ᠮᠠᠨ ᠤ ᠭᠠᠴᠠᠭ᠎ᠠ ᠬᠡᠴᠡᠭᠦᠦ ᠪᠠᠶᠢᠨ᠎ᠠ︕ ᠬᠠᠮᠲᠤ ᠶᠢᠨ ᠠᠵᠤ ᠠᠬᠤᠢ ᠨᠢ ᠵᠢᠯ ᠳᠤ 24 ᠲᠥᠮᠡᠨ ᠳᠥᠭᠦᠷᠢᠭ ᠤᠨ ᠣᠷᠣᠯᠭ᠎ᠠ ᠲᠠᠢ ᠪᠤᠯᠵᠤ᠂ ᠠᠷᠠᠳ ᠲᠤ ᠠᠰᠢᠭ ᠬᠥᠷᠳᠡᠭᠡᠭᠦ ᠳᠤ ᠬᠠᠭᠠᠰ ᠢᠯᠡᠭᠦᠥ ᠶᠢ ᠨᠢ ᠵᠠᠷᠤᠴᠠᠭᠤᠯᠪᠠ
ᠨᠡᠶᠢᠲᠡᠯᠡᠭᠰᠡᠨ ᠴᠠᠭ᠄
2024/9/19
      ︽ᠬᠡᠴᠢᠨᠡᠨ ᠵᠢᠯ ᠪᠡᠶ᠎ᠡ ᠪᠠᠨ ᠪᠠᠶᠢᠴᠠᠭᠠᠵᠤ ᠥᠩᠭᠡᠷᠡᠭᠰᠡᠨ ᠦᠭᠡᠢ᠂ ᠡᠨᠡ ᠤᠳᠠᠭ᠎ᠠ ᠥᠪᠡᠷ ᠢᠶᠠᠨ ᠨᠢᠭᠡ ᠮᠥᠩᠭᠦ ᠴᠦ ᠵᠠᠷᠤᠭᠰᠠᠨ ᠦᠭᠡᠢ᠂ ᠭᠠᠴᠠᠭ᠎ᠠ ᠵᠣᠭᠤᠰ ᠭᠠᠷᠭᠠᠨ ᠪᠢᠳᠡᠨ ᠢ ᠳᠠᠭᠠᠭᠤᠯᠤᠨ ᠪᠡᠶ᠎ᠡ ᠶᠢᠨ ᠪᠠᠶᠢᠴᠠᠭᠠᠯᠲᠠ ᠬᠢᠯᠭᠡᠵᠦ᠂ ᠪᠢᠳᠡᠨ ᠳᠤ ᠬᠠᠮᠲᠤ ᠶᠢᠨ ᠠᠵᠤ ᠠᠬᠤᠢ ᠶᠢᠨ ᠠᠪᠴᠢᠷᠠᠵᠤ ᠥᠭᠭᠦᠭᠰᠡᠨ ᠪᠣᠳᠠᠲᠤ ᠠᠰᠢᠭ ᠢ ᠮᠡᠳᠡᠷᠡᠭᠦᠯᠪᠡ᠃︾ ᠭᠡᠵᠥ 8 ᠰᠠᠷ᠎ᠠ ᠶᠢᠨ ᠳᠤᠮᠳᠠᠴᠢ ᠪᠠᠷ ᠰᠦᠢᠳᠬᠡᠯ ᠬᠤᠷᠢᠶᠠᠬᠤ ᠥᠬᠡᠶ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠰᠠᠨ ᠪᠠᠶ᠋ᠬᠠᠤᠪᠤᠭ᠎ᠠ ᠰᠤᠮᠤ ᠶᠢᠨ ᠪᠠᠶᠠᠨᠪᠤᠯᠠᠭ ᠭᠠᠴᠠᠭᠠᠨ ᠤ ᠮᠠᠯᠴᠢᠨ ᠭᠦᠸᠧ ᠸᠧᠶ  ᠲᠠᠯᠠᠷᠬᠠᠯ ᠤᠨ ᠰᠡᠳᠬᠢᠯᠭᠡ ᠪᠠᠨ ᠳᠠᠷᠤᠵᠤ ᠶᠠᠳᠠᠨ ᠶᠠᠷᠢᠵᠥ ᠪᠠᠶᠢᠯ᠎ᠠ᠃ ᠬᠠᠮᠲᠤ ᠶᠢᠨ ᠠᠵᠤ ᠠᠬᠤᠶ ᠶᠢᠨ ᠠᠪᠴᠢᠷᠠᠭᠰᠠᠨ ᠠᠰᠢᠭ ᠲᠤᠰᠠ ᠪᠠ ᠰᠠᠶᠢᠨ ᠲᠠᠯ᠎ᠠ ᠶᠢ ᠡᠳ᠋ᠯᠡᠭᠰᠡᠨ ᠢᠶᠠᠷ ᠪᠠᠷᠠᠬᠤ ᠥᠬᠡᠶ᠂ ᠶᠠᠭ ᠡᠮᠦᠨᠡᠲᠦ ᠣᠷᠣᠨ ᠤ ᠲᠠᠷᠢᠶᠠᠯᠠᠩ ᠤᠨ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠥᠬᠢᠨ ᠴᠦ ᠨᠢᠳᠤᠨᠤᠨ ᠠᠴᠠ 2000 ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠵᠠᠶ᠃      ᠣᠶᠢᠷ᠎ᠠ ᠳᠤ᠂ ᠪᠠᠶᠠᠨᠪᠤᠯᠠᠭ ᠭᠠᠴᠠᠭ᠎ᠠ ᠬᠠᠷᠢᠶᠠᠲᠤ ᠣᠷᠣᠨ ᠤ 40 - 50 ᠪᠦᠬᠦᠯᠢ ᠨᠠᠰᠤᠨ ᠤ 60 ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠤᠨ ᠰᠦᠢᠳᠭᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠬᠥᠮᠦᠨ ᠪᠦᠷᠢ ᠳᠤ 599 ᠲᠥᠭᠦᠷᠢᠭ ᠤᠨ ᠪᠠᠷᠢᠮᠵᠢᠶ᠎ᠠ ᠪᠠᠷ ᠬᠠᠮᠲᠤ ᠶᠢᠨ ᠠᠵᠤ ᠠᠬᠤᠶ ᠶᠢᠨ ᠣᠷᠣᠯᠭ᠎ᠠ ᠠᠴᠠ 35940 ᠲᠥᠭᠦᠷᠢᠭ ᠤᠨ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ ᠢ ᠭᠠᠷᠭᠠᠵᠤ᠂ ᠣᠯᠠᠨ ᠲᠦᠮᠡᠨ ᠳᠤ ᠰᠦᠶ᠋ᠳᠬᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠬᠦ ᠵᠢᠴᠢ ᠬᠤᠳᠣᠭᠤᠳᠤ ᠭᠡᠳᠡᠰᠦᠨ ᠤ ᠲᠣᠯᠢ ᠶᠢᠨ ᠪᠠᠶᠢᠴᠠᠭᠠᠯᠲᠠ ᠬᠢᠵᠦ᠂ ᠮᠠᠯᠴᠢᠨ ᠲᠠᠷᠢᠶᠠᠴᠢᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠪᠠ᠃      ᠪᠠᠶ᠋ᠬᠠᠤᠪᠤᠭ᠎ᠠ ᠰᠤᠮᠤᠨ ᠤ ᠪᠠᠶᠠᠨᠪᠤᠯᠠᠭ ᠭᠠᠴᠠᠭ᠎ᠠ ᠨᠢ ᠪᠠᠲᠤᠬᠠᠭᠠᠯᠭ᠎ᠠ ᠪᠠᠯᠭᠠᠰᠤ ᠠᠴᠠ ᠬᠤᠶᠢᠰᠢ 2 ᠺᠢᠯᠣᠮᠧᠳ᠋ᠷ ᠵᠠᠶᠢᠲᠠᠶ ᠪᠠᠶᠢᠷᠢᠯᠠᠵᠤ᠂ ᠭᠠᠴᠠᠭᠠᠨ ᠤ ᠶᠡᠷᠦᠩᠬᠡᠶ ᠲᠠᠯᠠᠪᠠᠶ ᠨᠢ 66 ᠲᠦᠮᠡᠨ ᠮᠥ ᠪᠠᠶᠢᠵᠤ᠂ ᠡᠪᠡᠰᠦ ᠪᠣᠷᠳᠣᠭᠠᠨ ᠤ ᠲᠠᠷᠢᠶᠠᠨ ᠭᠠᠵᠠᠷ ᠤᠨ ᠲᠠᠯᠠᠪᠠᠶ ᠨᠢ 2100 ᠮᠥ᠂ ᠪᠠᠶᠢᠩᠭᠤ ᠰᠠᠭᠤᠭ᠎ᠠ ᠬᠥᠮᠦᠨ ᠠᠮᠠ ᠶᠢᠨ ᠳᠤᠭ᠎ᠠ ᠨᠢ 352 ᠬᠥᠮᠦᠨ᠂ ᠭᠠᠴᠠᠭᠠᠨ ᠤ ᠭᠤᠤᠯᠯᠠᠬᠤ ᠠᠵᠤ ᠦᠢᠯᠡᠰ ᠪᠣᠯ ᠲᠠᠷᠢᠮᠠᠯ ᠤᠨ ᠦᠢᠯᠡᠰ ᠪᠠ ᠲᠡᠵᠢᠭᠡᠨ ᠦᠷᠡᠵᠢᠭᠦᠯᠬᠦ ᠦᠢᠯᠡᠰ ᠪᠣᠯᠤᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠪᠠᠶᠠᠨᠪᠤᠯᠠᠭ ᠭᠠᠴᠠᠭ᠎ᠠ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ᠂ ᠨᠠᠮ ᠤᠨ ᠡᠭᠦᠷ ᠤᠨ ᠴᠢᠳᠠᠪᠤᠷᠢ ᠶᠢ ᠲᠥᠪᠯᠡᠷᠡᠭᠦᠯᠬᠦ ᠶᠢ ᠪᠠᠷᠢᠮᠲᠠᠯᠠᠵᠤ᠂ ᠬᠠᠮᠲᠤ ᠶᠢᠨ ᠠᠵᠤ ᠠᠬᠤᠶ ᠶᠢᠨ ︽ᠴᠢᠰᠤ ᠪᠦᠲᠦᠭᠡᠬᠦ︾ ᠴᠢᠳᠠᠮᠵᠢ ᠶᠢ ᠴᠢᠩᠭᠠᠳᠬᠠᠬᠤ ᠶᠢ ᠴᠢᠬᠤᠯᠠᠴᠢᠯᠠᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠬᠥᠭᠵᠢᠭᠦᠯᠦᠨ ᠪᠤᠵᠠᠭᠠᠶᠢᠷᠠᠭᠤᠯᠵᠤ᠂ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠠᠷ ᠮᠠᠯᠴᠢᠨ ᠲᠠᠷᠢᠶᠠᠴᠢᠨ ᠢ ᠲᠡᠳᠬᠦᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠰᠠᠶᠢᠨ ᠡᠷᠭᠢᠯᠳᠡ ᠶᠢᠨ ᠵᠠᠮ ᠢ ᠨᠡᠭᠡᠭᠡᠪᠡ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠪᠠᠶᠠᠨᠪᠤᠯᠠᠭ ᠭᠠᠴᠠᠭ᠎ᠠ ᠳᠤ 2 ᠲᠦᠮᠡ ᠭᠠᠷᠤᠶ ᠮᠥ ᠨᠡᠶᠢᠳᠡ  ᠶᠢᠨ ᠨᠣᠳᠤᠭ ᠪᠡᠯᠴᠢᠭᠡᠷ᠂ 277 ᠮᠥ ᠲᠡᠵᠢᠭᠡᠯ ᠡᠪᠡᠰᠦ ᠪᠣᠷᠳᠤᠭ᠎ᠠ ᠳᠠᠷᠢᠬᠤ ᠰᠠᠭᠤᠷᠢᠨ ᠭᠠᠵᠠᠷ ᠵᠢᠴᠢ 2022 ᠣᠨ ᠳᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠰᠠᠭᠤᠷᠢ ᠮᠥᠩᠭᠦ ᠶᠢ ᠠᠰᠢᠭᠯᠠᠨ ᠪᠠᠶᠢᠭᠤᠯᠤᠭᠰᠠᠨ 3000 ᠲᠡᠭᠰᠢ ᠳᠥᠷᠪᠡᠯᠵᠢᠨ ᠮᠧᠲᠷ ᠮᠢᠬᠠᠨ ᠤ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠᠶᠢᠵᠤ᠂ ᠲᠦᠷᠢᠶᠡᠰᠦᠯᠡᠬᠦ ᠠᠷᠭ᠎ᠠ ᠮᠠᠶ᠋ᠢᠭ ᠢᠶᠠᠷ ᠳᠡᠮᠵᠢᠨ ᠠᠰᠢᠭ ᠣᠯᠵᠠᠪᠤᠷᠢ ᠶᠢ ᠪᠡᠶᠡᠯᠡᠭᠦᠯᠦᠨ᠎ᠡ᠂ ᠡᠭᠦᠨ ᠠᠴᠠ ᠭᠠᠳᠠᠨ᠎ᠠ ᠪᠠᠰᠠ ᠬᠤᠰᠢᠭᠤᠨ ᠤ ᠬᠠᠪᠰᠤᠷᠤᠨ ᠲᠡᠳᠬᠦᠵᠦ ᠪᠢᠴᠢᠯ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠥᠷᠲᠡᠭᠡ ᠪᠠᠶᠢᠭᠤᠯᠵᠤ᠂ ᠵᠢᠯ ᠪᠦᠷᠢ ᠴᠠᠬᠢᠯᠭᠠᠨ ᠬᠤᠳᠠᠯᠳᠤᠬᠤ ᠪᠠᠷ ᠳᠡᠮᠵᠢᠨ ᠪᠠᠰᠠ ᠡᠳᠦᠶ ᠲᠡᠳᠦᠶ ᠠᠰᠢᠭ ᠣᠷᠣᠯᠭ᠎ᠠ ᠣᠯᠵᠤ᠂ 2023 ᠣᠨ ᠳᠤ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠡᠶᠢᠲᠡ 24 ᠲᠦᠮᠡ ᠭᠠᠷᠤᠶ ᠲᠥᠭᠦᠷᠢᠭ ᠬᠦᠷᠴᠡᠶ᠃ 2023 ᠣᠨ ᠳᠤ ᠪᠠᠶᠠᠨᠪᠤᠯᠠᠭ ᠭᠠᠴᠠᠭ᠎ᠠ ᠳᠤ ᠪᠦᠬᠦᠯᠢ 60 ᠨᠠᠰᠤᠨ ᠠᠴᠠ ᠳᠡᠭᠡᠭᠰᠢᠬᠢ 93 ᠨᠡᠷᠡᠰ ᠮᠠᠯᠴᠢᠨ ᠲᠠᠷᠢᠶᠠᠴᠢᠨ ᠳᠤ ᠡᠮ ᠡᠮᠨᠡᠯᠭᠡ ᠶᠢᠨ ᠳᠠᠭᠠᠳᠬᠠᠯ ᠤᠨ ᠮᠥᠩᠭᠦ 35000 ᠭᠠᠷᠤᠶ ᠲᠥᠭᠦᠷᠢᠭ᠂ 65 ᠨᠡᠷᠡᠰ ᠮᠠᠯᠴᠢᠨ ᠲᠠᠷᠢᠶᠠᠴᠢᠨ ᠳᠤ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ 36400 ᠭᠠᠷᠤᠶ ᠲᠥᠭᠦᠷᠢᠭ᠂ 34 ᠨᠡᠷᠡᠰ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠳᠡᠭᠡᠭᠰᠢᠬᠢ ᠰᠤᠷᠤᠭᠴᠢᠳ ᠲᠤ ᠰᠤᠷᠭᠠᠨ ᠬᠥᠮᠦᠵᠢᠯ ᠤᠨ ᠨᠥᠬᠦᠪᠥᠷᠢ 72000 ᠲᠥᠭᠦᠷᠢᠭ ᠥᠭᠴᠦ᠂ ᠵᠡᠭᠦᠨ ᠪᠠᠷᠠᠭᠤᠨ ᠠᠮᠠᠨ ᠤᠰᠤ ᠲᠣᠭᠤᠷᠢᠭ ᠤᠨ ᠰᠢᠨ᠎ᠡ ᠪᠠᠷ ᠤᠭᠰᠠᠷᠠᠭᠰᠠᠨ ᠨᠡᠷᠡᠨ ᠡᠨᠧᠷᠭᠢ ᠶᠢᠨ ᠵᠠᠮ ᠤᠨ ᠳ᠋ᠧᠩ ᠳᠤ 15000 ᠭᠠᠷᠤᠶ ᠲᠥᠭᠦᠷᠢᠭ ᠵᠠᠷᠤᠴᠠᠭᠤᠯᠵᠤ ᠂ ᠪᠥᠭᠦ ᠨᠡᠶᠢᠲᠡ 16 ᠲᠦᠮᠡᠨ ᠲᠥᠭᠦᠷᠢᠭ ᠰᠢᠬᠠᠮ ᠢ ᠨᠢ ᠵᠠᠷᠤᠴᠠᠭᠤᠯᠪᠠ᠃      ︽ᠮᠠᠯᠴᠢᠨ ᠲᠠᠷᠢᠶᠠᠴᠢᠨ ᠤ ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠤᠳᠠᠯ ᠥᠬᠡᠶ ᠭᠠᠷᠴᠤ ᠢᠷᠡᠭᠰᠡᠨ ᠤ ᠳᠠᠷᠠᠭ᠎ᠠ ᠪᠢᠳᠡ ᠡᠮᠨᠡᠯᠭᠡ ᠶᠢᠨ ᠬᠤᠷᠢᠶ᠎ᠠ ᠲᠠᠢ ᠬᠠᠷᠢᠯᠴᠠᠵᠤ ᠡᠮᠴᠢ ᠲᠣᠮᠢᠯᠠᠨ ᠣᠯᠠᠨ ᠳᠤ ᠲᠠᠶᠢᠯᠤᠮᠵᠢ ᠬᠢᠯᠭᠡᠵᠦ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠮᠡᠳᠡᠭᠡ ᠵᠠᠩᠭᠢ ᠶᠢ ᠪᠦᠷᠢᠳᠬᠡᠵᠦ ᠬᠢᠨᠠᠨ ᠬᠠᠷᠭᠤᠭᠤᠯᠤᠭᠰᠠᠨ ᠤ ᠳᠠᠷᠠᠭ᠎ᠠ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠠᠷ ᠢᠶᠠᠨ ᠨᠠᠰᠤᠲᠠᠶᠢᠴᠤᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠪᠤᠴᠠᠭᠠᠨ ᠥᠭᠭᠦᠨ᠎ᠡ︾  ᠭᠡᠵᠥ ᠪᠠᠶ᠋ᠬᠠᠤᠪᠤᠭ᠎ᠠ ᠰᠤᠮᠤ ᠶᠢᠨ ᠪᠠᠶᠠᠨᠪᠤᠯᠠᠭ ᠭᠠᠴᠠᠭᠠᠨ ᠤ ᠵᠥᠪᠯᠡᠯ ᠤᠨ ᠳᠡᠳ᠋ ᠡᠷᠬᠢᠯᠡᠭᠴᠢ ᠤᠳᠤᠨᠲᠠᠨ᠎ᠠ ᠲᠠᠨᠢᠯᠴᠠᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠵᠠᠷᠤᠯᠭ᠎ᠠ ᠨᠢ ᠴᠥᠮ ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ ᠲᠦᠷᠢᠮ ᠢᠶᠠᠷ ᠪᠠᠲᠤᠯᠠᠪᠠ᠃      ︽ᠲᠠᠷᠠᠭᠠᠴᠢ ᠶᠢᠨ ᠠᠯᠬᠤᠮ ᠳᠤ᠂ ᠪᠠᠶᠠᠨᠪᠤᠯᠠᠭ ᠭᠠᠴᠠᠭ᠎ᠠ ᠦᠷᠭᠦᠯᠵᠢᠯᠡᠨ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠬᠤ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠬᠤᠤᠰ ᠡᠭᠡᠯᠵᠢ ᠪᠠᠷ ᠬᠠᠮᠲᠤ ᠪᠠᠷ ᠤᠷᠤᠭᠰᠢᠯᠠᠨ᠂ ᠬᠤᠤᠰ ᠦᠷ᠎ᠡ ᠪᠦᠲᠦᠮᠵᠢ ᠶᠢ ᠳᠠᠪᠬᠤᠴᠠᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠢᠮᠠᠭᠲᠠ ᠪᠠᠷᠢᠮᠲᠠᠯᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ︽ᠠᠷᠠᠳ ᠲᠦᠮᠡᠨ ᠢ ᠳᠡᠭᠡᠳᠦᠯᠡᠬᠦ︾ ᠥᠨᠢᠳᠡ ᠶᠢᠨ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠬᠠᠷᠢᠭᠤᠯᠵᠤ᠂ ᠲᠠᠰᠤᠷᠠᠯᠲᠠ ᠥᠬᠡᠶ ᠪᠤᠵᠠᠭᠠᠶᠢᠷᠠᠭᠰᠠᠨ ᠬᠠᠮᠲᠤ ᠶᠢᠨ ᠠᠵᠤ ᠠᠬᠤᠶ ᠪᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠠᠯᠢ ᠣᠯᠠᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠠᠮᠲᠤ ᠶᠢᠨ ᠠᠵᠤ ᠠᠬᠤᠶ ᠶᠢ  ᠭᠠᠴᠠᠭᠠᠨ ᠤ ᠰᠠᠭᠤᠭᠠᠯᠢ ᠠᠷᠠᠳ ᠤᠨ ᠵᠣᠯ ᠵᠢᠷᠭᠠᠯᠲᠤ ᠠᠮᠢᠳᠤᠷᠠᠯ ᠤᠨ ︽ᠦᠨᠡᠨ ᠲᠦᠰᠢᠭ︾ ᠪᠣᠯᠭᠠᠨ ᠪᠥᠲᠥᠭᠡᠨ ᠪᠠᠶᠢᠭᠤᠯᠤᠨ᠎ᠠ᠃︾ ᠭᠡᠵᠥ ᠤᠳᠤᠨᠲᠠᠨ᠎ᠠ ᠬᠡᠯᠡᠪᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号