ᠮᠠᠯ ᠠᠵᠤ ᠠᠬᠤᠶ ᠶᠢᠨ ᠬᠥᠭᠵᠢᠯᠲᠡ ᠶᠢ ᠳᠠᠭᠠᠯᠳᠤᠨ᠂ ᠬᠡᠳᠦ ᠪᠡᠯᠴᠢᠭᠡᠷᠯᠡᠭᠦᠯᠦᠭᠰᠡᠨ ᠠᠴᠠ ᠪᠣᠯᠵᠤ ᠨᠤᠲᠤᠭ | ᠪᠡᠯᠴᠢᠭᠡᠷ ᠤᠨ ᠠᠮᠢ ᠠᠬᠤᠶ ᠮᠠᠭᠤᠳᠠᠵᠤ᠂ ᠨᠤᠲᠤᠭ ᠪᠡᠯᠴᠢᠭᠡᠷ ᠤᠨ ᠳᠠᠭᠠᠭᠠᠴᠠ ᠳᠣᠷᠣᠭᠰᠢᠯᠠᠵᠤ᠂ ᠮᠠᠯ ᠠᠵᠤ | ᠠᠬᠤᠶ ᠶᠢᠨ ᠦᠷᠭᠦᠯᠵᠢᠯᠡᠨ ᠬᠥᠭᠵᠢᠬᠦ ᠪᠠ ᠠᠮᠢ ᠠᠬᠤᠶ ᠶᠢᠨ ᠠᠮᠤᠷ ᠲᠦᠪᠰᠢᠨ ᠢ ᠬᠦᠨᠳᠦ ᠨᠣᠴᠢᠲᠠᠶ ᠨᠥᠯᠥᠭᠡᠯᠡᠭᠰᠡᠨ | ᠪᠠᠶᠢᠨ᠎ᠠ᠃ ᠡᠨᠡ ᠬᠦ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ 2024 ᠣᠨ ᠳᠤ ᠪᠠᠭ᠎ᠠ ᠤᠩᠭᠤᠨ ᠰᠢᠶᠠᠩ | 6940 ᠮᠦ ᠬᠠᠭᠤᠷᠠᠢ ᠲᠠᠷᠢᠶ᠎ᠠ ᠲᠠᠷᠢᠬᠤ ᠭᠠᠵᠠᠷ ᠲᠡᠵᠢᠭᠡᠯ ᠤᠨ ᠪᠤᠷᠤᠭ ᠲᠠᠷᠢᠨ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠶᠢ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ ᠪᠠ ᠮᠠᠯ | ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠪᠠᠲᠤᠯᠠᠭ᠎ᠠ ᠬᠠᠩᠭᠠᠪᠠ᠃ | ᠬᠠᠭᠤᠷᠠᠢ ᠲᠠᠷᠢᠶ᠎ᠠ ᠲᠠᠷᠢᠬᠤ ᠭᠠᠵᠠᠷ ᠲᠡᠵᠢᠭᠡᠯ ᠤᠨ ᠪᠤᠷᠤᠭ ᠲᠠᠷᠢᠪᠠᠯ ᠤᠭᠤᠷᠠᠭ ᠪᠠ ᠰᠢᠷᠬᠡᠭ ᠪᠠᠶᠠᠯᠢᠭ | ᠠᠭᠤᠯᠤᠭᠳᠠᠵᠤ᠂ ᠰᠢᠮ᠎ᠡ ᠲᠡᠵᠢᠭᠡᠯ ᠤᠨ ᠦᠨ᠎ᠡ ᠥᠷᠲᠡᠭ ᠨᠢ ᠥᠨᠳᠥᠷ᠂ ᠮᠠᠯ ᠤᠨ ᠥᠰᠥᠯᠲᠡ ᠶᠢᠨ ᠴᠢᠨᠠᠷ ᠪᠠ | ᠮᠢᠬ᠎ᠠ ᠰᠦ ᠶᠢᠨ ᠭᠠᠷᠤᠯᠲᠠ ᠶᠢ ᠳᠡᠭᠡᠭᠰᠢᠯᠡᠭᠦᠯᠵᠦ ᠴᠢᠳᠠᠨ᠎ᠠ᠃ ᠬᠠᠭᠤᠷᠠᠢ ᠲᠠᠷᠢᠶ᠎ᠠ ᠲᠠᠷᠢᠬᠤ ᠭᠠᠵᠠᠷ ᠲᠡᠵᠢᠭᠡᠯ ᠤᠨ | ᠪᠤᠷᠤᠭ ᠳᠠᠷᠢᠬᠤ ᠪᠠᠷ ᠳᠡᠮᠵᠢᠨ ᠲᠣᠰ ᠭᠠᠵᠠᠷ ᠤᠨ ᠲᠡᠵᠢᠭᠡᠯ ᠪᠣᠷᠳᠣᠭᠠᠨ ᠤ ᠬᠠᠩᠭᠠᠯᠭ᠎ᠠ ᠶᠢ ᠪᠦᠲᠦᠮᠵᠢᠲᠡᠶ | ᠨᠡᠮᠡᠭᠳᠡᠭᠦᠯᠵᠦ᠂ ᠮᠠᠯ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠲᠠᠷᠢᠶᠠᠴᠢᠨ ᠡᠷᠦᠬᠡ ᠶᠢᠨ | ᠣᠷᠣᠯᠭ᠎ᠠ ᠶᠢ ᠨᠡᠮᠡᠭᠳᠡᠬᠦᠯᠦᠨ᠎ᠡ᠃ ᠡᠭᠦᠨ ᠤ ᠬᠠᠮᠲᠤ᠂ ᠢᠯᠡᠭᠦᠴᠡ ᠡᠪᠡᠰᠦ ᠪᠣᠷᠳᠤᠭ᠎ᠠ ᠪᠠᠨ ᠡᠷᠭᠢᠨ ᠲᠣᠭᠤᠷᠢᠨ ᠤ | ᠮᠠᠯᠵᠢᠬᠤ ᠣᠷᠣᠨ ᠳᠤ ᠬᠠᠩᠭᠠᠵᠤ᠂ ᠣᠷᠣᠨ ᠪᠦᠰᠡ ᠶᠢᠨ ᠳᠣᠲᠣᠷᠠᠬᠢ ᠮᠠᠯ ᠪᠡᠯᠴᠢᠭᠡᠷ ᠤᠨ ᠲᠡᠩᠴᠡᠭᠦᠷᠢ ᠶᠢ | ᠬᠠᠮᠲᠤ ᠪᠠᠷ ᠠᠬᠢᠭᠤᠯᠪᠠ ᠃ | ᠪᠠᠭ᠎ᠠ ᠤᠩᠭᠤᠨ ᠰᠢᠶᠠᠩ ᠤᠨᠬᠠᠭᠤᠷᠠᠢ ᠲᠠᠷᠢᠶ᠎ᠠ ᠲᠠᠷᠢᠬᠤ ᠭᠠᠵᠠᠷ ᠲᠡᠵᠢᠭᠡᠯ ᠤᠨ ᠪᠤᠷᠤᠭ ᠲᠠᠷᠢᠬᠤ | ᠦᠢᠯᠡᠳᠦᠯᠭᠡ ᠪᠣᠯ ᠮᠠᠯ ᠪᠡᠯᠴᠢᠭᠡᠷ ᠤᠨ ᠲᠡᠩᠴᠡᠭᠦᠷᠢ ᠶᠢᠨ ᠠᠰᠠᠭᠤᠳᠠᠯ ᠢ ᠰᠢᠢᠳᠪᠦᠷᠢᠯᠡᠬᠦ ᠰᠢᠨ᠎ᠡ ᠠᠷᠭ᠎ᠠ ᠬᠡᠮᠵᠢᠶ᠎ᠡ | ᠪᠣᠯᠣᠨ᠎ᠠ᠂ ᠭᠡᠳᠦ ᠪᠡᠯᠴᠢᠭᠡᠷᠯᠡᠬᠦᠯᠬᠦ ᠪᠠᠶᠢᠳᠠᠯ ᠢ ᠪᠦᠲᠦᠮᠵᠢᠲᠡᠢ ᠨᠠᠮᠳᠠᠭᠤᠯᠵᠤ᠂ ᠠᠮᠢ ᠠᠬᠤᠢ ᠶᠢᠨ ᠣᠷᠴᠢᠨ | ᠲᠣᠭᠤᠷᠢᠨ ᠢ ᠰᠠᠶᠢᠵᠢᠷᠠᠭᠤᠯᠬᠤ ᠶᠢ ᠠᠬᠢᠭᠤᠯᠤᠭᠰᠠᠨ ᠢᠶᠠᠷ ᠮᠠᠯ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠳᠤ | ᠠᠰᠢᠭᠲᠠᠢ ᠶᠤᠮ᠃ ᠡᠨᠡ ᠬᠦ ᠠᠷᠭ᠎ᠠ ᠬᠡᠮᠵᠢᠶ᠎ᠡ ᠶᠢᠨ ᠠᠮᠵᠢᠯᠲᠠ ᠨᠢ ᠪᠤᠰᠤᠳ ᠡᠶᠢᠮᠦᠷᠬᠦ ᠠᠰᠠᠭᠤᠳᠠᠯ ᠲᠤᠯᠭᠠᠷᠠᠵᠤ | ᠪᠠᠶᠢᠭ᠎ᠠ ᠬᠥᠳᠡᠭᠡ ᠲᠣᠰᠬᠤᠨ ᠳᠤ ᠡᠷᠬᠢᠮ ᠨᠠᠨᠳᠢᠨ ᠲᠤᠷᠰᠢᠯᠭ᠎ᠠ ᠬᠠᠩᠭᠠᠭᠰᠠᠨ ᠪᠠᠶᠢᠨ᠎ᠠ᠃ ᠢᠷᠡᠭᠡᠳᠦᠢ ᠳᠤ᠂ ᠪᠠᠭ᠎ᠠ | ᠤᠩᠭᠤᠨ ᠰᠢᠶᠠᠩ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠤᠬᠢᠷᠠᠭᠤᠯᠤᠯᠳᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠦᠷᠭᠦᠯᠵᠢᠯᠡᠬᠦ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ | ᠵᠠᠭᠪᠤᠷ ᠢ ᠨᠡᠩ ᠤᠯᠠᠨ ᠰᠦᠪᠡᠭᠴᠢᠯᠡᠵᠦ᠂ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠩᠭᠤᠢ ᠬᠥᠳᠡᠭᠡ ᠲᠣᠰᠬᠤᠨ ᠢ | ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠨ᠎ᠡ ᠃ |