ᠲᠡᠦᠬᠡ ᠶᠢᠨ ᠳᠤᠷᠠᠰᠬᠠᠯᠲᠤ ᠵᠦᠢᠯ ᠤᠨ ᠡᠬᠡ ᠪᠠᠶᠢᠳᠠᠯ ᠢ ᠲᠣᠳᠣᠷᠬᠠᠢ ᠣᠶᠢᠯᠠᠭᠠᠵᠤ᠂ ᠲᠡᠦᠬᠡ ᠶᠢᠨ | ᠴᠡᠭᠡᠵᠢᠯᠡᠬᠦᠢ ᠶᠢ ᠬᠠᠮᠠᠭᠠᠯᠠᠶ᠎ᠠ᠃ ᠡᠨᠡ ᠵᠢᠯ ᠤᠨ 5 ᠳ᠋ᠤᠭᠠᠷ ᠰᠠᠷ᠎ᠠ ᠠᠴᠠ ᠨᠠᠭᠠᠰᠢ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠡᠬᠢᠯᠡᠭᠦᠯᠵᠦ᠂ ᠣᠳᠣ ᠪᠣᠯᠲᠠᠯ᠎ᠠ ᠨᠢᠭᠡᠨᠲᠡ ᠭᠤᠷᠪᠠᠳᠤᠭᠠᠷ ᠤᠳᠠᠭᠠᠨ ᠤ ᠪᠦᠬᠦ | ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠭᠤᠯᠤᠭᠰᠠᠨ 207 | ᠲᠡᠤᠬᠡ ᠶᠢᠨ ᠳᠤᠷᠠᠰᠬᠠᠯᠲᠤ ᠵᠦᠢᠯᠡᠰ ᠢ ᠲᠤᠬᠠᠶ ᠶᠢᠨ ᠭᠠᠵᠠᠷ ᠲᠤᠨᠢ ᠳᠠᠬᠢᠨ ᠪᠠᠶᠢᠴᠠᠭᠠᠬᠤ ᠠᠵᠢᠯ ᠬᠢᠵᠦ᠂ | ᠰᠢᠯᠵᠢᠭᠦᠯᠵᠦ ᠪᠣᠯᠤᠰᠢ ᠦᠭᠡᠢ 9 ᠲᠡᠤᠬᠡ ᠶᠢᠨ ᠳᠤᠷᠠᠰᠬᠠᠯᠲᠤ ᠵᠦᠢᠯᠡᠰ ᠢ ᠰᠢᠨ᠎ᠡ ᠪᠠᠷ ᠢᠯᠡᠷᠡᠭᠦᠯᠦᠭᠰᠡᠨ ᠪᠠᠶᠢᠨ᠎ᠠ᠃ | ᠲᠦᠷᠦᠭᠦᠬᠡᠨ᠂ ᠰᠤᠷᠪᠤᠯᠵᠢᠯᠠᠭᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠥᠷᠪᠡᠳᠦᠭᠡᠷ | ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠤᠬᠠᠶ ᠶᠢᠨ ᠭᠠᠵᠠᠷ ᠲᠤᠨᠢ ᠪᠠᠶᠢᠴᠠᠭᠠᠬᠤ | ᠨᠡᠶᠢᠳᠡᠮ ᠪᠠᠶᠢᠴᠠᠭᠠᠯᠲᠠ ᠶᠢᠨ ᠠᠩᠭᠢ ᠶᠢ ᠳᠠᠭᠠᠵᠤ᠂ ᠣᠯᠠᠨ ᠰᠤᠮᠤ ᠶᠢᠨ ᠡᠷᠲᠡᠨ ᠤ ᠬᠤᠲᠠ ᠶᠢᠨ ᠵᠡᠭᠦᠨ ᠲᠠᠯ᠎ᠠ ᠳᠤ | 5 ᠺᠢᠯᠤᠮᠧᠲᠷ ᠵᠠᠢ ᠲᠠᠢ ᠪᠠᠶᠢᠭ᠎ᠠ ᠬᠠᠷ᠎ᠠ ᠡᠩᠭᠡᠷ ᠰᠦᠮ᠎ᠡ ᠭᠡᠶᠢᠳ ᠤᠨ ᠪᠠᠭᠤᠷᠢ ᠳᠤ ᠬᠦᠷᠪᠡ᠂ ᠠᠭᠤᠯᠠᠨ ᠳᠡᠭᠡᠷᠡᠬᠢ | ᠰᠦᠮ᠎ᠡ ᠬᠡᠶᠢᠳ ᠨᠢᠭᠡᠨᠲᠡ ᠡᠪᠳᠡᠭᠳᠡᠪᠡ᠂ ᠤᠤᠯ ᠤᠨ ᠰᠦᠮ᠎ᠡ ᠬᠡᠶᠢᠳ ᠲᠤ ᠨᠡᠪᠲᠡᠷᠡᠬᠦ ᠨᠠᠷᠢᠨ ᠵᠠᠮ ᠨᠢ ᠴᠦ | ᠨᠤᠷᠠᠭᠰᠠᠨ ᠬᠡᠮᠬᠡᠷᠬᠡᠢ ᠴᠢᠯᠠᠭᠤᠨ ᠳᠤ ᠪᠦᠷᠬᠦᠭᠳᠡᠪᠡ᠂ ᠨᠡᠶᠢᠳᠡᠮ ᠪᠠᠶᠢᠴᠠᠭᠠᠯᠲᠠ ᠶᠢᠨ ᠠᠩᠭᠢ ᠶᠢᠨ ᠭᠡᠰᠢᠭᠦᠨ ᠡᠭᠴᠡ | ᠬᠥᠲᠥᠯ ᠢᠶᠠᠷ ᠠᠪᠠᠷᠢᠵᠤ ᠰᠦᠮ᠎ᠡ ᠬᠡᠶᠢᠳ ᠤᠨ ᠬᠠᠭᠤᠴᠢᠨ ᠪᠠᠭᠤᠷᠢ ᠲᠤ ᠬᠦᠷᠴᠦ᠂ ᠠᠭᠤᠯᠠᠨ ᠪᠠᠯ ᠳᠡᠭᠡᠷ᠎ᠡ | ᠬᠠᠭᠠᠷᠬᠠᠢ ᠸᠠᠭᠠᠷ ᠲᠣᠭᠤᠰᠭ᠎ᠠ ᠪᠤᠲᠠᠷᠠᠵᠤ᠂ ᠵᠠᠷᠢᠮ ᠳᠠᠭᠠᠨ ᠸᠠᠭᠠᠷ ᠤᠨ ᠬᠠᠭᠠᠷᠬᠠᠢ ᠪᠠ ᠰᠢᠷ᠎ᠠ᠂ ᠨᠣᠭᠤᠭᠠᠨ | ᠪᠣᠳᠤᠭᠲᠤ ᠰᠢᠯ ᠸᠠᠭᠠᠷ ᠤᠨ ᠬᠡᠮᠬᠡᠳᠡᠭ ᠡᠷᠢᠵᠦ ᠣᠯᠳᠠᠭ᠂ ᠨᠡᠶᠢᠳᠡᠮ ᠪᠠᠶᠢᠴᠠᠭᠠᠯᠲᠠ ᠶᠢᠨ ᠠᠩᠭᠢ ᠶᠢᠨ ᠭᠡᠰᠢᠭᠦᠳ | ᠵᠠᠷᠢᠮ ᠲᠥᠯᠥᠭᠡᠯᠡᠬᠦ ᠴᠢᠨᠠᠷᠲᠠᠢ ᠴᠤᠭᠯᠠᠭᠤᠯᠤᠭᠰᠠᠨ ᠪᠣᠳᠠᠰ ᠢ ᠰᠡᠭᠦᠳᠡᠷᠯᠡᠨ᠎ᠡ᠃ | ᠰᠤᠷᠪᠤᠯᠵᠢᠯᠠᠭᠴᠢ ᠰᠣᠷᠪᠤᠯᠵᠢᠯᠠᠵᠤ ᠣᠶᠢᠯᠠᠭᠠᠭᠰᠠᠨ ᠢᠶᠠᠷ᠂ ᠡᠨᠡ ᠵᠢᠯ ᠤᠨ 5 ᠳ᠋ᠤᠭᠠᠷ ᠰᠠᠷ᠎ᠠ ᠶᠢᠨ 21 ᠤ | ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ | ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠪᠥᠬᠦ ᠲᠠᠯ᠎ᠠ ᠪᠠᠷ ᠡᠬᠢᠯᠡᠵᠦ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠤᠬᠠᠶ ᠶᠢᠨ ᠭᠠᠵᠠᠷ ᠤᠨ ᠭᠤᠷᠪᠠᠨ ᠨᠡᠶᠢᠳᠡᠮ ᠪᠠᠶᠢᠴᠠᠭᠠᠯᠲᠠ ᠶᠢᠨ | ᠠᠩᠭᠢ ᠪᠠᠶᠢᠭᠤᠯᠵᠤ ᠲᠤᠬᠠᠶ ᠶᠢᠨ ᠭᠠᠵᠠᠷ ᠤᠨ ᠪᠠᠶᠢᠴᠠᠭᠠᠯᠲᠠ ᠥᠷᠨᠢᠭᠦᠯᠪᠡ᠃ ᠭᠤᠷᠪᠠᠳᠤᠭᠠᠷ ᠤᠳᠠᠭᠠᠨ ᠤ ᠪᠦᠬᠦ | ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠤᠮᠳᠠ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ | 509 ᠪᠠᠶᠢᠴᠠᠭᠠᠨ ᠳᠠᠩᠰᠠᠯᠠᠵᠤ᠂ ᠪᠤᠭᠤᠲᠤ ᠬᠤᠲᠠ ᠶᠢᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ | ᠵᠦᠢᠯᠡᠰ ᠤᠨ ᠲᠤᠭ᠎ᠠ ᠬᠡᠮᠵᠢᠶ᠎ᠡ ᠶᠢᠨ ᠬᠠᠭᠠᠰ ᠢ ᠡᠵᠡᠯᠡᠬᠦ ᠮᠦᠷᠲᠡᠭᠡᠨ ᠭᠠᠵᠠᠷ ᠠᠭᠤᠳᠠᠮ ᠲᠠᠯᠠᠪᠠᠢ ᠣᠯᠠᠨ ᠲᠠᠷᠠᠬᠠᠢ | ᠪᠤᠲᠠᠷᠬᠠᠢ ᠪᠠᠶᠢᠵᠤ ᠲᠤᠬᠠᠶ ᠶᠢᠨ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠬᠠᠲᠠᠭᠤ ᠪᠡᠷᠬᠡ᠃ ᠲᠤᠬᠠᠶ ᠶᠢᠨ | ᠭᠠᠵᠠᠷ ᠲᠤᠨᠢ ᠪᠠᠶᠢᠴᠠᠭᠠᠯᠲᠠ ᠬᠢᠬᠦ ᠶᠠᠪᠤᠴᠠ ᠳᠤ᠂ ᠨᠡᠶᠢᠳᠡᠮ ᠪᠠᠶᠢᠴᠠᠭᠠᠯᠲᠠ ᠶᠢᠨ ᠠᠩᠭᠢ ᠰᠢᠯᠵᠢᠭᠦᠯᠵᠦ ᠪᠣᠯᠤᠰᠢ | ᠦᠭᠡᠶ ᠪᠤᠶᠤ ᠲᠡᠮᠳᠡᠭᠯᠡᠭᠰᠡᠨ ᠦᠭᠡᠶ ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯ ᠢ | ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ ᠤᠷᠢᠳᠠᠪᠠᠷ ᠲᠠᠭᠠᠭᠤᠯᠢ ᠤᠳᠤᠨ ᠤ ᠭᠠᠵᠠᠷ ᠤᠨ ᠵᠢᠷᠤᠭ᠂ ᠰᠤᠷᠪᠤᠯᠵᠢ | ᠪᠢᠴᠢᠭ ᠮᠠᠲ᠋ᠧᠷᠢᠶᠠᠯ ᠠᠴᠠ ᠤᠯᠵᠤ ᠮᠡᠳᠡᠭᠡᠳᠦᠢ ᠲᠡᠤᠭᠡ ᠶᠢᠨ ᠲᠤᠷᠠᠰᠬᠠᠯᠳᠤ ᠵᠦᠢᠯ ᠤᠨ ᠰᠦᠪᠡᠭᠴᠢ ᠶᠢ ᠡᠷᠢᠨ᠂ | ᠲᠤᠬᠠᠢ ᠶᠢᠨ ᠭᠠᠵᠠᠷ ᠲᠤᠨᠢ ᠪᠠᠶᠢᠴᠠᠭᠠᠬᠤ ᠱᠠᠳᠤᠨ ᠳᠤ ᠲᠤᠭᠤᠷᠢᠨ ᠪᠠᠶᠢᠴᠠᠭᠠᠵᠤ ᠬᠠᠭᠤᠴᠢ ᠰᠤᠳᠤᠯᠤᠯ ᠤᠨ | ᠪᠠᠶᠢᠴᠠᠭᠠᠯᠳᠠ ᠬᠢᠬᠦ ᠶᠢᠨ ᠬᠠᠮᠳᠤ ᠲᠤᠬᠠᠢ ᠶᠢᠨ ᠭᠠᠵᠠᠷ ᠤᠨ ᠤᠤᠯ ᠤᠨ ᠰᠠᠭᠤᠭ᠎ᠠ ᠤᠯᠠᠨ ᠲᠦᠮᠡᠨ ᠠᠴᠠ ᠯᠠᠪᠯᠠᠨ | ᠠᠰᠠᠭᠤᠬᠤ ᠲᠠᠢ ᠤᠶᠠᠯᠳᠤᠭᠤᠯᠵᠤ᠂ ᠤᠯᠠᠨ ᠲᠠᠯ᠎ᠠ ᠪᠠᠷ ᠤᠯᠵᠤ ᠮᠡᠳᠡᠭᠡᠳᠦᠢ᠂ ᠲᠡᠮᠳᠡᠭᠯᠡᠭᠰᠡᠨ ᠦᠭᠡᠢ ᠰᠢᠯᠵᠢᠭᠦᠯᠬᠦ | ᠦᠭᠡᠢ ᠲᠡᠤᠭᠡ ᠶᠢᠨ ᠲᠤᠷᠠᠰᠬᠠᠯᠳᠤ ᠵᠦᠢᠯ ᠢ ᠡᠷᠢᠵᠡᠢ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ | ᠲᠥᠪ ᠤᠨ ᠡᠷᠬᠢᠯᠡᠭᠴᠢ ᠴᠢᠶᠣᠤ ᡁᠢ ᠵᠢᠶᠧ᠂ ᠣᠳᠣᠬᠠᠨ ᠪᠣᠯᠲᠠᠯ᠎ᠠ᠂ ᠨᠢᠭᠡᠨᠲᠡ ︽8 ᠳ᠋ᠤᠭᠠᠷ ᠬᠤᠸᠠᠷᠠᠨ︾᠂ ︽9 | ᠳ᠋ᠦ᠋ᠭᠡᠷ ᠬᠤᠸᠠᠷᠠᠨ︾᠂ ︽ᠴᠢᠩ ᠤᠯᠤᠰ ᠤᠨ ᠦᠶ᠎ᠡ ᠶᠢᠨ ᠤᠭᠤᠷᠬᠠᠢ ᠶᠢᠨ ᠪᠠᠭᠤᠷᠢ︾ ᠵᠢᠴᠢ ︽ᠳᠣᠪᠣᠷᠴᠠᠭ | ᠪᠠᠭᠤᠷᠢ︾ ᠵᠡᠷᠭᠡ ᠶᠢᠰᠦᠨ ᠭᠠᠵᠠᠷ ᠤᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠢ | ᠰᠢᠨ᠎ᠡ ᠪᠠᠷ ᠢᠯᠡᠷᠡᠭᠦᠯᠦᠭᠰᠡᠨ ᠪᠥᠭᠡᠳ ᠨᠤᠲᠠᠯᠠᠭᠰᠠᠨ ᠪᠠᠶᠢᠨ᠎ᠠ᠃ ︽8 ᠳ᠋ᠤᠭᠠᠷ ᠬᠤᠸᠠᠷᠠᠨ︾ ᠤ ᠪᠠᠭᠤᠷᠢ ᠪᠣᠯ | 1927 ᠣᠨ ᠳᠤ ᠳᠤᠮᠳᠠᠳᠤ ᠤᠯᠤᠰ ᠤᠨ ᠪᠠᠷᠠᠭᠤᠨ ᠬᠤᠶᠢᠲᠤ ᠶᠢᠨ ᠰᠢᠨᠵᠢᠯᠡᠬᠦ ᠤᠬᠠᠭᠠᠨ ᠤ ᠰᠢᠨᠵᠢᠯᠡᠨ | ᠪᠠᠶᠢᠴᠠᠭᠠᠬᠤ ᠪᠦᠯᠬᠦᠮ 8 ᠵᠢᠯ ᠤᠨ ᠴᠢᠬᠤᠯᠠ ᠡᠬᠢᠯᠡᠯᠲᠡ ᠶᠢᠨ ᠴᠡᠭ ᠢ ᠥᠩᠭᠡᠷᠡᠭᠦᠯᠬᠦ ᠶᠢᠨ ᠬᠠᠮᠲᠤ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠳᠤ ᠬᠤᠶᠠᠷ ᠰᠠᠷ᠎ᠠ ᠪᠠᠶᠢᠴᠠᠭᠠᠵᠤ ᠪᠠᠶᠢᠭᠤᠯᠤᠭᠰᠠᠨ ᠥᠪᠥᠷ ᠮᠣᠩᠭᠤᠯ ᠤᠨ | ᠠᠩᠬᠠᠳᠠᠭᠴᠢ ᠴᠠᠭ ᠠᠭᠤᠷ ᠤᠨ ᠬᠢᠨᠠᠨ ᠬᠡᠮᠵᠢᠬᠦ ᠥᠷᠲᠡᠭᠡ ᠪᠠᠶᠢᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ | ︔ ︽ᠴᠢᠩ ᠤᠯᠤᠰ ᠤᠨ ᠦᠶ᠎ᠡ ᠶᠢᠨ ᠤᠭᠤᠷᠬᠠᠢ ᠶᠢᠨ ᠪᠠᠭᠤᠷᠢ︾ ᠠᠴᠠ ᠰᠢᠲᠠᠭᠠᠭᠰᠠᠨ ᠲᠣᠭᠤᠰᠬᠠᠨ | ᠤᠭᠤᠷᠬᠠᠢ ᠶᠢᠨ ᠭᠤᠷᠪᠠᠨ ᠭᠠᠵᠠᠷ᠂ ᠭᠠᠵᠠᠷ ᠤᠨ ᠭᠠᠳᠠᠷᠭᠤ ᠶᠢᠨ ᠦᠯᠡᠳᠡᠭᠳᠡᠯ ᠪᠣᠳᠠᠰ ᠴᠢᠩ ᠤᠯᠤᠰ ᠤᠨ ᠢᠷᠲᠦ | ᠪᠠᠭᠠᠵᠢ ᠨᠢᠭᠡ ᠵᠦᠢᠯ᠂ ᠲᠡᠷᠭᠡ ᠨᠢᠭᠡ ᠵᠦᠢᠯ᠂ ᠭᠠᠤᠯᠢ ᠰᠠᠪᠠ᠂ ᠮᠤᠤᠷ ᠨᠢᠭᠡ ᠪᠠ ᠴᠢᠩ ᠤᠯᠤᠰ ᠤᠨ ᠦᠶ᠎ᠡ ᠶᠢᠨ | ᠲᠣᠭᠤᠰᠬ᠎ᠠ ᠵᠢᠷᠭᠤᠭᠠᠨ ᠵᠦᠢᠯ ᠢ ᠢᠯᠡᠷᠡᠭᠦᠯᠪᠡ︔ ︽ᠳᠣᠪᠣᠷᠴᠠᠭ ᠪᠠᠭᠤᠷᠢ︾ ᠠᠴᠠ ᠪᠠᠰᠠ ᠨᠢᠭᠡ ᠵᠦᠢᠯ ᠤᠨ | ᠪᠦᠷᠢᠨ ᠪᠦᠲᠦᠨ ᠬᠤᠪᠢᠯᠭᠠᠨ ᠢ ᠢᠯᠡᠷᠡᠭᠦᠯᠵᠡᠢ ᠭᠡᠵᠦ ᠲᠠᠨᠢᠯᠴᠠᠭᠤᠯᠪᠠ᠃ | ᠣᠲᠣ ᠪᠣᠯᠲᠠᠯ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢᠭᠡᠨᠲᠡ ᠭᠤᠷᠪᠠᠳᠤᠭᠠᠷ ᠤᠳᠠᠭᠠᠨ ᠤ | ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠭᠤᠯᠤᠭᠰᠠᠨ | 207 ᠲᠡᠤᠬᠡ ᠶᠢᠨ ᠳᠤᠷᠠᠰᠬᠠᠯᠲᠤ ᠵᠦᠢᠯᠡᠰ ᠢ ᠲᠤᠬᠠᠶ ᠶᠢᠨ ᠭᠠᠵᠠᠷ ᠲᠤᠨᠢ ᠳᠠᠬᠢᠨ ᠪᠠᠶᠢᠴᠠᠭᠠᠬᠤ ᠠᠵᠢᠯ ᠬᠢᠵᠦ᠂ | ᠳᠠᠬᠢᠨ ᠪᠠᠶᠢᠴᠠᠭᠠᠭᠰᠠᠨ ᠤ ᠳᠠᠷᠠᠭ᠎ᠠ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠲᠡᠤᠬᠡ ᠶᠢᠨ ᠠᠬᠤᠶ ᠪᠠᠶᠢᠳᠠᠯ᠂ | ᠰᠣᠶᠣᠯ ᠤᠨ ᠦᠨ᠎ᠡ ᠥᠷᠲᠡᠭ ᠪᠠ ᠬᠠᠮᠠᠭᠠᠯᠠᠯᠲᠠ ᠶᠢᠨ ᠪᠠᠶᠢᠳᠠᠯ ᠳᠤ ᠪᠥᠬᠦ ᠲᠠᠯ᠎ᠠ ᠶᠢᠨ ᠵᠠᠳᠠᠯᠤᠯᠲᠠ ᠬᠢᠵᠦ᠂ ᠪᠥᠬᠦ | ᠬᠤᠰᠢᠭᠤᠨ ᠤ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠲᠤᠭ᠎ᠠ ᠪᠠᠷᠢᠮᠲᠠ ᠪᠠ | ᠮᠡᠳᠡᠭᠡ ᠵᠠᠩᠭᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ |