ᠡᠨᠡ ᠬᠦ ᠰᠦᠢᠳᠭᠡᠯ ᠲᠤᠰᠢᠶᠠᠬᠤ ᠴᠢᠬᠤᠯᠠ ᠠᠵᠢᠯ ᠨᠢᠭᠡᠨᠲᠡ ᠡᠬᠢᠯᠡᠪᠡ︕
ᠨᠡᠶᠢᠲᠡᠯᠡᠭᠰᠡᠨ ᠴᠠᠭ᠄
2024/9/19
      2024 ᠣᠨ ᠤ ᠲᠤᠬᠠᠶᠢᠯᠠᠭᠰᠠᠨ ᠠᠵᠢᠯ ᠤᠨ ᠣᠨ ︵2024 ᠣᠨ ᠤ 7 ᠰᠠᠷ᠎ᠠ ᠶᠢᠨ 1 ᠤ ᠡᠳᠦᠷ — 2025 ᠣᠨ ᠤ 6 ᠰᠠᠷ᠎ᠠ ᠶᠢᠨ 30 ᠤ ᠡᠳᠦᠷ︶ ᠠᠮᠢᠳᠤᠯᠢᠭ ᠢᠶᠠᠷ ᠠᠵᠢᠯ ᠣᠯᠵᠤ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠵᠢᠯ ᠡᠬᠢᠯᠡᠪᠡ︕          ᠨᠢᠭᠡ᠂ ᠰᠦᠢᠳᠭᠡᠯ ᠲᠤᠰᠢᠶᠠᠬᠤ ᠴᠠᠭ          ᠳᠠᠭᠠᠳᠬᠠᠯ ᠢᠶᠠᠨ ᠦᠷᠭᠦᠯᠵᠢᠯᠡᠨ ᠲᠤᠰᠢᠶᠠᠬᠤ ᠬᠥᠮᠦᠰ᠄ ᠪᠡᠶ᠎ᠡ ᠪᠠᠨ ᠳᠠᠭᠠᠭᠠᠵᠤ ᠰᠦᠢᠳᠭᠡᠯ ᠲᠤᠰᠢᠶᠠᠬᠤ ᠴᠠᠭ ᠨᠢ 7 ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠪᠤᠯᠳᠠᠯᠠᠬᠢ ᠬᠤᠭᠤᠴᠠᠭ᠎ᠠ ᠪᠣᠯᠤᠨ᠎ᠠ᠂ 12 ᠰᠠᠷ᠎ᠠ ᠶᠢᠨ 31 ᠤ ᠡᠳᠦᠷ ᠠᠴᠠ ᠰᠡᠭᠦᠯᠡᠷ ᠰᠦᠢᠳᠭᠡᠯ ᠲᠤᠰᠢᠶᠠᠬᠤ ᠬᠡᠪᠡᠯ ᠤᠷᠢᠳᠠᠪᠠᠷ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠬᠦᠷᠴᠦ ᠬᠢᠨᠠᠨ ᠲᠣᠭᠲᠠᠭᠠᠯᠭᠠᠬᠰᠠᠨ ᠤ ᠳᠠᠷᠠᠭ᠎ᠠ ᠰᠠᠶ᠋ᠢ ᠰᠦᠢᠳᠭᠡᠯ ᠲᠤᠰᠢᠶᠠᠵᠤ ᠪᠣᠯᠤᠨ᠎ᠠ᠃ ︵ᠠᠩᠬᠠᠷᠬᠤ ᠨᠢ᠄ 12 ᠰᠠᠷ᠎ᠠ ᠶᠢᠨ 31 ᠤ ᠡᠳᠦᠷ ᠠᠴᠠ ᠬᠤᠶᠢᠰᠢ ᠰᠦᠢᠳᠭᠡᠯ ᠲᠤᠰᠢᠶᠠᠬᠰᠠᠳ ᠲᠤ ᠬᠠᠷᠠᠭᠠᠯᠵᠠᠯ ᠬᠦᠯᠢᠶᠡᠬᠦ ᠬᠤᠭᠤᠴᠠᠭ᠎ᠠ ᠲᠣᠬᠢᠷᠠᠭᠤᠯᠪᠠ᠂ ᠲᠤᠬᠠᠶᠢᠯᠠᠪᠠᠯ 6 ᠰᠠᠷ᠎ᠠ ᠪᠤᠯᠤᠬᠰᠠᠨ ᠤ ᠳᠠᠷᠠᠭ᠎ᠠ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠨ᠎ᠡ︶᠃          ᠰᠢᠨ᠎ᠡ ᠪᠠᠷ ᠳᠠᠭᠠᠳᠬᠠᠯ ᠳᠤ ᠣᠷᠣᠯᠴᠠᠭᠰᠠᠳ᠄ ᠪᠥᠬᠦ ᠵᠢᠯ ᠳᠤ ᠪᠦᠷ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠵᠤ ᠪᠣᠯᠤᠨ᠎ᠠ᠂ ᠳᠠᠭᠠᠳᠬᠠᠯ ᠳᠤ ᠣᠷᠣᠭᠠᠳ 6 ᠰᠠᠷ᠎ᠠ ᠰᠦᠢᠳᠭᠡᠯ ᠲᠤᠰᠢᠶᠠᠭᠰᠠᠨ ᠤ ᠳᠠᠷᠠᠭ᠎ᠠ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠭᠥᠷᠳᠡᠨ᠎ᠡ᠃          ᠬᠤᠶᠠᠷ᠂ ᠰᠦᠢᠳᠬᠡᠯ ᠲᠤᠰᠢᠶᠠᠬᠤ ᠵᠣᠭᠤᠰ ᠤᠨ ᠲᠤᠭ᠎ᠠ          ︵ᠨᠢᠭᠡ︶ ᠰᠦᠢᠳᠭᠡᠯ ᠲᠤᠰᠢᠶᠠᠬᠤ ᠰᠠᠭᠤᠷᠢ ᠲᠤᠭ᠎ᠠ 2023 ᠣᠨ ᠤ ᠥᠪᠡᠷᠲᠡᠭᠡᠨ ᠵᠠᠰᠠᠬᠤ ᠣᠷᠣᠨ ᠤ ᠪᠥᠬᠦ ᠰᠢᠰᠲ᠋ᠧᠮ ᠤᠨ ᠬᠤᠲᠠ ᠪᠠᠯᠭᠠᠰᠤ ᠶᠢᠨ ᠨᠢᠭᠡᠴᠡ ᠳᠤ ᠠᠵᠢᠯ ᠣᠯᠤᠭᠰᠠᠳ ᠤᠨ ᠳᠤᠮᠳᠠᠴᠢ ᠴᠠᠯᠢᠩ ᠨᠢ 97260 ᠲᠥᠭᠦᠷᠢᠭ ᠪᠣᠯᠤᠨ᠎ᠠ᠂ ᠲᠤᠬᠠᠶᠢᠯᠠᠪᠠᠯ ᠰᠠᠷ᠎ᠠ ᠶᠢᠨ ᠳᠤᠮᠳᠠᠴᠢ ᠴᠠᠯᠢᠩ ᠨᠢ 8105 ᠲᠥᠭᠦᠷᠢᠭ ᠪᠣᠯᠤᠨ᠎ᠠ᠃          ︵ᠬᠤᠶᠠᠷ︶ ᠰᠦᠢᠳᠭᠡᠯ ᠲᠤᠰᠢᠶᠠᠬᠤ ᠬᠠᠷᠢᠴᠠᠯ ᠵᠢᠴᠢ ᠵᠣᠭᠤᠰ ᠤᠨ ᠲᠤᠭ᠎ᠠ ᠰᠦᠢᠳᠭᠡᠯ ᠲᠤᠰᠢᠶᠠᠬᠤ ᠬᠠᠷᠢᠶ᠎ᠠ ᠬᠤᠭᠤᠴᠠᠭ᠎ᠠ᠄ 2024 ᠣᠨ ᠤ 7 ᠰᠠᠷ᠎ᠠ ᠠᠴᠠ 2025 ᠣᠨ ᠤ 6 ᠰᠠᠷ᠎ᠠ ︵ᠨᠢᠭᠡ ᠡᠮᠴᠢᠯᠡᠭᠡᠨ ᠤ ᠳᠠᠭᠠᠳᠬᠠᠯ ᠤᠨ ᠣᠨ ᠨᠢ ᠨᠡᠶᠢᠲᠡ 12 ᠰᠠᠷ᠎ᠠ︶          ᠭᠤᠷᠪᠠ᠂ ᠰᠦᠢᠳᠭᠡᠯ ᠲᠤᠰᠢᠶᠠᠬᠤ ᠠᠷᠭ᠎ᠠ ᠵᠠᠮ          ᠳᠠᠭᠠᠳᠬᠠᠯ ᠢᠶᠠᠨ ᠦᠷᠭᠦᠯᠵᠢᠯᠡᠨ ᠲᠤᠰᠢᠶᠠᠬᠤ ᠬᠥᠮᠦᠰ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠠᠩᠭᠠᠭᠰᠠᠨ ︽ᠰᠦᠯᠵᠢᠶᠡᠨ ᠳᠡᠭᠡᠷᠡᠬᠢ︾ ᠪᠠ ︽ᠰᠦᠯᠵᠢᠶᠡᠨ ᠭᠠᠳᠠᠨᠠᠬᠢ︾ ᠠᠷᠭ᠎ᠠ ᠵᠠᠮ ᠢᠶᠠᠷ ᠳᠡᠮᠵᠢᠨ ᠰᠦᠢᠳᠭᠡᠯ ᠲᠤᠰᠢᠶᠠᠨ᠎ᠠ᠃          ᠰᠢᠨ᠎ᠡ ᠪᠠᠷ ᠳᠠᠭᠠᠳᠬᠠᠯ ᠳᠤ ᠣᠷᠣᠯᠴᠠᠭᠰᠠᠨ ᠬᠥᠮᠦᠰ ᠡᠮᠴᠢᠯᠡᠭᠡᠨ ᠤ ᠳᠠᠭᠠᠳᠬᠠᠯ ᠤᠨ ᠭᠠᠷᠲᠠᠨ ᠬᠦᠢᠴᠡᠳᠬᠡᠬᠦ ᠪᠠᠶᠢᠭᠤᠯᠤᠮᠵᠢ ᠳᠤ ᠳᠠᠭᠠᠳᠬᠠᠯ ᠳᠤ ᠣᠷᠣᠯᠴᠠᠬᠤ ᠳᠡᠩᠰᠡᠯᠡᠯᠲᠡ ᠬᠢᠭᠰᠡᠨ ᠤ ᠳᠠᠷᠠᠭ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠠᠩᠭᠠᠭᠰᠠᠨ ︽ᠰᠦᠯᠵᠢᠶᠡᠨ ᠳᠡᠭᠡᠷᠡᠬᠢ︾ ᠪᠠ ︽ ᠰᠦᠯᠵᠢᠶᠡᠨ ᠭᠠᠳᠠᠨᠠᠬᠢ︾ ᠠᠷᠭ᠎ᠠ ᠵᠠᠮ ᠢᠶᠠᠷ ᠰᠦᠢᠳᠭᠡᠯ ᠲᠤᠰᠢᠶᠠᠨ᠎ᠠ᠃          ︽ᠰᠦᠯᠵᠢᠶᠡᠨ ᠳᠡᠭᠡᠷᠡᠬᠢ︾ ᠠᠷᠭ᠎ᠠ ᠵᠠᠮ ᠳᠤ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ APP᠂ ᠸᠢᠴᠠᠲ ᠤᠨ ᠵᠢᠵᠢᠭ ᠫᠷᠤᠭ᠍ᠷᠠᠮ᠂ ᠸᠢᠴᠠᠲ ᠤᠨ ᠬᠤᠲᠠ ᠶᠢᠨ ᠦᠢᠯᠡᠴᠢᠯᠡᠭᠡ᠂ ᠲᠣᠭᠠᠴᠠᠭ᠎ᠠ ᠬᠢᠬᠦ ᠡᠷᠳᠡᠨᠢ ᠶᠢᠨ ᠬᠤᠲᠠ ᠶᠢᠨ ᠠᠷᠠᠳ ᠤᠨ ᠲᠥᠪ᠂ ᠦᠪᠦᠷ ᠮᠤᠩᠭᠤᠯ ᠤᠨ ᠲᠦᠷᠭᠡᠨ ᠬᠦᠢᠴᠡᠳᠭᠡᠯᠳᠡ᠂ ᠪᠠᠶᠢᠭᠠᠯᠢ ᠬᠥᠮᠦᠨ ᠤ ᠡᠯᠧᠺᠳ᠋ᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ WEB ᠬᠡᠷᠡᠭᠯᠡᠭᠴᠢᠳ ᠤᠨ ᠦᠵᠦᠷᠯᠢᠭ ᠵᠡᠷᠭᠡ ᠪᠤᠢ︔ ︽ᠰᠦᠯᠵᠢᠶᠡᠨ ᠭᠠᠳᠠᠨᠠᠬᠢ︾ ᠠᠷᠭ᠎ᠠ ᠵᠠᠮ ᠳᠤ ᠭᠠᠶᠢᠯᠢ ᠬᠦᠢᠴᠡᠳᠭᠡᠬᠦ ᠦᠢᠯᠡᠴᠢᠯᠡᠭᠡᠨ ᠤ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠭᠠᠶᠢᠯᠢ ᠶᠢᠨ ᠶᠠᠪᠤᠳᠠᠯ ᠤᠨ ᠴᠣᠩᠬᠤ ᠵᠡᠷᠭᠡ ᠪᠤᠢ᠃ ︽ᠰᠦᠯᠵᠢᠶᠡᠨ ᠳᠡᠭᠡᠷᠡᠬᠢ︾ ᠠᠷᠭ᠎ᠠ ᠵᠠᠮ ᠢᠶᠠᠷ ᠰᠦᠢᠳᠭᠡᠯ ᠲᠤᠰᠢᠶᠠᠬᠤ ᠪᠠᠷ ᠤᠷᠢᠳ ᠢᠶᠠᠷ ᠮᠡᠳᠡᠭᠦᠯᠬᠦ ᠶᠢ ᠰᠠᠨᠠᠭᠤᠯᠤᠶ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号