠤᠶᠢᠯᠠᠭᠠᠬᠤ ᠪᠤᠯᠤᠨ᠎ᠠ᠃
微信图片_20240919085216.jpg
      ᠪᠢᠯᠧᠲ ᠬᠤᠳᠠᠯᠳᠤᠨ ᠠᠪᠬᠤ ᠳᠤ ᠲᠤᠤᠷᠠᠬᠢ ᠵᠦᠢᠯ ᠢ ᠮᠡᠳᠡᠬᠦ ᠴᠢᠬᠤᠯᠠᠳᠠᠢ᠄      ᠲᠤᠭᠯᠠᠯᠳᠠ ᠶᠢᠨ ᠴᠠᠭ᠄10 ᠰᠠᠷ᠎ᠠ ᠶᠢᠨ1 ᠤ ᠡᠳᠦᠷ ︵ᠭᠠᠷᠠᠭ ᠤᠨ ᠬᠤᠶᠠᠷ︶19᠄30      ᠲᠤᠭᠯᠠᠯᠳᠠ ᠶᠢᠨ ᠭᠠᠵᠠᠷ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠭᠯᠠᠯᠳᠠ ᠶᠢᠨ ᠲᠦᠪ      ᠲᠤᠭᠯᠠᠯᠳᠠ ᠶᠢᠨ ᠪᠢᠯᠧᠲ ᠤᠨ ᠦᠨ᠎ᠡ᠄VIP ᠲᠤᠭᠤᠷᠢᠭ168᠂A ᠲᠤᠭᠤᠷᠢᠭ128᠂B ᠲᠤᠭᠤᠷᠢᠭ108᠂C ᠲᠤᠭᠤᠷᠢᠭ88᠂D ᠲᠤᠭᠤᠷᠢᠭ68      ᠤᠨᠴᠠᠭᠠᠶᠢᠯᠠᠨ ᠬᠦᠷᠭᠡᠬᠦ ᠵᠦᠢᠯ᠄      VIP ᠲᠤᠭᠤᠷᠢᠭ ᠤᠨ ᠦᠵᠡᠭᠦᠯᠦᠯᠭᠡ ᠶᠢᠨ ᠲᠤᠭᠯᠠᠯᠳᠠ ᠶᠢᠨ ᠪᠢᠯᠧᠲ ᠢ ᠬᠤᠳᠠᠯᠳᠤᠨ ᠠᠪᠤᠭᠰᠠᠳ ᠳᠤ10 ᠰᠠᠷ᠎ᠠ ᠶᠢᠨ1 ᠤ ᠡᠳᠦᠷ ᠤᠨ ᠦᠳᠡ ᠶᠢᠨ ᠡᠮᠦᠨᠡᠬᠢ9᠄00 ᠴᠠᠭ ᠤᠨ ᠤᠯᠠᠨ ᠤᠯᠤᠰ ᠤᠨ ᠮᠤᠷᠢᠨ ᠬᠤᠭᠤᠷ ᠤᠨ ᠶᠡᠭᠡ ᠪᠠᠭᠰᠢ ᠯᠢ ᠪᠦᠸᠧ ᠪᠠᠭᠰᠢ ᠶᠢᠨ ᠲᠤᠰᠬᠠᠢ ᠵᠢᠭᠠᠨ ᠰᠤᠷᠭᠠᠯᠳᠠ ᠶᠢᠨ ᠬᠢᠴᠢᠶᠠᠯ ᠢ ᠬᠦᠷᠭᠡᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠷᠢᠨ ᠤᠷᠤᠯᠳᠤᠭᠠᠨ ᠤ ︽ᠭᠠᠴᠠᠭᠠᠨ ᠤ ᠰᠢᠭᠰᠢᠭᠡ ᠰᠢᠷᠢᠰ ᠤᠷᠤᠯᠳᠤᠭᠠᠨ︾ ᠭᠤᠤᠯ ᠰᠡᠳᠦᠪᠳᠦ ᠲᠡᠮᠳᠡᠭᠯᠡᠯ ᠤᠨ ᠲᠡᠪᠳᠡᠷ ᠢ ᠪᠡᠯᠡᠭᠯᠡᠨ᠎ᠡ᠃      A ᠲᠤᠭᠤᠷᠢᠭ ᠤᠨ ᠦᠵᠡᠭᠦᠯᠦᠯᠭᠡ ᠶᠢᠨ ᠲᠤᠭᠯᠠᠯᠳᠠ ᠶᠢᠨ ᠪᠢᠯᠧᠲ ᠢ ᠬᠤᠳᠠᠯᠳᠤᠨ ᠠᠪᠤᠭᠰᠠᠳ ᠳᠤ10 ᠰᠠᠷ᠎ᠠ ᠶᠢᠨ1 ᠤ ᠡᠳᠦᠷ ᠤᠨ ᠦᠳᠡ ᠶᠢᠨ ᠡᠮᠦᠨᠡᠬᠢ9 ᠄00 ᠴᠠᠭ ᠤᠨ ᠤᠯᠠᠨ ᠤᠯᠤᠰ ᠤᠨ ᠮᠤᠷᠢᠨ ᠬᠤᠭᠤᠷ ᠤᠨ ᠶᠡᠭᠡ ᠪᠠᠭᠰᠢ ᠯᠢ ᠪᠦᠸᠧ ᠪᠠᠭᠰᠢ ᠶᠢᠨ ᠲᠤᠰᠬᠠᠢ ᠵᠢᠭᠠᠨ ᠰᠤᠷᠭᠠᠯᠳᠠ ᠶᠢᠨ ᠬᠢᠴᠢᠶᠡᠯ ᠢ ᠬᠦᠷᠭᠡᠨ᠎ᠡ᠃      ᠤᠯᠠᠨ ᠤᠯᠤᠰ ᠤᠨ ᠮᠤᠷᠢᠨ ᠬᠤᠭᠤᠷ ᠤᠨ ᠶᠡᠭᠡ ᠪᠠᠭᠰᠢ ᠶᠢᠨ ᠲᠤᠰᠬᠠᠢ ᠬᠢᠴᠢᠶᠡᠯ᠄ ᠬᠦᠮᠦᠨ ᠪᠦᠷᠢ98 ᠲᠦᠭᠦᠷᠢᠭ᠂ ᠤᠷᠢᠳᠴᠢᠯᠠᠨ ᠤᠳᠠᠰᠦ ᠪᠠᠷ ᠪᠤᠯᠵᠤᠬᠤ ᠴᠢᠬᠤᠯᠠᠳᠠᠢ᠃
微信图片_20240919085226.jpg
      ᠬᠠᠷᠠᠭᠠᠯᠵᠠᠯ ᠤᠨ ᠲᠦᠷᠦ ᠶᠢᠨ ᠪᠤᠳᠤᠯᠭ᠎ᠠ᠄      1᠂ ᠪᠦᠯᠬᠦᠮ ᠤᠨ ᠪᠢᠯᠧᠲ᠄ ᠭᠤᠷᠪᠠᠨ ᠬᠦᠮᠦᠨ ᠬᠠᠮᠳᠦ ᠪᠢᠯᠧᠲ ᠠᠪᠤᠪᠠᠯ ᠨᠢᠬᠡ ᠬᠦᠮᠦᠨ ᠠᠴᠠ ᠠᠪᠬᠤ ᠦᠬᠡᠢ ︵ᠬᠤᠶᠠᠷ ᠡᠭᠦᠳᠡᠨ ᠪᠢᠯᠧᠲ ᠤᠨ ᠦᠨ᠎ᠡ ᠶᠢ ᠬᠡᠷᠡᠭᠯᠡᠪᠡᠯ᠂ ᠭᠤᠷᠪᠠᠨ ᠡᠭᠦᠳᠡᠨ ᠪᠢᠯᠧᠲ ᠤᠯᠵᠦ ᠪᠤᠯᠤᠨ᠎ᠠ︶᠃      2᠂ ᠰᠦᠯᠵᠢᠶᠡᠨ ᠤ ᠪᠢᠯᠧᠲ᠄2024 ᠤᠨ ᠤ9 ᠰᠠᠷ᠎ᠠ ᠶᠢᠨ20 ᠤ ᠡᠳᠦᠷ ᠠᠴᠠ᠂ ᠲᠤᠰ ᠲᠠᠯᠠᠪᠤᠷ ᠤᠨ ᠲᠤᠭᠯᠠᠯᠳᠠ ᠶᠢᠨ ᠪᠢᠯᠧᠲ ᠢ ᠬᠤᠳᠠᠯᠳᠤᠨ ᠠᠪᠬᠤ ᠳᠤ7 ᠨᠤᠭᠤᠯᠤᠮᠠᠯ ᠦᠨ᠎ᠡ ᠶᠢᠨ ᠬᠠᠷᠠᠭᠠᠯᠵᠠᠯ ᠢ ᠬᠦᠷᠳᠡᠨ᠎ᠡ᠃      3᠂ ᠰᠤᠷᠤᠭᠴᠢ ᠶᠢᠨ ᠪᠢᠯᠧᠲ᠄ ᠪᠦᠬᠦᠯᠢ18 ᠨᠠᠰᠤᠨ ᠠᠴᠠ ᠲᠤᠷᠤᠭᠰᠢᠬᠢ ᠰᠤᠷᠤᠭᠴᠢ ᠪᠡᠶ᠎ᠡ ᠶᠢᠨ ᠦᠨᠠᠮᠠᠯ  ᠢᠶᠠᠷ ᠢᠶᠠᠨ ᠪᠢᠯᠧᠲ ᠬᠤᠳᠠᠯᠳᠤᠨ ᠠᠪᠤᠪᠠᠯ5 ᠨᠤᠭᠤᠯᠤᠭᠠᠰᠦ ᠶᠢᠨ ᠬᠠᠷᠠᠭᠠᠯᠵᠠᠯ ᠬᠦᠷᠳᠡᠨ᠎ᠡ᠃
微信图片_20240919085236.jpg
      ᠪᠢᠯᠧᠲ ᠬᠤᠳᠠᠯᠳᠤᠨ ᠠᠪᠬᠤ ᠬᠠᠯᠠᠮᠰᠢᠯ ᠣᠳᠠᠰᠦ᠄ ᠭᠤᠤ ᠪᠠᠭᠰᠢ13684783736      ᠠᠩᠬᠠᠷᠬᠤ ᠨᠢ᠄      ᠨᠢᠭᠡ ᠬᠦᠮᠦᠨ ᠨᠦᠭᠡ ᠪᠢᠯᠧᠲ ᠠᠪᠴᠦ ᠪᠤᠯᠤᠨ᠎ᠠ᠃      ᠲᠤᠰ ᠲᠠᠯᠠᠪᠠᠢ ᠳᠤ1.2 ᠮᠧᠲᠷ ᠠᠴᠠ ᠲᠤᠷᠤᠭᠰᠢᠬᠢ ᠬᠡᠥᠬᠡᠳ ᠢ ᠪᠢᠯᠧᠲ ᠠᠪᠴᠦ ᠲᠠᠯᠠᠪᠠᠢ ᠳᠤ ᠤᠷᠤᠭᠤᠯᠤᠨ᠎ᠠ᠃ ᠨᠠᠷᠢᠨ ᠵᠦᠢᠯᠡᠰ ᠢ ᠲᠤᠤᠷᠠᠬᠢ ︽阅读原文︾ ᠬᠤᠯᠪᠤᠭᠠᠰᠦ ᠠᠴᠠ ᠨᠢᠮᠪᠠᠢ ᠤᠶᠢᠯᠠᠭᠠᠭᠠᠷᠠᠢ︕
微信图片_20240919085246.png
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号