2024 ᠣᠨ ᠤ 1 - 8 ᠰᠠᠷ᠎ᠠ ᠶᠢᠨ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠵᠠᠳᠠᠯᠤᠯᠲᠠ ᠬᠢᠪᠡ
ᠨᠡᠶᠢᠲᠡᠯᠡᠭᠰᠡᠨ ᠴᠠᠭ᠄
2024/9/20
      ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 58 ᠪᠠᠶᠢᠵᠤ᠂ ᠣᠲᠣ ᠪᠣᠯᠲᠠᠯ᠎ᠠ 56 ᠠᠵᠤ ᠦᠢᠯᠡᠳᠪᠦᠷᠢ ᠶᠢᠨ ᠠᠵᠤ ᠠᠬᠤᠶᠢᠯᠠᠯ ᠦᠢᠯᠡᠳᠪᠦᠷᠢᠯᠡᠯ ᠢᠶᠠᠨ ᠰᠡᠷᠭᠦᠭᠡᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ ᠨᠢ 96.55% ᠳᠤ ᠬᠦᠷᠴᠡᠶ᠃      2024 ᠣᠨ ᠤ 8 ᠰᠠᠷ᠎ᠠ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 6.53 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 23.3% ᠪᠠᠷ ᠨᠡᠮᠡᠭᠳᠡᠪᠡ᠃ 2024 ᠣᠨ ᠤ 1 - 8 ᠰᠠᠷ᠎ᠠ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠥᠷᠢ ᠶᠢᠨ ᠠᠵᠤ ᠠᠬᠤᠶᠢᠯᠠᠯ 49.46 ᠳ᠋ᠦᠩᠰᠢᠭᠤᠷ ᠲᠥᠭᠦᠷᠢᠭ ᠤᠨ ᠦᠢᠯᠡᠳᠭᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 22.6% ᠪᠠᠷ ᠨᠡᠮᠡᠭᠳᠡᠨ᠂ ᠡᠭᠦᠨ ᠳᠤ 31 ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ  ᠤᠨ ᠨᠡᠶᠢᠯᠡᠪᠦᠷᠢ ᠨᠢ 7.01 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.4% ᠪᠠᠷ ᠪᠠᠭᠤᠷᠠᠪᠠ᠃      ᠠᠵᠢᠯ ᠲᠥᠷᠥᠯ ᠤᠨ ᠠᠩᠭᠢᠯᠡᠯ ᠠᠴᠠ ᠦᠵᠡᠪᠡᠯ᠂ ᠬᠠᠷ᠎ᠠ ᠲᠡᠮᠦᠷᠯᠢᠭ ᠤᠨ ᠡᠷᠦᠳᠡᠰᠤ ᠶᠢᠨ ᠬᠥᠳᠡᠷ ᠰᠢᠯᠢᠭᠦ ᠦᠢᠯᠡᠰ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠵᠦ᠂ ᠦᠢᠯᠡᠳᠬᠦᠨ ᠤ ᠶᠡᠷᠦᠩᠬᠡᠶ ᠥᠷᠲᠡᠭ ᠨᠢ 18.5% ᠪᠠᠷ ᠨᠡᠮᠡᠭᠳᠡᠪᠡ︔ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠦᠢᠯᠡᠳᠬᠦᠨ  ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 2405.3% ᠪᠠᠷ ᠨᠡᠮᠡᠭᠳᠡᠵᠦ᠂ ᠦᠢᠯᠡᠳᠬᠦᠨ ᠤ ᠶᠡᠷᠦᠩᠬᠡᠶ ᠥᠷᠲᠡᠭ ᠨᠢ 29.5% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ ᠵᠢᠴᠢ ᠤᠰᠤᠨ ᠤ ᠭᠠᠷᠤᠯᠲᠠ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠵᠦ᠂ ᠦᠢᠯᠡᠳᠬᠦᠨ ᠤ ᠶᠡᠷᠦᠩᠬᠡᠶ ᠥᠷᠲᠡᠭ ᠨᠢ 28.1% ᠶᠢ ᠡᠵᠡᠯᠡᠪᠡ︔ ᠲᠡᠮᠦᠷᠯᠢᠭ ᠪᠤᠰᠤ ᠡᠷᠦᠳᠡᠰᠦ ᠶᠢᠨ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 1.8% ᠪᠠᠷ ᠪᠠᠭᠤᠷᠠᠵᠥ᠂ ᠦᠢᠯᠡᠳᠬᠦᠨ ᠤ ᠶᠡᠷᠦᠩᠬᠡᠶ ᠥᠷᠲᠡᠭ ᠨᠢ 5.6% ᠢ ᠡᠵᠡᠯᠡᠪᠡ︔ ᠬᠠᠷ᠎ᠠ ᠲᠡᠮᠦᠷᠯᠢᠭ ᠪᠤᠯᠪᠠᠰᠤᠷᠠᠭᠤᠯᠬᠤ ᠪᠠ ᠳᠠᠷᠤᠵᠤ ᠤᠷᠲᠤᠳᠬᠠᠭᠰᠠᠨ ᠡᠳ᠋ᠰᠢᠭᠦᠯᠬᠦ ᠦᠢᠯᠡᠰ ᠠᠳᠠᠯᠢ ᠬᠤᠭᠤᠴᠠᠭᠠᠨ ᠤ ᠬᠢ ᠠᠴᠠ 45.6% ᠪᠠᠷ ᠪᠠᠭᠤᠷᠠᠵᠤ᠂ ᠦᠢᠯᠡᠳᠬᠦᠨ ᠤ ᠶᠡᠷᠦᠩᠬᠡᠶ ᠥᠷᠲᠡᠭ ᠨᠢ 17.2% ᠢ ᠡᠵᠡᠯᠡᠪᠡ᠃      ᠦᠢᠯᠡᠳᠬᠦᠨ ᠤ ᠦᠨ᠎ᠡ ᠠᠴᠠ ᠠᠪᠴᠤ ᠦᠵᠡᠪᠡᠯ᠂ ᠲᠡᠮᠦᠷ ᠤᠨ ᠨᠠᠷᠢᠯᠢᠭ ᠨᠤᠨᠳᠠᠭ ᠨᠢ ᠲᠣᠨ ᠪᠦᠷᠢ 890 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.3% ᠪᠠᠷ ᠪᠠᠭᠤᠷᠠᠪᠠ︔ ᠪᠣᠯᠣᠳ ᠡᠭᠦᠰᠤᠯ ᠲᠣᠨ ᠪᠦᠷᠢ 2850 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 20.4% ᠪᠠᠷ ᠪᠠᠭᠤᠷᠠᠪᠠ︔ ᠪᠣᠯᠭᠤᠭᠰᠠᠨ ᠴᠣᠬᠤᠢ ᠲᠣᠨ ᠪᠦᠷᠢ 278 ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 3.3% ᠪᠠᠷ ᠪᠠᠭᠤᠷᠠᠪᠠ︔ ᠪᠣᠯᠭᠤᠭᠰᠠᠨ ᠮᠠᠲ᠋ᠧᠷᠢᠶᠠᠯ ᠲᠣᠨ ᠪᠦᠷᠢ 167 ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 7.2% ᠢᠶᠠᠷ ᠪᠠᠭᠤᠷᠠᠪᠠ︔ ᠱᠦᠢᠨᠢ ᠲᠣᠨ ᠪᠦᠷᠢ 210 ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 15.0% ᠪᠠᠷ ᠪᠠᠭᠤᠷᠠᠪᠠ︔ ᠴᠣᠬᠤᠢ ᠦᠭᠡᠢ ᠤᠰᠤᠲᠥ᠋ᠷᠥᠭᠴᠢ ᠲᠣᠨ ᠪᠦᠷᠢ 8691 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.4% ᠪᠠᠷ ᠪᠠᠭᠤᠷᠠᠪᠠ︔ ᠨᠡᠭᠦᠷᠡᠰᠦ ᠬᠦᠴᠢᠯ ᠤᠨ ᠬᠤᠪᠣᠷ ᠰᠢᠷᠣᠶ ᠲᠣᠨ ᠪᠦᠷᠢ 27000 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 20.1% ᠪᠠᠷ ᠪᠠᠭᠤᠷᠠᠪᠠ᠃      ᠦᠢᠯᠡᠳᠬᠦᠨ ᠤ ᠭᠠᠷᠤᠯᠳᠠ ᠠᠴᠠ ᠦᠵᠡᠪᠡᠯ᠂ 1 - 8 ᠳ᠋ᠤᠭᠠᠷ ᠰᠠᠷ᠎ᠠ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠲᠡᠮᠦᠷ ᠤᠨ ᠨᠠᠷᠢᠯᠢᠭ ᠨᠤᠨᠲᠠᠭ ᠤᠨ ᠭᠠᠷᠤᠯᠲᠠ ᠨᠡᠶᠢᠲᠡ 176.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.6% ᠪᠠᠷ ᠪᠠᠭᠤᠷᠠᠪᠠ︔ ᠪᠣᠯᠭᠤᠭᠰᠠᠨ ᠴᠣᠬᠤᠢ ᠶᠢᠨ ᠭᠠᠷᠤᠯᠲᠠ ᠨᠡᠶᠢᠲᠡ 11.45 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.5% ᠪᠠᠷ ᠪᠠᠭᠤᠷᠠᠪᠠ︔ ᠲᠤᠬᠠᠶ ᠶᠢᠨ ᠲᠠᠯᠠᠪᠠᠶ ᠳᠤ ᠬᠤᠯᠢᠵᠤ ᠰᠠᠪᠠᠯᠠᠭᠰᠠᠨ ᠳᠠᠷᠢ  ᠶᠢᠨ ᠨᠡᠶᠢᠳᠡ ᠭᠠᠷᠤᠯᠲᠠ ᠨᠢ 1243.37 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.2% ᠪᠠᠷ ᠨᠡᠮᠡᠭᠳᠡᠨ᠂ ᠲᠤᠬᠠᠶ ᠶᠢᠨ ᠲᠠᠯᠠᠪᠠᠶ ᠳᠤ ᠠᠮᠮᠣᠨᠢ ᠦᠭᠡᠢ ᠲᠣᠰᠣᠨ ᠳᠠᠷᠢ ᠶᠢᠨ ᠭᠠᠷᠤᠯᠲᠠ ᠨᠢ ᠨᠡᠶᠢᠲᠡ 2013.5 ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 14.8% ᠪᠠᠷ ᠨᠡᠮᠡᠭᠳᠡᠪᠡ︔ ᠤᠰᠤ ᠦᠭᠡᠢ ᠹᠯᠣᠷᠲᠤ ᠤᠰᠤᠲᠥ᠋ᠷᠥᠭᠴᠢ ᠶᠢᠨ ᠭᠠᠷᠤᠯᠲᠠ ᠨᠡᠶᠢᠲᠡ 15.83 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 100.0% ᠪᠠᠷ ᠨᠡᠮᠡᠭᠳᠡᠪᠡ︔ ᠨᠡᠭᠦᠷᠡᠰᠦ ᠬᠦᠴᠢᠯ ᠤᠨ ᠬᠤᠪᠣᠷ ᠰᠢᠷᠣᠶ᠂ ᠬᠤᠯᠢᠮᠠᠭ ᠾᠯᠣᠷᠲᠤ ᠬᠤᠪᠣᠷ ᠰᠢᠷᠣᠶ ᠶᠢᠨ ᠭᠠᠷᠤᠯᠲᠠ ᠨᠡᠶᠢᠲᠡ 2.94 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.7% ᠪᠠᠷ ᠨᠡᠮᠡᠭᠳᠡᠪᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号