ᠮᠢᠩᠭᠠᠨ ᠪᠠᠯᠭᠠᠰᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠠᠷ ︽ᠡᠬᠡ ᠪᠠᠶᠢᠭᠠᠯᠢ ᠪᠠᠨ ᠵᠠᠰᠠᠨ ᠡᠳᠡᠭᠡᠷᠡᠭᠦᠯᠪᠡ︾
ᠨᠡᠶᠢᠲᠡᠯᠡᠭᠰᠡᠨ ᠴᠠᠭ᠄
2024/9/20
      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠨ ᠦᠢᠯᠡᠳᠦᠯᠭᠡᠵᠢᠭᠦᠯᠵᠦ᠂ ᠮᠢᠩᠭᠠᠨ ᠤ ᠲᠠᠯ᠎ᠠ ᠨᠤᠲᠤᠭ ᠢ ᠠᠮᠢᠵᠢᠷᠠᠯ ᠤᠨ ᠬᠦᠴᠦᠨ ᠲᠠᠢ ᠪᠣᠯᠭᠠᠬᠤ ᠶᠢᠨ ᠬᠠᠮᠲᠤ ᠮᠠᠯᠴᠢᠳ ᠤᠨ ᠠᠯᠤᠰ ᠬᠡᠲᠦ ᠶᠢᠨ ᠠᠰᠢᠭ ᠲᠤᠰᠠ ᠶᠢ ᠪᠠᠳᠤᠯᠠᠵᠤ᠂ ᠮᠢᠩᠭᠠᠨ ᠪᠠᠯᠭᠠᠰᠤ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠᠷ ᠭᠤᠤᠯ ᠪᠣᠯᠭᠠᠭᠰᠠᠨ ︽  ᠡᠬᠡ ᠪᠠᠶᠢᠭᠠᠯᠢ ᠪᠠᠨ ᠵᠠᠰᠠᠨ ᠡᠳᠡᠭᠡᠷᠡᠬᠦᠯᠬᠦ︾  ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠢ ᠡᠬᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠤᠨ ᠠᠵᠢᠯᠲᠠᠨ ᠪᠣᠯᠤᠨ ᠦᠨᠳᠦᠰᠦᠨ ᠱᠠᠲᠤᠨ ᠤ ᠺᠠᠳ᠋ᠷ ᠢᠶᠠᠷ ᠪᠦᠷᠢᠯᠳᠦᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠪᠤᠢ ᠪᠤᠯᠭᠠᠪᠠ ᠃     ᠭᠦᠨᠵᠡᠭᠡᠢ ᠨᠠᠷᠢᠯᠢᠭ ᠣᠨᠣᠪᠴᠢᠲᠠᠢ ᠪᠠᠶᠢᠴᠠᠭᠠᠨ ᠰᠤᠳᠤᠯᠵᠤ ᠤᠬᠠᠭᠤᠯᠤᠨ ᠲᠠᠶᠢᠯᠪᠤᠷᠢᠯᠠᠪᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠲᠠᠯ᠎ᠠ ᠨᠤᠲᠤᠭ ᠲᠤ ᠭᠦᠨᠵᠡᠭᠡᠶᠢᠷᠡᠵᠦ᠂ ᠮᠠᠯᠴᠢᠳ ᠤᠨ ᠡᠷᠦᠬᠡ ᠪᠠᠷ ᠬᠦᠷᠴᠦ᠂ ᠨᠠᠷᠢᠨ ᠨᠢᠮᠪᠠᠶ ᠪᠠᠶᠢᠴᠠᠭᠠᠨ ᠰᠤᠳᠤᠯᠤᠯᠲᠠ ᠬᠢᠬᠦ ᠠᠵᠢᠯ ᠥᠷᠨᠢᠭᠦᠯᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠨᠤᠲᠤᠭ ᠪᠡᠯᠴᠢᠭᠡᠷ ᠤᠨ ᠭᠡᠳᠦ ᠪᠡᠯᠴᠢᠭᠡᠷᠯᠡᠬᠦᠯᠬᠦ ᠰᠢᠯᠳᠠᠭᠠᠨ ᠪᠠ ᠨᠥᠯᠥᠭᠡ ᠶᠢ ᠵᠠᠳᠠᠯᠪᠠ᠃ ᠡᠨᠡ ᠬᠦ ᠰᠠᠭᠤᠷᠢᠨ ᠳᠡᠭᠡᠷ᠎ᠡ᠂ ᠨᠠᠷᠢᠨ ᠨᠢᠮᠪᠠᠶ ᠪᠡᠯᠡᠳᠬᠡᠭᠰᠡᠨ ᠵᠢᠷᠤᠭ ᠢᠶᠠᠷ ᠰᠡᠷᠡᠮᠵᠢᠯᠡᠭᠦᠯᠬᠦ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠮᠠᠯᠴᠢᠳ ᠲᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠲᠠᠮᠵᠢᠭᠤᠯᠪᠠ ᠃     ᠬᠥᠭᠵᠢᠯᠲᠡ ᠶᠢᠨ ᠬᠡᠪ ᠵᠠᠭᠪᠤᠷ ᠤᠨ ᠰᠢᠨ᠎ᠡ ᠶᠢ ᠡᠭᠦᠳᠬᠦ ᠶᠢ ᠰᠦᠪᠡᠭᠴᠢᠯᠡᠪᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠤᠰ ᠪᠡᠶ᠎ᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂  ᠦᠢᠯᠡᠴᠢᠯᠡᠭᠡ  ᠶᠢ ᠪᠠᠲᠤᠯᠠᠬᠤ᠂ ᠤᠬᠠᠭᠤᠯᠵᠤ ᠬᠥᠲᠥᠯᠥᠨ ᠵᠢᠯᠣᠭᠤᠳᠬᠤ᠂ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠯᠴᠢᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠣᠶᠢᠯᠠᠭᠠᠭᠳᠠᠬᠤᠨ ᠢ ᠨᠢ ᠬᠤᠪᠢᠷᠠᠭᠤᠯᠵᠤ᠂ ᠠᠵᠤ ᠠᠬᠤᠶ ᠶᠢᠨ ᠲᠠᠩᠰᠠ᠂ ᠠᠮᠢ ᠠᠬᠤᠶ ᠶᠢᠨ ᠲᠠᠩᠰᠠ ᠶᠢ ᠲᠣᠳᠣᠷᠬᠠᠶ ᠪᠤᠳᠤᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠤᠷᠢᠲᠠᠯ ᠳᠣᠤᠷ᠎ᠠ᠂ ᠮᠠᠯ ᠠᠵᠤ ᠠᠬᠤᠶ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠪᠦᠲᠦᠴᠡ ᠪᠠᠨ ᠲᠣᠬᠢᠷᠠᠭᠤᠯᠬᠤ ᠶᠢ ᠲᠦᠷᠭᠡᠳᠬᠡᠨ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠪᠦᠲᠦᠮᠵᠢᠲᠡᠶ ᠬᠠᠮᠠᠭᠠᠯᠠᠬᠤ ᠮᠥᠷᠲᠡᠭᠡᠨ ᠮᠠᠯᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠪᠡᠶᠡᠯᠡᠭᠦᠯᠦᠨ᠎ᠡ᠃    ᠣᠨᠴᠠᠯᠢᠭᠲᠤ ᠠᠵᠤ ᠦᠢᠯᠡᠰ ᠤᠨ ᠨᠡᠷᠡᠲᠦ ᠲᠡᠮᠳᠡᠭ ᠢ ᠳᠠᠪᠲᠠᠨ ᠦᠢᠯᠡᠳᠬᠦ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂  ᠤᠨᠴᠠᠯᠢᠬᠳᠤ ᠠᠳᠤᠭᠤᠨ ᠠᠵᠤ ᠦᠢᠯᠡᠰ ᠢ ᠬᠥᠭᠵᠢᠭᠦᠯᠵᠦ᠂ ᠮᠠᠯᠵᠢᠬᠤ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠣᠷᠣᠨ ᠨᠤᠲᠤᠭ ᠤᠨ ᠲᠦᠷᠦᠯ ᠲᠡᠮᠳᠡᠭ ᠤᠨ ᠠᠯᠳᠠᠷᠰᠢᠯ ᠢ ᠳᠡᠭᠡᠭᠰᠢᠯᠡᠭᠦᠯᠵᠦ᠂ ᠴᠡᠭᠡ ᠶᠢᠨ ᠠᠵᠤ ᠦᠢᠯᠡᠰ ᠤᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠮᠠᠯᠴᠢᠨ ᠲᠦᠮᠡᠨ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ︽  ᠮᠠᠯᠴᠢᠳ ᠤᠨ ᠰᠣᠶᠣᠯ ᠵᠢᠭᠤᠯᠴᠢᠯᠠᠯ︾ ᠤᠨ ᠲᠥᠷᠥᠯ ᠵᠦᠢᠯ ᠢ ᠥᠷᠨᠢᠭᠦᠯᠵᠦ᠂ ᠮᠠᠯᠴᠢᠳ ᠢ ᠬᠠᠪᠰᠤᠷᠤᠨ ᠮᠠᠯᠵᠢᠯ ᠤᠨ ᠲᠠᠯᠠᠪᠠᠶ ᠶᠢᠨ ᠪᠠᠶᠢᠷᠢᠰᠢᠭᠤᠯᠤᠯ ᠢ ᠲᠥᠯᠥᠪᠵᠢᠭᠦᠯᠦᠨ᠂ ᠣᠨᠴᠠᠯᠢᠭᠲᠤ ᠵᠢᠭᠤᠯᠴᠢᠯᠠᠯ ᠤᠨ ᠲᠥᠷᠥᠯ ᠵᠦᠢᠯ ᠢ ᠵᠢᠷᠤᠭᠯᠠᠨ ᠲᠥᠯᠥᠪᠯᠡᠵᠦ᠂ ᠵᠢᠭᠤᠯᠴᠢᠯᠠᠭᠰᠠᠳ ᠢ ᠬᠦᠯᠢᠶᠡᠨ ᠠᠪᠬᠤ ᠦᠢᠯᠡᠴᠢᠯᠡᠭᠡᠨ ᠤ ᠪᠣᠯᠪᠠᠰᠤᠷᠠᠭᠤᠯᠤᠯ ᠬᠠᠩᠭᠠᠵᠤ᠂ ᠮᠠᠯᠴᠢᠳ ᠲᠤ ᠮᠠᠯᠴᠢᠨ ᠡᠷᠦᠬᠡ ᠪᠠᠷ ᠵᠤᠭᠠᠴᠠᠭᠤᠯᠬᠤ ᠡᠵᠡᠩᠨᠡᠯᠲᠡ ᠶᠢᠨ ᠠᠷᠭ᠎ᠠ ᠮᠠᠶ᠋ᠢᠭ ᠢᠶᠠᠷ ᠰᠢᠭᠤᠳ ᠠᠵᠤ ᠠᠬᠤᠶ ᠶᠢᠨ ᠠᠰᠢᠭ ᠤᠷᠤᠯᠭ᠎ᠠ ᠬᠦᠷᠲᠡᠭᠡᠬᠦ ᠬᠡᠷᠡᠭᠲᠡᠶ᠃ ︽ᠡᠷᠦᠬᠡ ᠬᠤᠯᠪᠤᠭᠠᠯᠠᠭᠰᠠᠨ ᠡᠵᠡᠩᠨᠡᠯᠳᠡ︾ ᠶᠢ ᠢᠳᠡᠪᠬᠢᠲᠡᠶ ᠰᠠᠨᠠᠭᠠᠴᠢᠯᠠᠵᠤ᠂ ᠨᠤᠲᠤᠭ ᠪᠡᠯᠴᠢᠭᠡᠷ ᠤᠨ ᠵᠦᠢ ᠵᠣᠬᠢᠰᠲᠠᠶ ᠬᠠᠮᠢᠶᠠᠷᠤᠯᠲᠠ ᠶᠢᠨ ᠲᠥᠯᠥᠪᠯᠡᠭᠡ ᠲᠣᠭᠲᠠᠭᠠᠵᠤ᠂ ᠡᠬᠢ ᠪᠠᠶᠠᠯᠢᠭ ᠢ ᠬᠠᠮᠲᠤ ᠳᠠᠭᠠᠨ ᠡᠳ᠋ᠯᠡᠵᠦ᠂ ᠲᠦᠭᠰᠢᠭᠦᠷᠢ ᠶᠢ ᠬᠠᠮᠲᠤᠪᠠᠷ ᠡᠭᠦᠷᠭᠡᠯᠡᠬᠦ ᠶᠢ ᠪᠡᠶᠡᠯᠡᠭᠦᠯᠵᠦ᠂ ᠬᠠᠷᠢᠯᠴᠠᠨ ᠠᠰᠢᠭ ᠬᠦᠷᠲᠡᠵᠦ ᠬᠠᠮᠲᠤᠪᠠᠷ ᠢᠯᠠᠬᠤ ᠶᠢ ᠪᠡᠶᠡᠯᠡᠬᠦᠯᠪᠡ ᠃     ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠨᠢ ᠢᠮᠠᠭᠲᠠ ᠮᠠᠯᠴᠢᠳ ᠤᠨ ᠬᠡᠷᠡᠭᠴᠡᠭᠡ ᠪᠠ ᠠᠰᠢᠭ ᠲᠤᠰᠠ ᠪᠠᠷ ᠭᠠᠷᠳᠠᠴᠠ ᠪᠣᠯᠭᠠᠵᠤ᠂ ᠮᠠᠯᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠨ᠂ ᠠᠮᠢ ᠠᠬᠤᠶ ᠶᠢᠨ ᠬᠠᠮᠠᠭᠠᠯᠠᠯᠲᠠ ᠪᠠ ᠠᠵᠤ ᠠᠬᠤᠶ ᠶᠢᠨ ᠬᠥᠭᠵᠢᠯᠲᠡ ᠶᠢᠨ ᠲᠡᠩᠴᠡᠭᠦᠷᠢ ᠶᠢ ᠴᠢᠬᠤᠯᠠᠴᠢᠯᠠᠵᠤ᠂ ᠤᠯᠠᠨ ᠵᠦᠢᠯ ᠤᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠨ ᠭᠠᠷᠭᠠᠭᠰᠠᠨ ᠪᠥᠭᠡᠳ ᠨᠤᠲᠤᠭ ᠪᠡᠯᠴᠢᠭᠡᠷ ᠤᠨ ᠳᠠᠷᠤᠯᠲᠠ ᠶᠢ ᠪᠠᠭᠠᠰᠬᠠᠭᠰᠠᠨ ᠢᠶᠠᠷ ᠪᠠᠷᠠᠬᠤ ᠦᠭᠡᠢ ᠪᠠᠰᠠ ᠮᠠᠯᠴᠢᠳ ᠲᠤ ᠤᠷᠳᠤ ᠬᠤᠭᠤᠴᠠᠭᠠᠨ ᠤ ᠲᠣᠭᠲᠠᠭᠤᠨ ᠣᠷᠣᠯᠭ᠎ᠠ ᠶᠢᠨ ᠢᠷᠡᠯᠳᠡ ᠶᠢ ᠪᠤᠢ ᠪᠣᠯᠭᠠᠭᠰᠠᠨ ᠪᠠᠶᠢᠨ᠎ᠠ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠣᠷᠴᠢᠨ ᠲᠣᠭᠤᠷᠢᠨ ᠤ ᠬᠠᠮᠠᠭᠠᠯᠠᠯᠲᠠ᠂ ᠬᠠᠮᠲᠤᠷᠠᠯᠴᠠᠭ᠎ᠠ᠂ ᠰᠢᠨ᠎ᠡ ᠶᠢ ᠡᠭᠦᠳᠬᠦ ᠵᠡᠷᠭᠡ ᠪᠣᠯᠪᠠᠰᠤᠨ ᠣᠶᠢᠯᠠᠭᠠᠭᠳᠠᠬᠤᠨ ᠢ ᠮᠠᠯᠴᠢᠳ ᠤᠨ ᠳᠤᠮᠳᠠ ᠥᠷᠭᠡᠨ ᠢᠶᠠᠷ ᠤᠯᠠᠮᠵᠢᠯᠠᠵᠤ᠂ ᠬᠥᠮᠦᠨ ᠪᠦᠬᠦᠨ ᠣᠷᠣᠯᠴᠠᠬᠤ᠂ ᠨᠤᠲᠤᠭ ᠪᠡᠯᠴᠢᠭᠡᠷ ᠢ ᠬᠠᠮᠲᠤ ᠪᠠᠷ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠮᠠᠯᠴᠢᠳ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠴᠢᠬᠤᠯᠠ ᠴᠢᠨᠠᠷ ᠤᠨ ᠲᠤᠬᠠᠶ ᠨᠡᠩ ᠭᠦᠨᠵᠡᠭᠡᠶ ᠲᠠᠨᠢᠯᠲᠠ ᠲᠠᠢ ᠪᠣᠯᠵᠤ᠂ ᠥᠩᠭᠡᠷᠡᠭᠰᠡᠨ ᠤ ᠬᠡᠳᠦ ᠮᠠᠯᠵᠢᠬᠤ ᠠᠴᠠ ᠣᠳᠣ ᠶᠢᠨ ᠵᠦᠢ ᠵᠣᠬᠢᠰᠲᠠᠶ ᠠᠰᠢᠭᠯᠠᠬᠤ ᠪᠠ ᠬᠠᠮᠠᠭᠠᠯᠠᠬᠤ  ᠪᠤᠯᠵᠤ ᠬᠤᠪᠢᠷᠠᠭᠠᠭᠠᠳ᠂ ᠠᠮᠢ ᠠᠬᠤᠶ ᠬᠢᠭᠡᠳ ᠠᠵᠤ ᠠᠬᠤᠶ ᠶᠢᠨ ᠰᠠᠶᠢᠨ ᠣᠷᠴᠢᠯ ᠢ ᠪᠡᠶᠡᠯᠡᠭᠦᠯᠦᠭᠰᠡᠨ ᠪᠠᠶᠢᠨ᠎ᠠ᠃ ᠠᠷᠠᠳ ᠤᠨ ᠡᠳᠦᠷ ᠤᠨ ᠰᠣᠨᠢᠨ᠂ ᠥᠪᠥᠷ ᠮᠣᠩᠭᠤᠯ ᠤᠨ ᠡᠳᠦᠷ ᠤᠨ ᠰᠣᠨᠢᠨ᠂  ᠪᠠᠭᠠᠳᠤᠷᠯᠢᠭ ᠲᠠᠷᠬᠠᠨ ᠮᠤᠤᠮᠢᠩᠭᠠᠨ ᠵᠡᠷᠭᠡ ᠵᠠᠭᠤᠴᠢᠯᠠᠭᠤᠷ ᠤᠨ ᠮᠡᠳᠡᠭᠡᠯᠡᠯ ᠨᠢ ︽ᠣᠨᠣᠯ ᠤᠨ ᠤᠬᠠᠭᠤᠯᠤᠨ ᠲᠠᠶᠢᠯᠪᠤᠷᠢᠯᠠᠬᠤ + ᠬᠥᠲᠥᠯᠥᠨ ᠳᠠᠭᠠᠭᠤᠯᠬᠤ︾ ᠵᠠᠭᠪᠤᠷ ᠤᠨ ᠠᠮᠵᠢᠯᠲᠠ ᠣᠯᠬᠤ ᠶᠢ ᠬᠠᠵᠠᠭᠤ ᠲᠠᠯ᠎ᠠ ᠠᠴᠠ ᠭᠡᠷᠡᠴᠢᠯᠡᠪᠡ᠃     ᠲᠠᠷᠠᠭᠠᠴᠢ ᠶᠢᠨ ᠠᠯᠬᠤᠮ ᠳᠤ᠂ ︽ᠡᠬᠡ ᠪᠠᠶᠢᠭᠠᠯᠢ ᠪᠠᠨ ᠵᠠᠰᠠᠨ ᠡᠳᠡᠭᠡᠷᠡᠬᠦᠯᠬᠦ︾ ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠨᠢ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠵᠤ᠂ ᠨᠠᠩ ᠣᠯᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠠ ᠨᠡᠶᠢᠭᠡᠮ ᠤᠨ ᠬᠦᠴᠦᠨ ᠢ ᠲᠡᠳᠡᠨ ᠣᠷᠣᠯᠴᠠᠭᠤᠯᠵᠤ᠂ ᠦᠢᠯᠡᠴᠢᠯᠡᠭᠡᠨ ᠤ ᠥᠷᠭᠡᠴᠡ ᠪᠠ ᠭᠦᠨᠴᠡ ᠶᠢ ᠳᠡᠭᠡᠭᠰᠢᠯᠡᠭᠦᠯᠬᠦ ᠪᠣᠯᠤᠨ᠎ᠠ᠃ ᠮᠠᠯᠴᠢᠳ ᠲᠤ ᠤᠬᠠᠭᠤᠯᠭ᠎ᠠ ᠪᠣᠯᠪᠠᠰᠤᠷᠠᠭᠤᠯᠤᠯ ᠬᠢᠬᠦ ᠶᠢ ᠴᠢᠩᠭᠠᠳᠬᠠᠨ᠂ ᠠᠮᠢ ᠠᠬᠤᠶ ᠶᠢᠨ ᠬᠠᠮᠠᠭᠠᠯᠠᠯᠲᠠ᠂ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ ᠶᠢᠨ ᠲᠠᠶᠢᠯᠤᠮᠵᠢ ᠪᠣᠯᠤᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠵᠦ᠂ ᠵᠠᠬ᠎ᠠ ᠳᠡᠯᠭᠡᠭᠦᠷ ᠤᠨ ᠬᠤᠪᠢᠷᠠᠯᠲᠠ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠲᠠᠢ ᠤᠶᠠᠯᠳᠤᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠠᠵᠤ ᠠᠬᠤᠶ ᠶᠢᠨ ᠬᠥᠭᠵᠢᠯᠲᠡ ᠳᠤ ᠲᠣᠬᠢᠷᠠᠬᠤ ᠨᠡᠩ ᠣᠯᠠᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠦᠢᠯᠡᠰ ᠲᠤ ᠨᠡᠩ ᠣᠯᠠᠨ ᠣᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号