9 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ | ᠳᠠᠷᠤᠭ᠎ᠠ ᠬᠤᠸᠠᠩ ᠯᠦᠩ ᠳᠤᠯᠠᠭᠠᠯᠠᠭ᠎ᠠ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ | ᠱᠠᠯᠠᠪᠳᠠᠭᠤᠯᠤᠨ ᠵᠢᠯᠣᠭᠤᠳᠬᠤ ᠶᠢᠨ ᠬᠠᠮᠲᠤ ᠭᠤᠤᠯ ᠢ ᠴᠠᠭᠳᠠᠬᠤ ᠠᠵᠢᠯ ᠥᠷᠨᠢᠭᠦᠯᠪᠡ᠃ | ᠶᠢᠨ ᠰᠠᠨ ᠵᠢᠶᠣᠣ ᠪᠠᠭ᠎ᠠ ᠲᠣᠭᠤᠷᠢᠭ ᠤᠨ ᠪᠠᠷᠠᠭᠤᠨ ᠡᠭᠦᠳᠡᠨ ᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠬᠤᠸᠠᠩ ᠯᠦᠩ ᠬᠤᠭᠤᠯᠠᠢ ᠲᠣᠣᠷ ᠤᠨ ᠪᠠᠷᠢᠯᠭ᠎ᠠ ᠶᠢᠨ ᠠᠬᠢᠴᠠ᠂ | ᠵᠠᠮ ᠤᠨ ᠭᠠᠳᠠᠷᠭᠤ ᠶᠢ ᠰᠡᠯᠪᠢᠨ ᠵᠠᠰᠠᠬᠤ᠂ ᠪᠠᠷᠢᠯᠭ᠎ᠠ ᠶᠢᠨ ᠠᠵᠢᠯ ᠳᠠᠭᠤᠰᠤᠭᠰᠠᠨ ᠴᠠᠭ ᠵᠢᠴᠢ ᠠᠶᠤᠯᠭᠦᠢ | ᠦᠢᠯᠡᠳᠪᠦᠷᠢᠯᠡᠯ ᠤᠨ ᠠᠵᠢᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠣᠶᠢᠷ᠎ᠠ ᠶᠢᠨ ᠡᠳᠦᠷ ᠤᠳ ᠲᠤ᠂ ᠮᠠᠨ ᠤ | ᠬᠤᠰᠢᠭᠤ ᠣᠯᠠᠨᠲᠠ ᠪᠣᠷᠣᠭᠠᠨ ᠣᠷᠣᠵᠤ᠂ ᠠᠭᠠᠷ ᠤᠨ ᠳᠤᠯᠠᠭᠠᠨ ᠬᠤᠪᠢᠷᠠᠯᠳᠡ ᠶᠡᠬᠡᠳᠡᠢ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠤᠬᠠᠮᠰᠠᠷ᠂ ᠲᠤᠯᠭᠠᠮ᠎ᠠ ᠰᠡᠳᠬᠢᠯᠭᠡ ᠪᠠᠨ ᠦᠨᠡᠨᠬᠦ | ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ ᠪᠣᠯᠤᠨ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ | ᠳᠣᠤᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠬᠢᠴᠠ ᠶᠢ ᠠᠳᠬᠤᠵᠤ᠂ ᠲᠣᠭᠲᠠᠭᠰᠠᠨ ᠬᠤᠭᠤᠴᠠᠭᠠᠨ ᠳᠤ | ᠠᠵᠢᠯ ᠢᠶᠠᠨ ᠳᠠᠭᠤᠰᠬᠠᠵᠤ᠂ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ | ᠬᠡᠷᠡᠭᠲᠡᠶ᠃ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠬᠤᠭᠤᠯᠠᠢ ᠶᠢ | ᠡᠭᠡᠭᠦᠯᠦᠨ ᠪᠥᠭᠯᠡᠬᠦ᠂ ᠵᠠᠮ ᠤᠨ ᠭᠠᠳᠠᠷᠭᠤ ᠶᠢ ᠰᠡᠯᠪᠢᠨ ᠵᠠᠰᠠᠬᠤ᠂ ᠲᠦᠷ ᠴᠠᠭ ᠤᠨ ᠵᠠᠮ ᠤᠨ ᠪᠠᠲᠤᠯᠠᠭ᠎ᠠ ᠵᠡᠷᠭᠡ | ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠬᠡᠪ ᠤᠨ ᠶᠠᠪᠤᠵᠤ ᠰᠠᠭᠤᠬᠤ ᠶᠢ ᠪᠥᠬᠦ ᠬᠦᠴᠦᠨ ᠢᠶᠠᠷ ᠢᠶᠠᠨ | ᠪᠠᠲᠤᠯᠠᠬᠤ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠤᠳ ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠵᠤ᠂ ᠡᠷᠲᠡᠬᠡᠨ ᠣᠷᠣᠯᠴᠠᠵᠤ᠂ ᠢᠯᠴᠢ ᠶᠢᠨ | ᠬᠦᠴᠦᠨ ᠤ ᠠᠵᠤ ᠠᠬᠤᠶᠢᠯᠠᠯ ᠢ ᠬᠠᠪᠰᠤᠷᠤᠨ ᠲᠦᠯᠡᠰᠢ ᠨᠥᠭᠡᠴᠡᠯᠡᠬᠦ᠂ ᠪᠡᠯᠡᠳᠬᠡᠮᠵᠢ ᠶᠢ ᠪᠠᠶᠢᠴᠠᠭᠠᠨ ᠵᠠᠰᠠᠵᠤ | ᠲᠣᠬᠢᠷᠠᠭᠤᠯᠤᠨ ᠲᠤᠷᠰᠢᠬᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠪᠠᠲᠤᠯᠠᠬᠤ ᠵᠡᠷᠭᠡ ᠠᠵᠢᠯ ᠢ ᠰᠠᠶᠢᠲᠤᠷ | ᠬᠢᠵᠦ᠂ ᠡᠪᠦᠯ ᠤᠨ ᠤᠯᠠᠷᠢᠯ ᠤᠨ ᠢᠯᠴᠢ ᠬᠠᠩᠭᠠᠬᠤ ᠳᠤᠯᠠᠭᠠᠯᠠᠭ᠎ᠠ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠶ᠃ | ᠠᠶᠢᠪᠠᠭ᠎ᠠ ᠭᠤᠤᠯ ᠢ ᠳᠣᠭᠤᠷᠢᠨ ᠪᠠᠶᠢᠴᠠᠭᠠᠬᠤ ᠳᠤᠮᠳᠠ᠂ᠬᠤᠸᠠᠩ ᠯᠦᠩ ᠴᠢᠬᠤᠯᠠᠴᠢᠯᠠᠭᠰᠠᠨ ᠨᠢ᠂ | ᠣᠳᠣᠬᠠᠨ ᠤ ᠪᠣᠷᠣᠭᠠᠨ ᠶᠡᠬᠡᠲᠡᠶ ᠴᠠᠭ ᠠᠭᠤᠷ ᠲᠤ ᠴᠢᠭᠯᠡᠭᠦᠯᠦᠨ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ | ᠤᠷᠢᠳᠴᠢᠯᠠᠨ ᠰᠡᠷᠡᠮᠵᠢᠯᠡᠭᠦᠯᠬᠦ᠂ ᠭᠤᠤᠯ ᠤᠨ ᠳᠠᠯᠠᠩ ᠬᠠᠰᠢᠯᠭ᠎ᠠ ᠶᠢ ᠲᠣᠭᠤᠷᠢᠨ ᠪᠠᠶᠢᠴᠠᠭᠠᠬᠤ ᠪᠠ ᠳᠠᠯᠳᠠ ᠬᠡᠮ ᠢ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ | ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠷᠢᠯᠴᠠᠨ ᠬᠠᠮᠵᠢᠯᠴᠠᠬᠤ᠂ | ᠡᠯ᠎ᠡ ᠲᠠᠯ᠎ᠡ ᠶᠢᠨ ᠬᠦᠴᠦᠨ ᠢ ᠲᠣᠬᠢᠷᠠᠭᠤᠯᠬᠤ᠂ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠨ᠂ ᠠᠶᠤᠯ | ᠲᠦᠭᠰᠢᠭᠦᠷᠢ ᠡᠭᠦᠰᠪᠡᠯ ᠦᠳᠲᠡᠷ ᠲᠦᠷᠭᠡᠨ ᠬᠥᠳᠡᠯᠥᠯᠴᠡᠵᠥ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢ | ᠦᠨᠡᠨ ᠬᠦ ᠪᠠᠲᠤᠯᠠᠬᠤ ᠬᠡᠷᠡᠭᠲᠡᠶ᠃ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ | ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠨ᠂ ᠠᠵᠢᠯ ᠤᠨ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ | ᠬᠤᠰᠢᠭᠤᠨ ᠤ ᠤᠳᠤᠷᠢᠳᠤᠯᠭ᠎ᠠ ᠴᠠᠩ ᠬᠤᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ | ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ | |