ᠠᠷᠠᠯᠵᠢᠶᠠᠴᠢᠨ ᠤᠷᠢᠵᠤ ᠪᠡᠯᠡ ᠣᠷᠣᠭᠤᠯᠤᠨ ︽ᠦᠬᠡᠷ︾ ᠤᠨ ᠲᠥᠷᠥᠯ ᠵᠦᠢᠯ ᠢ ᠪᠠᠶᠢᠭᠤᠯᠵᠤ ᠦᠬᠡᠷ ᠤᠨ ᠠᠵᠤ ᠦᠢᠯᠡᠰ ᠢ ᠪᠤᠵᠠᠭᠠᠶᠢᠷᠠᠭᠤᠯᠤᠨ᠎ᠠ
ᠨᠡᠶᠢᠲᠡᠯᠡᠭᠰᠡᠨ ᠴᠠᠭ᠄
2024/9/20
      ᠤᠢᠢᠷ᠎ᠠ ᠶᠢᠨ ᠵᠢᠯ ᠠᠴᠠ᠂ ᠦᠬᠡᠷᠬᠤᠳᠳᠤᠭ ᠪᠠᠯᠭᠠᠰᠤ ᠮᠢᠬᠠᠨ ᠤ ᠦᠬᠡᠷ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠪᠠᠷ ᠭᠠᠷᠳᠠᠴᠠ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠢᠪᠲᠤᠯᠤᠯᠲᠠ ᠶᠢᠨ ᠴᠡᠭ᠂ ᠭᠠᠷᠳᠠᠬᠤ ᠴᠡᠭ ᠪᠠ ᠤᠶᠠᠯᠳᠤᠯ ᠤᠨ ᠴᠡᠭ ᠪᠣᠯᠭᠠᠬᠤ ᠶᠢ ᠪᠠᠷᠢᠮᠲᠠᠯᠠᠵᠤ᠂ ︽ᠭᠠᠳᠠᠭᠰᠢ ᠭᠠᠷᠬᠤ᠂ ᠣᠷᠣᠭᠤᠯᠤᠨ ᠠᠪᠴᠢᠷᠠᠬᠤ︾ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ︽ᠦᠬᠡᠷ︾ ᠤᠨ ᠠᠵᠢᠯ ᠢ ᠭᠦᠢᠴᠡᠳ ᠬᠢᠵᠦ᠂ ︽ᠦᠬᠡᠷ︾ ᠤᠨ ᠠᠵᠤ ᠦᠢᠯᠡᠰ ᠢ ᠪᠤᠵᠠᠭᠠᠶᠢᠷᠠᠭᠤᠯᠵᠤ᠂ ︽  ᠰᠦᠷᠡᠭᠡᠢ︾  ᠵᠠᠮ ᠢ ᠨᠡᠭᠡᠭᠡᠪᠡ᠃ 9 ᠰᠠᠷ᠎ᠠ ᠶᠢᠨ 13 ᠤ ᠡᠳᠦᠷ᠂ ᠦᠬᠡᠷᠬᠤᠳᠳᠤᠭ  ᠪᠠᠯᠭᠠᠰᠤ ᠮᠢᠬᠠᠨ ᠤ ᠦᠬᠡᠷ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠢ ᠤᠷᠢᠵᠤ ᠪᠠᠯᠭᠠᠰᠤᠨ ᠳᠤ ᠰᠢᠨᠵᠢᠯᠡᠨ ᠪᠠᠶᠢᠴᠠᠭᠠᠯᠳᠡ  ᠬᠢᠪᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠱᠢ ᠭᠠᠩ᠂ ᠬᠡᠰᠡᠭ ᠤᠳᠤᠷᠢᠳᠬᠤ ᠪᠠᠭ ᠤᠨ ᠪᠦᠷᠢᠯᠳᠦᠬᠦᠨ ᠨᠠᠷ ᠪᠠᠷ᠎ᠠ ᠪᠣᠯᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠡᠩ ᠲᠡᠷᠢᠭᠦᠨ ᠳᠤ ᠰᠢᠨ᠎ᠡ ᠪᠠᠷ ᠪᠠᠶᠢᠭᠤᠯᠤᠭᠰᠠᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠤᠬᠠᠢ ᠶᠢᠨ ᠲᠠᠯᠠᠪᠤᠷ ᠲᠤᠨᠢ  ᠲᠤᠭᠤᠷᠢᠵᠣ ᠦᠵᠡᠨ᠂  ᠰᠢᠨᠵᠢᠯᠡᠨ ᠪᠠᠶᠢᠴᠠᠭᠠᠵᠤ᠂ ᠲᠠᠨᠢᠯᠴᠠᠭᠤᠯᠭ᠎ᠠ ᠶᠢ ᠰᠣᠨᠣᠰᠬᠤ ᠪᠠᠷ ᠳᠠᠮᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠠᠬᠢᠴᠠ ᠪᠣᠯᠤᠨ ᠢᠷᠡᠭᠡᠳᠦᠢ ᠶᠢᠨ ᠬᠥᠭᠵᠢᠯᠲᠡ ᠶᠢ ᠨᠠᠷᠢᠨ ᠣᠶᠢᠯᠠᠭᠠᠬᠤ ᠶᠢᠨ ᠬᠠᠮᠲᠤ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠵᠦᠢ ᠵᠣᠬᠢᠰᠲᠠᠢ ᠰᠠᠨᠠᠭᠤᠯᠭ᠎ᠠ ᠶᠢ ᠰᠣᠨᠣᠰᠴᠠᠢ      ᠳᠠᠷᠠᠭ᠎ᠠ ᠨᠢ᠂ ᠬᠤᠶᠠᠷ ᠲᠠᠯ᠎ᠠ ᠪᠠᠷ ᠢᠶᠠᠨ  ᠮᠢᠬᠠᠨ ᠤ ᠦᠬᠡᠷ ᠲᠡᠵᠢᠭᠡᠨ ᠦᠷᠡᠵᠢᠭᠦᠯᠬᠦ ᠠᠷᠠᠯᠵᠢᠶᠠᠴᠢᠨ ᠤᠷᠢᠬᠤ ᠬᠠᠮᠲᠤᠷᠠᠯᠴᠠᠭᠠᠨ ᠤ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠰᠢᠨᠵᠢᠯᠡᠨ ᠪᠠᠶᠢᠴᠠᠭᠠᠬᠤ ᠳᠤᠭᠤᠶᠢᠯᠠᠩ ᠦᠬᠡᠷᠬᠤᠳᠳᠤᠭ ᠪᠠᠯᠭᠠᠰᠤᠨ ᠤ ᠦᠨᠳᠦᠰᠦᠨ ᠪᠠᠶᠢᠳᠠᠯ᠂ ᠣᠷᠣᠨ ᠪᠠᠶᠢᠷᠢ ᠶᠢᠨ ᠳᠠᠪᠠᠭᠤᠯᠢᠭ᠂ ᠵᠠᠮ ᠬᠠᠷᠢᠯᠴᠠᠭ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠲᠠᠯ᠎ᠠ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ ᠬᠤᠶᠠᠷ ᠲᠠᠯ᠎ᠠ ᠪᠠᠷ ᠵᠶ᠋ᠠᠨ‌ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠶ ᠶᠢᠨ ᠲᠤᠬᠠᠶ  ᠶᠠᠷᠢᠯᠴᠠᠨ᠂ ᠵᠠᠬ᠎ᠠ ᠳᠡᠯᠭᠡᠭᠦᠷ ᠢᠶᠠᠨ ᠥᠷᠭᠡᠳᠬᠡᠬᠦ ᠰᠡᠳᠬᠢᠮᠵᠢ ᠶᠢ ᠰᠤᠳᠤᠯᠤᠨ ᠶᠠᠷᠢᠯᠴᠠᠬᠤ ᠶᠢᠨ ᠬᠠᠮᠲᠤ ᠦᠬᠡᠷ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠠᠷᠭ᠎ᠠ ᠬᠡᠯᠪᠡᠷᠢ᠂ ᠲᠦᠷᠢᠶᠡᠰᠦᠨ ᠮᠥᠩᠭᠦ ᠶᠢᠨ ᠪᠠᠷᠢᠮᠵᠢᠶ᠎ᠠ ᠵᠡᠷᠭᠡ ᠠᠭᠤᠯᠭ᠎ᠠ ᠶᠢᠨ ᠲᠤᠬᠠᠶ ᠰᠠᠨᠠᠯ ᠢᠶᠠᠨ ᠭᠦᠢᠴᠡᠳ ᠰᠣᠯᠢᠯᠴᠠᠵᠤ᠂ ᠠᠩᠬ᠎ᠠ ᠠᠯᠬᠤᠮ ᠬᠠᠮᠲᠤᠷᠠᠯᠴᠠᠭᠠᠨ ᠤ ᠰᠠᠨᠠᠮᠵᠢ ᠪᠠᠨ ᠲᠣᠭᠲᠠᠪᠠ᠃     ᠳᠠᠷᠠᠭᠠᠴᠢ ᠶᠢᠨ ᠠᠯᠬᠤᠮ ᠳᠤ᠂ ᠦᠬᠡᠷᠬᠤᠳᠳᠤᠭ ᠪᠠᠯᠭᠠᠰᠤ ᠲᠤᠰ ᠠᠵᠤ ᠠᠬᠤᠶᠢᠯᠠᠯ  ᠲᠠᠢ  ᠤᠶᠢᠯᠠᠭᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠮᠥᠷᠳᠡᠨ ᠵᠣᠯᠭᠠᠭᠤᠯᠬᠤ ᠶᠢ ᠢᠳᠡᠪᠬᠢᠲᠡᠢ  ᠬᠢᠵᠦ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠬᠢᠵᠦ᠂ ᠲᠦᠷᠦᠯ ᠵᠦᠢᠯ ᠤᠨ ᠬᠠᠮᠲᠤᠷᠠᠯᠴᠠᠭ᠎ᠠ ᠶᠢ ᠠᠬᠢᠭᠤᠯᠵᠤ ᠂ ᠬᠠᠮᠲᠤᠪᠠᠷ ᠤᠷᠤᠭᠰᠢᠯᠠᠵᠤ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂  ᠮᠢᠬᠠᠨ ᠤ ᠦᠬᠡᠷ ᠤᠨ ᠠᠵᠤ ᠦᠢᠯᠡᠰ ᠤᠨ ᠡᠷᠡᠭᠦᠯ ᠡᠮᠬᠢ ᠳᠢᠭᠯᠢᠮ ᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ  ᠭᠡᠪᠡ ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号