ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠠᠳᠤᠭᠤᠨ ᠤ ᠠᠵᠤ ᠦᠢᠯᠡᠰ ᠤᠨ ᠬᠦᠷᠢᠶᠡᠯᠡᠩ ᠢ ᠰᠢᠨ᠎ᠡ  ᠪᠠᠷ ᠪᠠᠶᠢᠭᠤᠯᠵᠤ ᠲᠠᠷᠢᠶᠠᠯᠠᠩ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/9/21
      9 ᠰᠠᠷ᠎ᠠ ᠶᠢᠨ 20 ᠤ ᠡᠳᠦᠷ᠂ ︽ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠢᠶᠠᠨ ᠬᠠᠮᠲᠤᠪᠠᠷ ᠡᠳ᠋ᠯᠡᠬᠦ ᠰᠢᠷᠠᠮᠦ᠋ᠷᠡᠨ ᠲᠠᠯ᠎ᠠ ᠨᠤᠳᠤᠭ ᠪᠤᠯᠵᠤᠭ᠎ᠠ︾ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠵᠢᠴᠢ ᠬᠥᠬᠡᠳᠡᠷᠡᠰᠥ ᠭᠠᠴᠠᠭᠠᠨ ᠤ ᠠᠳᠤᠭᠤᠨ ᠤ ᠠᠵᠤ ᠦᠢᠯᠡᠰ ᠤᠨ ᠬᠦᠷᠢᠶᠡᠯᠡᠩ ᠤᠨ ᠳᠣᠤᠵᠠ ᠬᠠᠶᠢᠴᠢᠯᠠᠬᠤ ᠶᠣᠰᠣᠯᠠᠯ ᠰᠢᠷᠠᠮᠦ᠋ᠷᠡᠨ ᠪᠠᠯᠭᠠᠰᠤᠨ ᠤ ᠬᠥᠬᠡᠳᠡᠷᠡᠰᠥ  ᠭᠠᠴᠠᠭᠠᠨ ᠤ ᠠᠳᠤᠭᠤᠨ ᠤ ᠠᠵᠤ ᠦᠢᠯᠡᠰ ᠤᠨ ᠬᠦᠷᠢᠶᠡᠯᠡᠩ ᠳᠤ ᠠᠮᠵᠢᠯᠲᠠ ᠲᠠᠢ ᠶᠠᠪᠤᠭᠳᠠᠪᠠ᠃      ᠲᠠᠨᠢᠯᠴᠠᠭᠤᠯᠭ᠎ᠠ ᠶᠢᠨ ᠬᠤᠷᠠᠯ ᠨᠢ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠳᠤᠮᠳᠠ ᠬᠥᠰᠢᠭᠡ ᠪᠠᠨ ᠰᠡᠬᠦᠵᠦ᠂ ᠢᠷᠠᠭᠤ ᠰᠠᠶᠢᠬᠠᠨ ᠮᠣᠷᠢᠨ ᠬᠤᠭᠤᠷ᠂ ᠰᠣᠨᠣᠰᠬᠤᠯᠠᠩᠳᠥ ᠰᠠᠶᠢᠬᠠᠨ ᠬᠥᠥᠮᠠᠢ᠂  ᠤᠶᠠᠩᠭᠠᠳᠤ ᠰᠠᠶᠢᠬᠠᠨ ᠳᠠᠭᠤᠣ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠲᠠᠯ᠎ᠠ ᠨᠤᠲᠤᠭ ᠤᠨ ᠬᠥᠪᠡᠭᠦᠳ ᠥᠬᠢᠳ ᠤᠨ ᠳᠣᠳᠣᠨᠤ ᠵᠣᠴᠢᠨᠰᠠᠭ ᠢ ᠦᠵᠡᠭᠦᠯᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠵᠢᠭᠤᠯᠴᠢᠯᠠᠯ ᠤᠨ ᠲᠥᠷᠥᠯ ᠵᠦᠢᠯ ᠤᠨ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠹᠢᠯᠢᠮ ᠢ ᠳᠠᠯᠪᠢᠵᠥ᠂ ᠬᠤᠷᠠᠯ ᠳᠤ ᠣᠷᠣᠯᠴᠠᠭᠰᠠᠨ  ᠵᠣᠴᠢᠳ ᠲᠤ ᠥᠪᠡᠷ ᠤᠨ ᠪᠠᠶ᠎ᠡ ᠪᠠᠷ ᠢᠶᠠᠨ ᠡᠯ᠎ᠡ ᠦᠵᠡᠮᠵᠢ ᠶᠢᠨ ᠣᠷᠣᠨ ᠳᠤ ᠪᠠᠶᠢᠬᠤ ᠳᠥᠷᠥᠭᠳᠡᠯ ᠥᠭᠴᠥ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ ᠪᠠ ᠭᠦᠨ ᠵᠤᠵᠠᠭᠠᠨ ᠰᠣᠶᠣᠯ ᠤᠨ ᠠᠭᠤᠯᠬᠤᠨ ᠢ ᠮᠡᠳᠡᠷᠡᠭᠦᠯᠪᠡ᠃ ᠳᠠᠷᠠᠭ᠎ᠠ ᠨᠢ᠂ ᠰᠢᠪᠡᠷᠬᠦᠷᠢᠶ᠎ᠡ ᠰᠣᠶᠣᠯ ᠵᠤᠭᠠᠴᠠᠯ᠂ ᠲᠣᠷᠭᠠᠨ ᠵᠠᠮ ᠤᠨ ᠮᠧᠩ ᠵᠢᠶᠦ᠋ᠨ ᠵᠡᠷᠭᠡ ᠵᠤᠭᠠᠴᠠᠯ ᠤᠨ ᠲᠦᠷᠦᠯ ᠵᠦᠢᠯ ᠤᠨ ᠬᠠᠷᠢᠭᠤᠴᠠᠯᠭᠠᠳᠠᠳ ᠲᠤᠰ ᠲᠤᠰ ᠤᠨ ᠵᠤᠭᠠᠴᠠᠯ ᠤᠨ ᠡᠬᠢ ᠪᠠᠶᠠᠯᠢᠭ᠂ ᠵᠠᠮ ᠱᠤᠭᠤᠮ ᠢ ᠨᠡᠭᠡᠭᠡᠨ ᠬᠥᠭᠵᠢᠭᠦᠯᠬᠦ᠂ ᠠᠶᠠᠨᠴᠢᠳ ᠢ ᠣᠷᠣᠭᠤᠯᠤᠨ ᠠᠪᠴᠢᠷᠠᠬᠤ ᠵᠡᠷᠭᠡ ᠪᠥᠬᠦ ᠲᠠᠯ᠎ᠠ ᠪᠠᠷ ᠲᠠᠨᠢᠯᠴᠠᠭᠤᠯᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠤᠷᠮ᠎ᠠ ᠪᠠᠬ᠎ᠠ ᠶᠢ ᠲᠠᠲᠠᠪᠠ᠃      ᠠᠵᠢᠯᠯᠠᠭ᠎ᠠ ᠶᠢᠨ ᠳᠤᠮᠳᠠ ᠪᠠᠰᠠ ᠬᠥᠬᠡᠳᠡᠷᠡᠰᠥ  ᠭᠠᠴᠠᠭᠠᠨ ᠤ ᠠᠳᠤᠭᠤᠨ ᠤ ᠠᠵᠤ ᠦᠢᠯᠡᠰ ᠤᠨ ᠬᠦᠷᠢᠶᠡᠯᠡᠩ ᠤᠨ ᠳᠣᠤᠵᠠ ᠬᠠᠶᠢᠴᠢᠯᠠᠬᠤ ᠶᠣᠰᠣᠯᠠᠯ ᠶᠠᠪᠤᠭᠳᠠᠵᠤ᠂ ᠠᠳᠤᠭᠤᠨ ᠤ ᠠᠵᠤ ᠦᠢᠯᠡᠰ ᠤᠨ ᠬᠦᠷᠢᠶᠡᠯᠡᠩ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠢ ᠬᠠᠷᠠᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠵᠠᠭᠪᠤᠷ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠤᠨ ᠰᠢᠨ᠎ᠡ ᠬᠢᠯᠠᠰ ᠴᠡᠭ᠂ ᠮᠠᠯᠴᠢᠨ ᠲᠠᠷᠢᠶᠠᠴᠢᠨ ᠤ ᠠᠵᠢᠯ ᠣᠯᠭᠤᠯᠲᠠ ᠶᠢᠨ ᠰᠢᠨ᠎ᠡ ᠠᠷᠭ᠎ᠠ ᠵᠠᠮ ᠪᠣᠯᠤᠭᠰᠠᠨ ᠪᠠᠶᠢᠨ᠎ᠠ᠃ ᠥᠪᠥᠷ ᠮᠣᠩᠭᠤᠯ ᠤᠨ ᠴᠢᠤᠸᠠᠨ ᠶᠧᠦ ᠣᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠱᠧᠩ ᠰᠢᠶᠠᠩ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠪᠠᠰᠠ ᠠᠳᠤᠭᠤᠨ ᠤ ᠠᠵᠤ ᠦᠢᠯᠡᠰ ᠤᠨ ᠬᠦᠷᠢᠶᠡᠯᠡᠩ ᠲᠠᠢ ᠲᠤᠬᠠᠶ ᠶᠢᠨ ᠲᠠᠯᠠᠪᠤᠷ ᠲᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤᠪᠠᠷ ᠠᠬᠢᠭᠤᠯᠪᠠ᠃      ᠲᠣᠰ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠢ ᠤᠬᠠᠭᠤᠯᠤᠨ ᠳᠡᠯᠭᠡᠷᠡᠭᠦᠯᠬᠦ ᠳᠤ ᠴᠢᠬᠤᠯᠠ ᠲᠠᠪᠴᠠᠩ ᠪᠠᠶᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠰᠢᠷᠠᠮᠦ᠋ᠷᠡᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠶ ᠬᠠᠮᠲᠤᠷᠠᠯᠴᠠᠭ᠎ᠠ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠰᠢᠷᠠᠮᠥ᠋ᠷᠡᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠣᠣ ᡁᠢ ᠸᠧᠨ᠄ ︽ᠡᠨᠡ ᠵᠢᠯ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠵᠢᠯᠣᠭᠤᠳᠣᠯᠭ᠎ᠠ ᠪᠠ ᠳᠡᠮᠵᠢᠯᠭᠡ ᠪᠣᠯᠣᠨ ᠪᠠᠯᠭᠠᠰᠤᠨ ᠤ ᠵᠢᠭᠤᠯᠴᠢᠯᠠᠯ ᠤᠨ ᠠᠵᠤ ᠠᠬᠤᠶᠢᠯᠠᠯ ᠪᠠ ᠡᠵᠡᠩᠨᠡᠭᠴᠢ ᠶᠢᠨ ᠬᠠᠮᠵᠢᠯᠴᠠᠭ᠎ᠠ ᠳᠣᠤᠷ᠎ᠠ᠂ ᠰᠢᠷᠡᠮᠦ᠋ᠷᠡᠨ ᠪᠠᠯᠭᠠᠰᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ  ᠤᠯᠠᠮ ᠨᠢᠭᠡ ᠠᠯᠬᠤᠮ ᠵᠢᠷᠤᠮᠵᠢᠵᠥ᠂ ᠵᠢᠭᠤᠯᠴᠢᠯᠠᠯ ᠤᠨ ᠦᠢᠯᠡᠴᠢᠯᠡᠭᠡᠨ ᠤ ᠬᠢᠷᠢ ᠲᠦᠪᠰᠢᠨ ᠤᠯᠠᠮ ᠨᠢᠭᠡ ᠠᠯᠬᠤᠮ ᠳᠡᠭᠡᠰᠢᠯᠡᠪᠡ᠃ ᠪᠢᠳᠡ ᠲᠣᠰ ᠤᠳᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠠᠮᠵᠢᠨ᠂ ᠣᠯᠠᠨ ᠤ ᠰᠢᠷᠠᠮᠦ᠋ᠷᠡᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ ᠰᠢᠷᠠᠮᠥ᠋ᠷᠡᠨ ᠲᠠᠯ᠎ᠠ ᠨᠤᠲᠤᠭ ᠤᠨ ᠵᠢᠭᠤᠯᠴᠢᠯᠠᠯ ᠤᠨ ᠴᠤᠭ ᠵᠢᠪᠬᠤᠭ᠎ᠠ ᠶᠢ ᠪᠥᠬᠦ ᠲᠠᠯ᠎ᠠ ᠪᠠᠷ ᠢᠯᠡᠷᠡᠭᠦᠯᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠪᠠᠰᠠ ᠴᠦ ᠪᠦᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠪᠣᠯᠤᠨ ᠡᠬᠢ ᠪᠠᠶᠠᠯᠢᠭ ᠲᠤ ᠲᠠᠪᠴᠠᠩ ᠬᠠᠩᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠵᠤ᠂ ᠴᠢᠨᠠᠷ ᠰᠠᠶᠢᠲᠠᠶ ᠵᠢᠭᠤᠯᠴᠢᠯᠠᠯ ᠤᠨ ᠬᠤᠷᠢᠶ᠎ᠠ ᠶᠢ ᠣᠷᠣᠭᠤᠯᠤᠨ ᠠᠪᠴᠢᠷᠠᠵᠤ᠂ ᠰᠢᠷᠠᠮᠦ᠋ᠷᠡᠨ ᠪᠣᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰᠤᠷᠠᠯᠲᠠ ᠦᠭᠡᠢ ᠰᠠᠶᠢᠵᠢᠷᠠᠬᠤ ᠶᠢ ᠬᠠᠮᠳᠥ ᠪᠠᠷ ᠠᠬᠢᠭᠤᠯᠬᠤ ᠶᠢ ᠬᠦᠰᠡᠵᠦ ᠪᠠᠶᠢᠨ᠎ᠠ︾ ᠬᠡᠪᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号