ᠨᠢᠭᠡᠨ ᠬᠤᠣᠰ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠠᠢ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2024/9/20
      9 ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠦᠬᠡ ᠪᠠ ᠵᠢᠭᠤᠯᠴᠢᠯᠠᠯ ᠤᠨ ᠰᠣᠶᠣᠯ ᠤᠨ ᠳᠡᠭᠡᠳᠦ ᠰᠤᠷᠭᠠᠭᠤᠯᠢ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠠᠢ ᠬᠠᠮᠲᠤᠷᠠᠯᠴᠠᠭᠠᠨ ᠤ ᠭᠡᠷ᠎ᠡ ᠲᠣᠭᠲᠠᠬᠤ ᠵᠢᠴᠢ ᠳᠠᠳᠤᠯᠭ᠎ᠠ ᠶᠢᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠦᠽᠧᠶ ᠳᠤ ᠶᠠᠪᠤᠭᠳᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠠ ᠯᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠦᠨ ᠪᠢᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠦᠬᠡ ᠪᠠ ᠵᠢᠭᠤᠯᠴᠢᠯᠠᠯ ᠤᠨ ᠰᠣᠶᠣᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠸᠠᠩ ᠯᠢ ᠵᠢᠤᠸᠠᠨ ᠵᠢᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ 12 ᠰᠤᠮᠤ ᠰᠢᠶᠠᠩ ᠪᠠᠯᠭᠠᠰᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠣᠶᠣᠯ ᠤᠨ ᠠᠵᠢᠯᠯᠠᠭᠴᠢ ᠨᠠᠷ ᠠᠵᠢᠯᠯᠠᠭ᠎ᠠ ᠳᠤ ᠣᠷᠣᠯᠴᠠᠵᠠᠶ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠷᠠᠯ ᠳᠤ ᠣᠷᠣᠯᠴᠠᠭᠰᠠᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠬᠠᠭᠤᠯᠭ᠎ᠠ ᠶᠢᠨ ᠹᠢᠯᠢᠮ ᠵᠢᠴᠢ ᠰᠤᠷᠭᠠᠭᠤᠯᠢ ᠪᠠ ᠣᠷᠣᠨ ᠨᠤᠲᠤᠭ ᠢ ᠵᠣᠯᠭᠠᠭᠤᠯᠤᠭᠰᠠᠨ ᠦᠷ᠎ᠡ ᠪᠦᠲᠦᠭᠡᠯ ᠤᠨ ᠦᠵᠡᠭᠦᠯᠦᠯᠭᠡ ᠶᠢ ᠬᠠᠮᠲᠤᠪᠠᠷ ᠦᠵᠡᠵᠦ᠂ ᠸᠠᠩ ᠯᠢ ᠵᠢᠤᠸᠠᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠦᠬᠡ ᠪᠠ ᠵᠢᠭᠤᠯᠴᠢᠯᠠᠯ ᠤᠨ ᠰᠣᠶᠣᠯ ᠤᠨ ᠳᠡᠭᠡᠳᠦ ᠰᠤᠷᠭᠠᠭᠤᠯᠢ ᠶᠢᠨ ᠪᠠᠶᠢᠳᠠᠯ ᠢ ᠲᠠᠨᠢᠯᠴᠠᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠦᠬᠡ ᠪᠠ ᠵᠢᠭᠤᠯᠴᠢᠯᠠᠯ ᠤᠨ ᠰᠣᠶᠣᠯ ᠤᠨ ᠳᠡᠭᠡᠳᠦ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ ᠸᠧᠢ ᠵᠢᠶᠠᠨ ᠠᠴᠠ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠳᠠᠷᠠᠭ᠎ᠠ ᠨᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠦᠬᠡ ᠪᠠ ᠵᠢᠭᠤᠯᠴᠢᠯᠠᠯ ᠤᠨ ᠰᠣᠶᠣᠯ ᠤᠨ ᠳᠡᠭᠡᠳᠦ ᠰᠤᠷᠭᠠᠭᠤᠯᠢ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠠᠢ ᠬᠠᠮᠲᠤᠷᠠᠯᠴᠠᠭᠠᠨ ᠤ ᠬᠡᠯᠡᠯᠴᠡᠭᠡᠷ ᠤᠨ ᠪᠢᠴᠢᠭ ᠲᠣᠭᠲᠠᠵᠤ ᠂ ᠮᠠ ᠯᠢ ᠪᠣᠯᠤᠨ ᠸᠠᠩ ᠯᠢ ᠵᠢᠤᠸᠠᠨ ᠬᠠᠮᠲᠤ ᠪᠠᠷ ︽ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠦᠬᠡ ᠪᠠ ᠵᠢᠭᠤᠯᠴᠢᠯᠠᠯ ᠤᠨ ᠰᠣᠶᠣᠯ ᠤᠨ ᠳᠡᠭᠡᠳᠦ ᠰᠤᠷᠭᠠᠭᠤᠯᠢ ᠶᠢᠨ ᠬᠠᠭᠤᠴᠢ ᠰᠤᠳᠤᠯᠤᠯ ᠪᠣᠯᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠳᠠᠳᠤᠯᠭ᠎ᠠ ᠶᠢᠨ ᠰᠠᠭᠤᠷᠢᠨ ᠭᠠᠵᠠᠷ︾ ᠤᠨ ᠫᠠᠶᠢᠰᠠ ᠶᠢ ᠰᠡᠬᠦᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠦᠬᠡ ᠪᠠ ᠵᠢᠭᠤᠯᠴᠢᠯᠠᠯ ᠤᠨ ᠰᠣᠶᠣᠯ ᠤᠨ ᠳᠡᠭᠡᠳᠦ ᠰᠤᠷᠭᠠᠭᠤᠯᠢ ᠬᠢᠭᠡᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠬᠠᠷᠢᠴᠠᠭ᠎ᠠ ᠶᠢ ᠪᠥᠬᠦ ᠲᠠᠯ᠎ᠠ ᠪᠠᠷ ᠡᠬᠢᠯᠡᠭᠦᠯᠦᠭᠰᠡᠨ ᠢ ᠬᠠᠷᠠᠭᠤᠯᠪᠠ᠃      ︽ᠲᠣᠰ ᠤᠳᠠᠭᠠᠨ ᠤ ᠭᠡᠷ᠎ᠡ ᠲᠣᠭᠲᠠᠬᠤ ᠶᠣᠰᠣᠯᠠᠯ ᠢᠶᠠᠷ ᠳᠡᠮᠵᠢᠨ᠂ ᠪᠢᠳᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠠᠢ ᠨᠠᠩ ᠣᠯᠠᠨ ᠳᠠᠪᠬᠤᠷᠭ᠎ᠠ᠂ ᠨᠠᠩ ᠣᠷᠳᠣ ᠬᠤᠭᠤᠴᠠᠭᠠᠨ ᠤ ᠬᠠᠮᠲᠤᠷᠠᠯᠴᠠᠭ᠎ᠠ ᠥᠷᠨᠢᠭᠦᠯᠬᠦ ᠪᠣᠯᠤᠨ᠎ᠠ᠂ ᠪᠢᠳᠡᠨ ᠤ ᠬᠠᠮᠲᠤᠷᠠᠯᠴᠠᠭ᠎ᠠ ᠤᠯᠠᠮ ᠠᠴᠠ ᠤᠯᠠᠮ ᠰᠠᠶᠢᠨ᠂ ᠠᠵᠢᠯᠯᠭᠠᠭ᠎ᠠ ᠤᠯᠠᠮ ᠠᠴᠠ ᠤᠯᠠᠮ ᠤᠯᠠᠨ ᠪᠣᠯᠬᠤ ᠶᠢ ᠢᠲᠡᠭᠡᠵᠦ ᠪᠠᠶᠢᠨ᠎ᠠ︾ ᠬᠡᠵᠥ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠦᠬᠡ ᠪᠠ ᠵᠢᠭᠤᠯᠴᠢᠯᠠᠯ ᠤᠨ ᠰᠤᠶᠤᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠸᠠᠩ ᠯᠢ ᠵᠢᠦᠸᠠᠨ ᠬᠡᠯᠡᠪᠡ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠡᠤᠬᠡ ᠶᠢᠨ ᠦᠯᠡᠳᠡᠭᠳᠡᠯ ᠤᠨ ᠲᠠᠷᠬᠠᠯᠲᠠ ᠥᠷᠭᠡᠨ᠂ ᠲᠡᠤᠬᠡ ᠶᠢᠨ ᠳᠤᠷᠠᠰᠬᠠᠯᠲᠤ ᠵᠦᠢᠯᠡᠰ ᠣᠯᠠᠨ ᠪᠠᠶᠢᠵᠤ᠂ ᠪᠥᠬᠦ ᠬᠤᠰᠢᠭᠤᠨ ᠳᠤ ᠰᠢᠯᠵᠢᠭᠦᠯᠵᠦ ᠪᠣᠯᠬᠤ ᠥᠬᠡᠶ ᠲᠡᠤᠬᠡ ᠶᠢᠨ ᠳᠤᠷᠠᠰᠬᠠᠯᠲᠤ ᠵᠦᠢᠯ ᠤᠨ ᠴᠡᠭ 509 ᠪᠠᠶᠢᠵᠤ᠂ ᠡᠭᠦᠨ ᠳᠤ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ 65 ᠪᠠᠶᠢᠵᠤ᠂ ᠬᠢᠲᠠᠳ᠂ ᠤᠮᠠᠷᠠᠲᠤ ᠸᠧᠶ᠂ ᠠᠯᠲᠠᠨ ᠤᠯᠤᠰ ᠤᠨ ᠦᠶ᠎ᠡ ᠶᠢᠨ ᠡᠷᠲᠡᠨ ᠤ ᠣᠷᠳᠣ ᠴᠠᠭᠠᠨ ᠬᠡᠷᠡᠮ 5 ᠵᠤᠷᠪᠤᠰ᠂ ᠶᠡᠷᠦᠩᠬᠡᠶ ᠣᠷᠳᠣ ᠨᠢ 382 ᠺᠢᠯᠣᠮᠧᠳ᠋ᠷ ᠪᠠᠶᠢᠵᠤ᠂ ᠪᠤᠭᠤᠲᠤ ᠬᠤᠲᠠ ᠶᠢᠨ ᠡᠷᠲᠡᠨ ᠤ ᠣᠷᠳᠣ ᠴᠠᠭᠠᠨ ᠬᠡᠷᠡᠮ ᠤᠨ ᠶᠡᠷᠦᠩᠬᠡᠶ ᠣᠷᠳᠣ ᠶᠢᠨ 70% ᠶᠢ ᠡᠵᠡᠯᠡᠵᠦ᠂ ᠪᠥᠬᠦ ᠬᠤᠰᠢᠭᠤᠨ ᠤ ᠬᠢᠯᠢ ᠳᠣᠲᠣᠷ᠎ᠠ ᠨᠢᠭᠡᠨᠲᠡ ᠢᠯᠡᠷᠡᠭᠦᠯᠦᠭᠰᠡᠨ ᠲᠠᠯ᠎ᠠ ᠨᠤᠲᠤᠭ ᠤᠨ ᠬᠠᠳᠠᠨ ᠵᠢᠷᠤᠭ 2800 ᠭᠠᠷᠤᠶ ᠬᠤᠪᠢ ᠪᠣᠶ᠃ ᠣᠯᠠᠨ ᠳᠣᠭᠠᠨ ᠤ ᠳᠤᠷᠠᠰᠬᠠᠯᠲᠤ ᠵᠦᠢᠯᠡᠰ ᠪᠠ ᠪᠠᠭᠤᠷᠢ ᠨᠢ ᠲᠠᠷᠬᠠᠨ ᠮᠤᠤᠮᠢᠩᠭᠠᠨ ᠤ ᠥᠩᠭᠡᠷᠡᠭᠰᠡᠨ ᠤ ᠪᠤᠯᠪᠠᠰᠣᠠ ᠤ ᠬᠡᠷᠠᠯ ᠰᠠᠴᠣᠷᠠᠩᠬᠤᠢ ᠳᠡᠥᠬᠡ ᠶᠢ ᠬᠠᠷᠠᠭᠤᠯᠵᠠᠢ᠃ ᠥᠪᠥᠷ ᠮᠣᠩᠭᠤᠯ ᠤᠨ ᠶᠡᠭᠡ ᠰᠤᠷᠭᠠᠭᠤᠯᠢ ᠪᠣᠯ ᠤᠯᠤᠰ ᠤᠨ ︽ᠬᠤᠣᠰ ᠲᠡᠷᠢᠭᠦᠨ ᠵᠡᠷᠭᠡ︾ ᠶᠢᠨ ᠪᠦᠲᠦᠭᠡᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠪᠣᠯᠣᠨ᠎ᠠ᠂ ᠲᠡᠦᠬᠡ ᠪᠠ ᠵᠢᠭᠤᠯᠴᠢᠯᠠᠯ ᠤᠨ ᠰᠣᠶᠣᠯ ᠤᠨ ᠳᠡᠭᠡᠳᠦ ᠰᠤᠷᠭᠠᠭᠤᠯᠢ ᠨᠢ ᠲᠡᠦᠬᠡ ᠶᠢᠨ ᠤᠬᠠᠭᠠᠨ ᠤ ᠰᠠᠯᠪᠤᠷᠢ᠂ ᠵᠢᠭᠤᠯᠴᠢᠯᠠᠯ ᠤᠨ ᠤᠬᠠᠭᠠᠨ ᠤ ᠰᠠᠯᠪᠤᠷᠢ ᠪᠠ ᠬᠠᠭᠤᠴᠢ ᠰᠤᠳᠤᠯᠤᠯ ᠤᠨ ᠰᠣᠶᠣᠯ ᠦᠵᠡᠰᠬᠦᠯᠡᠩ ᠤᠨ ᠰᠠᠯᠪᠤᠷᠢ ᠵᠡᠷᠭᠡ ᠰᠠᠯᠪᠤᠷᠢ ᠲᠠᠢ᠂ ᠡᠭᠦᠨ ᠳᠤ ᠲᠡᠦᠬᠡ ᠶᠢᠨ ᠤᠬᠠᠭᠠᠨ ᠤ ᠲᠤᠰᠬᠠᠢ ᠮᠡᠷᠭᠡᠵᠢᠯ ᠪᠠ ᠵᠢᠭᠤᠯᠴᠢᠯᠠᠯ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠪᠣᠯ ᠤᠯᠤᠰ ᠤᠨ ᠳᠡᠰ ᠤᠨ ᠲᠡᠷᠢᠭᠦᠨ ᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠴᠡᠭ ᠪᠠᠶᠢᠵᠤ᠂ ᠳᠤᠮᠳᠠᠳᠤ ᠤᠯᠤᠰ ᠤᠨ ᠲᠡᠦᠬᠡ ᠶᠢᠨ ᠨᠢᠭᠡᠳᠦᠭᠡᠷ ᠳᠡᠰ ᠤᠨ ᠬᠢᠴᠢᠶᠡᠯ ᠲᠥᠷᠥᠯ ᠤᠨ ᠳ᠋ᠣᠺᠲ᠋ᠣᠷ᠂ ᠮᠠᠰᠲ᠋ᠧᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠪᠠ ᠵᠢᠭᠤᠯᠴᠢᠯᠠᠯ ᠤᠨ ᠬᠠᠮᠢᠶᠠᠷᠤᠯᠲᠠ ᠶᠢᠨ ᠬᠤᠶᠠᠳᠤᠭᠠᠷ ᠳᠡᠰ ᠤᠨ ᠬᠢᠴᠢᠶᠡᠯ ᠲᠥᠷᠥᠯ ᠤᠨ ᠮᠠᠰᠲ᠋ᠧᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠲᠠᠢ ᠪᠠᠶᠢᠳᠠᠭ᠃      ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠦᠬᠡ ᠪᠠ ᠵᠢᠭᠤᠯᠴᠢᠯᠠᠯ ᠤᠨ ᠰᠣᠶᠣᠯ ᠤᠨ ᠳᠡᠭᠡᠳᠦ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ ᠸᠧᠶ ᠵᠢᠶᠠᠨ᠄ ︽ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠤᠬᠡ ᠪᠠ ᠵᠢᠭᠤᠯᠴᠢᠯᠠᠯ ᠤᠨ ᠰᠣᠶᠣᠯ ᠤᠨ ᠳᠡᠭᠡᠳᠦ ᠰᠤᠷᠭᠠᠭᠤᠯᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠪᠣᠯ ᠨᠢᠭᠡᠨ ᠰᠠᠶᠢᠨ ᠶᠠᠪᠤᠳᠠᠯ ᠮᠥᠨ᠂ ᠣᠷᠣᠨ ᠨᠤᠲᠤᠭ ᠤᠨ ᠰᠣᠶᠣᠯ ᠤᠨ ᠰᠤᠳᠤᠯᠭᠠᠨ ᠳᠤ ᠣᠶᠤᠨ ᠤ ᠣᠷᠣᠭᠤᠯᠤᠯᠲᠠ ᠪᠠᠶᠢᠬᠤ ᠬᠡᠷᠡᠭᠳᠡᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠨᠢ ᠶᠠᠭ ᠡᠶᠢᠮᠦ ᠣᠶᠤᠨ ᠤ ᠲᠤᠯᠭᠠᠭᠤᠷᠢᠯᠠᠯ ᠤᠨ ᠴᠢᠳᠠᠪᠤᠷᠢ ᠲᠠᠢ ᠶᠤᠮ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠣᠷᠤᠭᠴᠢᠳ ᠢ ᠬᠥᠮᠥᠵᠢᠭᠦᠯᠬᠦ ᠳᠤ ᠪᠠᠰᠡ ᠣᠷᠣᠨ ᠨᠤᠲᠤᠭ ᠤᠨ ᠳᠤᠯᠭᠠᠭᠤᠷᠢᠯᠠᠯ ᠢ ᠬᠡᠷᠡᠭᠰᠡᠬᠦ ᠶᠤᠮ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠭᠦᠨ ᠵᠤᠵᠠᠭᠠᠨ ᠲᠡᠦᠬᠡ ᠰᠣᠶᠣᠯ ᠤᠨ ᠬᠤᠷᠠᠮᠳᠤᠯ ᠲᠠᠢ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠤᠯᠠᠨ᠂ ᠲᠤᠰ ᠤᠳᠠᠭ᠎ᠠ ᠶᠢᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ᠂ ᠣᠷᠣᠨ ᠨᠤᠲᠤᠭ ᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠥᠮ ᠠᠰᠢᠭᠲᠠᠢ ᠶᠤᠮ᠂ ᠬᠤᠶᠢᠰᠢᠳᠠ᠂᠂ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠨᠡᠩ ᠤᠯᠠᠨ ᠰᠠᠶᠢᠨ ᠦᠷ᠎ᠡ ᠪᠦᠲᠦᠭᠡᠯ ᠤᠯᠬᠤ ᠶᠢ ᠬᠦᠰᠡᠵᠦ ᠪᠠᠶᠢᠨ᠎ᠠ︾ ᠭᠡᠵᠥ ᠢᠯᠡᠷᠭᠡᠶᠢᠯᠡᠪᠠ᠃      ︽ᠡᠨᠡ ᠵᠢᠯ ᠤᠨ 6 ᠰᠠᠷ᠎ᠠ  ᠳᠤ᠂ ᠪᠢᠳᠡ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠤᠬᠡ ᠪᠠ ᠵᠢᠭᠤᠯᠴᠢᠯᠠᠯ ᠤᠨ ᠰᠣᠶᠣᠯ ᠤᠨ ᠳᠡᠭᠡᠳᠦ ᠰᠤᠷᠭᠠᠭᠤᠯᠢ ᠲᠠᠢ ᠶᠠᠷᠢᠯᠴᠠᠭᠠᠨ ᠤ ᠬᠤᠷᠠᠯ ᠬᠢᠵᠦ᠂ 7 ᠰᠠᠷ᠎ᠠ ᠳᠤ᠂ ᠳᠡᠭᠡᠳᠥ ᠰᠤᠷᠭᠠᠭᠤᠯᠢ ᠨᠢ ᠬᠡᠰᠡᠭ ᠰᠤᠷᠤᠭᠴᠢᠳ ᠢ ᠲᠣᠮᠢᠯᠠᠨ ᠢᠷᠡᠭᠦᠯᠵᠥ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠣᠷᠣᠯᠴᠠᠭᠤᠯᠵᠤ᠂ ᠲᠣᠰ ᠤᠳᠠᠭᠠᠨ ᠤ ᠬᠠᠮᠲᠤᠷᠠᠯᠴᠠᠭᠠᠨ ᠤ ᠭᠡᠷ᠎ᠡ ᠲᠣᠭᠲᠠᠬᠤ ᠵᠢᠴᠢ ᠫᠠᠶᠢᠰᠠ ᠰᠡᠬᠦᠬᠦ ᠶᠣᠰᠣᠯᠠᠯ ᠨᠢ ᠳᠡᠭᠡᠳᠦ ᠰᠤᠷᠭᠠᠭᠤᠯᠢ ᠬᠢᠭᠡᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠮᠲᠤᠷᠠᠯᠴᠠᠭ᠎ᠠ ᠨᠢᠭᠡᠨ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠪᠠ᠃ ᠬᠤᠶᠠᠷ ᠲᠠᠯ᠎ᠠ ᠪᠠᠷ ᠢᠶᠠᠨ ᠬᠤᠶᠢᠰᠢᠳᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠰᠤᠳᠤᠯᠬᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠷᠭᠠᠨ ᠬᠥᠮᠦᠵᠢᠯ ᠬᠢᠭᠡᠳ ᠴᠢᠳᠠᠪᠤᠷᠢᠲᠠᠨ ᠢ ᠬᠥᠮᠦᠵᠢᠭᠦᠯᠬᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠠᠰᠢᠭᠯᠠᠬᠤ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠪᠣᠯᠤᠨ᠎ᠠ︾ ︽ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠦᠢᠯᠡᠰ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠲᠡᠦᠬᠡ ᠰᠣᠶᠣᠯ ᠢ ᠬᠠᠮᠲᠤ ᠪᠠᠷ ᠤᠯᠠᠮᠵᠢᠯᠠᠨ ᠪᠠᠳᠠᠷᠠᠭᠤᠯᠬᠤ ᠳᠤ ᠢᠳᠡᠭᠡᠯ ᠳᠦᠭᠦᠷᠡᠩ ᠪᠠᠶᠢᠨ᠎ᠠ︾  ᠭᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠪ ᠤᠨ ᠡᠷᠬᠢᠯᠡᠭᠴᠢ ᠴᠢᠶᠣᠤ ᡁᠢ ᠵᠢᠶᠧ ᠬᠡᠯᠡᠪᠡ᠃  
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号