ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠤᠭᠤᠯᠵᠤ ᠴᠡᠷᠢᠭ ᠤᠨ ᠡᠷᠳᠡᠮ ᠤᠨ ᠮᠥᠷᠦ᠋ᠴᠡᠭᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/9/21
      9 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠠᠲᠤᠬᠠᠭᠠᠯᠭ᠎ᠠ ᠪᠠᠯᠭᠠᠰᠤᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠬᠥᠷᠴᠥ᠂ 24 ᠳ᠋ᠦ᠋ᠭᠡᠷ ᠤᠳᠠᠭᠠᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠡᠳᠦᠷ ᠤᠨ ᠡᠬᠢᠯᠡᠯᠲᠡ ᠶᠢᠨ ᠶᠣᠰᠣᠯᠠᠯ ᠵᠢᠴᠢ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ 2024 ᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠴᠡᠷᠢᠭ ᠤᠨ ᠶᠠᠪᠤᠳᠠᠯ ᠤᠨ ᠪᠡᠶ᠎ᠡ ᠲᠠᠮᠢᠷ ᠤᠨ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃      ᠠᠵᠢᠯᠯᠠᠭ᠎ᠠ ᠡᠬᠢᠯᠡᠬᠦ ᠠᠴᠠ ᠡᠮᠦᠨ᠎ᠡ᠂ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠡᠯ᠎ᠡ ᠤᠳᠤᠷᠢᠳᠤᠯᠭ᠎ᠠ ᠪᠠᠭᠰᠢ ᠰᠤᠷᠤᠭᠴᠢᠳ ᠲᠠᠢ ᠬᠠᠮᠲᠤ ᠰᠤᠷᠭᠠᠭᠤᠯᠢ ᠶᠢᠨ ᠬᠦᠷᠢᠶ᠎ᠡ ᠶᠢ ᠲᠣᠭᠤᠷᠢᠨ ᠦᠵᠡᠪᠡ᠃      ᠠᠵᠢᠯᠯᠠᠭ᠎ᠠ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠪᠡ᠃ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢᠨ ᠯᠸᠢ ᠪᠠᠶᠠᠷ ᠤᠨ ᠶᠠᠷᠢᠶᠠᠨ ᠳᠤ ᠪᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠬᠦ ᠨᠢ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠬᠡᠮᠵᠢᠶᠡᠯᠡᠰᠢ ᠥᠬᠡᠶ ᠠᠴᠢ ᠬᠤᠯᠪᠣᠭᠳᠠᠯ ᠲᠠᠢ ᠶᠤᠮ᠃ ᠪᠦᠬᠦ ᠨᠡᠶᠢᠭᠡᠮ ᠤᠨ ᠬᠠᠮᠲᠤ ᠶᠢᠨ ᠠᠩᠬᠠᠷᠤᠯ ᠪᠣᠯᠤᠨ ᠴᠢᠷᠮᠠᠶᠢᠯᠭ᠎ᠠ ᠪᠠᠷ᠂ ᠬᠥᠮᠦᠨ ᠨᠢᠭᠡᠪᠦᠷᠢ ᠥᠪᠡᠷ ᠤᠨ ᠪᠡᠶ᠎ᠡ ᠠᠴᠠ ᠪᠠᠨ ᠡᠬᠢᠯᠡᠨ᠂ ᠣᠳᠣ ᠠᠴᠠ ᠡᠬᠢᠯᠡᠨ᠂ ᠬᠦᠴᠦᠷᠬᠡᠭ ᠶᠡᠭᠡ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠰᠠᠶᠢᠨ ᠰᠠᠶᠢᠬᠠᠨ ᠭᠡᠷ ᠣᠷᠣᠨ ᠢ ᠪᠦᠳᠦᠭᠡᠨ ᠪᠠᠶᠢᠭᠤᠯᠬᠤ ᠳᠤ ᠪᠢᠳᠡᠨ ᠤ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃      ᠶᠡᠭᠡ ᠮᠦᠷᠦ᠋ᠢᠴᠡᠭᠡᠨ ᠤ ᠭᠤᠭᠴᠤᠭ᠎ᠠ ᠳᠤ ᠰᠤᠷᠤᠭᠴᠢᠳ ᠪᠦᠬᠦ ᠰᠡᠳᠭᠢᠯ ᠢᠶᠠᠨ ᠲᠥᠪᠯᠡᠷᠡᠭᠦᠯᠵᠥ᠂ ︵ᠴᠡᠷᠢᠭ ᠤᠨ ᠶᠠᠪᠤᠳᠠᠯ ᠤᠨ ᠪᠡᠶ᠎ᠡ ᠲᠠᠮᠢᠷ︶ ᠴᠡᠷᠢᠭ ᠤᠨ  ᠶᠠᠪᠤᠳᠠᠯ ᠤᠨ ᠴᠢᠳᠠᠪᠤᠷᠢ ᠶᠢᠨ 6 ᠬᠦᠮᠦᠨ ᠤ ᠪᠤᠤᠬᠢᠶ᠎ᠠ ᠤᠷᠤᠯᠳᠤᠭᠠᠨ᠂ ︵ᠴᠡᠷᠢᠭ ᠤᠨ ᠶᠠᠪᠤᠳᠠᠯ ᠤᠨ  ᠪᠡᠶ᠎ᠡ ᠲᠠᠮᠢᠷ︶  ᠡᠯᠧᠺᠳ᠋ᠷᠣᠨ ᠳᠠᠭᠤᠷᠢᠶᠠᠮᠠᠯ ᠫᠠᠢ ᠬᠠᠷᠪᠤᠬᠤ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠤᠷᠤᠯᠳᠤᠭᠠᠨ ᠵᠡᠷᠭᠡ ᠲᠥᠷᠥᠯ ᠵᠦᠢᠯ ᠨᠢᠭᠡᠪᠦᠷᠢ ᠴᠥᠮ ᠮᠠᠰᠢ ᠶᠡᠭᠡ ᠦᠷᠢᠰᠥᠯᠳᠥᠬᠦ ᠠᠭᠭᠤᠯᠤᠨ ᠲᠠᠢ ᠪᠠᠶᠢᠵᠤ᠂ ᠰᠤᠷᠤᠭᠴᠢᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠭᠦᠢᠴᠡᠳ ᠰᠢᠯᠭᠠᠵᠤ ᠪᠠᠶᠢᠪᠠ᠃ ᠤᠷᠤᠯᠳᠤᠭᠠᠨ ᠳᠤ ᠣᠷᠣᠯᠴᠠᠭᠰᠠᠳ ᠬᠦᠴᠢᠷ ᠪᠡᠷᠬᠡᠰᠢᠶᠡᠯ ᠤᠨ ᠡᠮᠦᠨ᠎ᠡ ᠴᠢᠳᠠᠮᠠᠭᠠᠶ ᠪᠠᠷ ᠰᠡᠳᠬᠢᠵᠦ᠂ ᠡᠷᠡᠯᠬᠡᠭᠯᠡᠨ ᠤᠷᠤᠭᠰᠢᠯᠠᠵᠤ᠂ ᠡᠷᠡᠰ ᠬᠠᠲᠠᠭᠤ ᠰᠥᠰᠥ ᠵᠣᠷᠢᠭ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ᠂ ᠰᠡᠴᠡᠨ ᠰᠡᠷᠭᠦᠯᠡᠩ ᠣᠶᠤᠨ ᠤᠬᠠᠭᠠᠨ ᠢᠶᠠᠷ ᠵᠦᠢᠯ ᠵᠦᠢᠯ ᠤᠨ ᠥᠨᠳᠥᠷ  ᠬᠥᠴᠡᠷᠴᠡ ᠲᠠᠢ ᠥᠷᠢᠰᠥᠯᠳᠦᠭᠡᠨ ᠢ ᠪᠡᠶᠡᠯᠡᠭᠦᠯᠪᠡ᠃ ᠪᠠᠲᠤᠬᠠᠭᠠᠯᠭ᠎ᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢ ᠸᠧᠩ ᠬᠠᠨ᠄ ︽  ᠠᠵᠢᠯᠯᠠᠭᠠᠨ ᠤ ᠬᠡᠯᠪᠡᠷᠢ ᠣᠨᠴᠠᠭᠠᠢ ᠰᠣᠨᠢᠷᠬᠠᠯᠲᠠᠢ ᠪᠠᠶᠢᠵᠤ᠂ ᠪᠢᠳᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠣᠬᠠᠢ ᠮᠡᠳᠡᠯᠭᠡ ᠶᠢ ᠨᠡᠮᠡᠭᠳᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠢᠬᠤᠯᠠ ᠴᠢᠨᠠᠷ ᠢ  ᠨᠡᠩ ᠰᠠᠶᠢᠨ ᠣᠶᠢᠯᠭᠠᠭᠤᠯᠵᠤ᠂ ᠪᠢᠳᠡ ᠬᠤᠶᠢᠰᠢᠳᠠ ᠡᠬᠡ ᠤᠯᠤᠰ ᠲᠠᠭᠠᠨ ᠨᠡᠩ ᠰᠠᠶᠢᠨ ᠬᠦᠴᠦ ᠪᠠᠨ ᠡᠷᠭᠦᠬᠦ ᠪᠣᠯᠣᠨ᠎ᠠ︾ ᠭᠡᠵᠦ ᠬᠡᠯᠡᠪᠡ᠃      ᠠᠵᠢᠯᠯᠠᠭ᠎ᠠ ᠶᠢᠨ ᠳᠤᠮᠳᠠ᠂ ᠪᠠᠲᠤᠬᠠᠭᠠᠯᠭ᠎ᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠸᠠᠩ ᠵᠧ ᠢᠦᠢ ᠪᠠᠰᠠ ᠰᠤᠷᠤᠭᠴᠢᠳ ᠲᠤ ᠥᠪᠡᠷᠮᠢᠴᠡ ᠣᠨᠴᠠᠯᠢᠭ ᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠣᠷᠣᠵᠣ᠂ ᠪᠣᠷᠣᠭᠵᠢᠭᠤᠨ ᠠᠮᠢᠳᠤᠯᠢᠭ ᠲᠠᠶᠢᠯᠪᠤᠷᠢᠯᠠᠯᠲᠠ ᠪᠠᠷ᠂ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠬᠡᠦᠬᠡᠳ ᠤᠳ ᠲᠤ ᠴᠡᠷᠢᠭ ᠢ ᠬᠦᠴᠦᠷᠬᠡᠭᠵᠢᠭᠦᠯᠬᠦ ᠨᠢ ᠳᠠᠷᠤᠢ ᠤᠯᠤᠰ ᠢᠶᠠᠨ ᠬᠦᠴᠦᠷᠬᠡᠭᠵᠢᠭᠦᠯᠬᠦ᠂ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠶᠢᠨ ᠴᠢᠬᠤᠯᠠ ᠴᠢᠨᠠᠷ ᠢ ᠣᠶᠢᠯᠠᠭᠠᠭᠤᠯᠵᠤ᠂ ᠪᠠᠰᠠ ᠤᠯᠤᠰ ᠢᠶᠠᠨ ᠬᠠᠶᠢᠷᠠᠯᠠᠬᠤ᠂ ᠨᠠᠮ ᠢᠶᠠᠨ ᠬᠠᠶᠢᠷᠠᠯᠠᠬᠤ᠂ ᠴᠡᠷᠢᠭ ᠢᠶᠠᠨ ᠬᠦᠷᠢᠶᠡᠯᠡᠬᠦ ᠬᠤᠪᠢᠰᠬᠠᠯ ᠤᠨ ᠦᠷ᠎ᠡ ᠶᠢ ᠬᠡᠦᠬᠡᠳ ᠤᠳ ᠤᠨ ᠰᠡᠳᠬᠢᠯ ᠳᠤ ᠦᠨᠳᠦᠰᠦᠯᠡᠭᠦᠯᠵᠡᠢ᠃ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠣᠯ ᠤᠯᠤᠰ ᠪᠣᠯᠣᠨ ᠦᠨᠳᠦᠰᠦᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠶᠢᠨ ᠴᠢᠬᠤᠯᠠ ᠪᠠᠲᠤᠯᠠᠭ᠎ᠠ ᠮᠥᠨ᠂ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠴᠢᠩᠭᠠᠳᠬᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠮᠥᠨ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ ᠤᠳᠠᠯ ᠥᠬᠡᠶ ᠬᠦᠷᠴᠦ ᠢᠷᠡᠬᠦ ᠲᠠᠰᠢᠷᠠᠮ ᠢᠶᠠᠷ᠂ ᠪᠢᠳᠡ 24 ᠤᠳᠠᠭᠠᠨ ᠤ ᠳ᠋ᠦ᠋ᠭᠡᠷ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ ᠤᠨ ᠡᠬᠢᠯᠡᠯᠲᠡ ᠶᠢᠨ ᠶᠣᠰᠣᠯᠠᠯ ᠵᠢᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2024 ᠣᠨ ᠤ ᠤᠯᠤᠰ ᠤᠨ  ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠴᠡᠷᠢᠭ ᠤᠨ ᠶᠠᠪᠤᠳᠠᠯ ᠤᠨ ᠪᠡᠶ᠎ᠡ ᠲᠠᠮᠢᠷ ᠤᠨ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢᠨ ᠶᠡᠭᠡ ᠮᠥᠷᠦ᠋ᠢᠴᠡᠭᠡᠨ ᠬᠠᠮᠲᠤ ᠪᠠᠷ ᠣᠷᠣᠯᠴᠠᠵᠤ᠂ ᠰᠤᠷᠤᠭᠴᠢᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠭᠦᠨᠵᠡᠭᠡᠶ ᠮᠡᠳᠡᠭᠦᠯᠵᠥ᠂ ᠴᠡᠷᠢᠭ ᠤᠨ ᠶᠠᠪᠤᠳᠠᠯ ᠤᠨ ᠤᠷ᠎ᠠ ᠴᠢᠳᠠᠪᠥᠷᠢ ᠶᠢ ᠣᠶᠢᠯᠠᠭᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠷᠠᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠥ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠥᠲᠥᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠠᠢ︾  ᠭᠡᠵᠥ ᠬᠤᠰᠢᠭᠤᠨ ᠤ ᠰᠤᠷᠭᠠᠨ ᠬᠦᠮᠦᠵᠢᠯ ᠤᠨ ᠲᠣᠪᠴᠢᠶᠠᠨ ᠤ ᠪᠡᠶ᠎ᠡ ᠲᠠᠮᠢᠷ ᠡᠷᠡᠭᠦᠯ ᠬᠠᠮᠠᠭᠠᠯᠠᠯ ᠤᠨ ᠲᠠᠰᠤᠭ ᠤᠨ ᠳᠠᠷᠤᠭ᠎ᠠ ᠯᠠᠨ ᠰᠢᠩ ᠬᠡᠯᠡᠪᠡ᠃      ᠠᠵᠢᠯᠯᠠᠭ᠎ᠠ ᠶᠢᠨ ᠡᠴᠦᠰ ᠲᠤ ᠪᠠᠰᠠ ᠱᠠᠩᠨᠠᠯ ᠣᠯᠭᠤᠬᠤ ᠶᠣᠰᠣᠯᠠᠯ  ᠶᠠᠪᠤᠭᠤᠯᠵᠠᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号