ᠮᠠᠨᠳᠤᠯ ᠪᠤᠭᠤᠮᠲᠠ ᠠᠩᠬ᠎ᠠ ᠤᠳᠠᠭ᠎ᠠ ᠬᠠᠭᠤᠴᠢᠨ ᠮᠠᠰᠢᠨ ᠲᠡᠷᠭᠡ ᠶᠢ ᠭᠠᠳᠠᠭᠰᠢ ᠭᠠᠷᠭᠠᠵᠠᠢ
ᠨᠡᠶᠢᠲᠡᠯᠡᠭᠰᠡᠨ ᠴᠠᠭ᠄
2024/9/21
      9 ᠰᠠᠷ᠎ᠠ ᠶᠢᠨ 20 ᠤ ᠡᠳᠦᠷ᠂ ᠬᠠ ᠹᠦ ᠲᠡᠮᠳᠡᠭᠲᠦ ᠭᠠᠷ ᠳᠠᠮᠵᠢᠭᠰᠠᠨ ᠵᠢᠵᠢᠭ ᠰᠠᠭᠤᠳᠠᠯ ᠤᠨ ᠮᠠᠰᠢᠨ ᠲᠡᠷᠭᠡ ᠪᠤᠭᠤᠲᠤ ᠬᠤᠲᠠ ᠶᠢᠨ  ᠮᠠᠨᠳᠤᠯ ᠪᠣᠭᠤᠮᠲᠠ ᠪᠠᠷ ᠠᠮᠵᠢᠯᠲᠠ ᠲᠠᠢ ᠬᠢᠯᠢ ᠠᠴᠠ ᠭᠠᠷᠪᠠ᠂ ᠡᠨᠡ ᠪᠣᠯ ᠡᠨᠡ ᠵᠢᠯ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 5 ᠶᠠᠮᠤᠨ ᠵᠦᠪᠯᠡᠯ ᠬᠠᠮᠲᠤᠷᠠᠨ ᠨᠡᠢᠲᠡᠯᠡᠭᠰᠡᠨ ︽ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠠᠵᠢᠯ ᠢ ᠤᠯᠠᠮ ᠨᠢᠭᠡ ᠠᠯᠬᠤᠮ ᠰᠠᠶᠢᠳᠤᠷ ᠬᠢᠬᠦ ᠲᠤᠬᠠᠢ ᠮᠡᠳᠡᠭᠳᠡᠯ︾  ᠪᠠᠭᠤᠭᠰᠠᠨ ᠠᠴᠠ ᠨᠠᠭᠠᠰᠢᠬᠢ᠂ ᠮᠠᠨᠳᠤᠯ ᠪᠣᠭᠤᠮᠲᠠ ᠪᠠᠷ ᠳᠠᠮᠵᠢᠨ ᠭᠠᠳᠠᠭᠠᠳᠤ ᠳᠤ  ᠭᠠᠷᠭᠠᠭᠰᠠᠨ ᠠᠩᠬᠠᠳᠠᠭᠴᠢ ᠬᠠᠭᠤᠴᠢᠨ ᠮᠠᠰᠢᠨ‌‍ᠲ᠋ᠡᠷᠭᠡ ᠪᠣᠯᠤᠨ᠎ᠠ᠃    ᠤᠷᠴᠢᠮ ᠤᠨ ᠵᠢᠯ ᠤᠳ ᠲᠤ᠂ ᠮᠠᠨᠳᠤᠯ ᠪᠣᠭᠤᠮᠲᠠ ᠪᠠᠷ ᠥᠩᠭᠡᠷᠡᠬᠦ ᠭᠤᠣᠯ ᠪᠠᠷᠠᠭ᠎ᠠ ᠪᠣᠯ ᠲᠠᠸᠠᠷ ᠤᠨ ᠲᠡᠷᠭᠡ᠂ ᠪᠠᠷᠢᠯᠭ᠎ᠠ ᠶᠢᠨ ᠮᠠᠲ᠋ᠧᠷᠢᠶᠠᠯ᠂   ᠲᠡᠷ᠎ᠡ ᠵᠠᠮ᠂ ᠵᠠᠮ ᠲᠡᠮᠦᠷ ᠵᠡᠷᠭᠡ ᠦᠢᠯᠡᠳᠬᠦᠨ ᠪᠣᠯᠤᠨ᠎ᠠ᠂ ᠡᠭᠦᠨ ᠠᠴᠠ ᠡᠮᠦᠨ᠎ᠡ ᠭᠠᠳᠠᠭᠠᠳᠤ ᠳᠤ ᠭᠠᠷᠭᠠᠬᠤ ᠲᠠᠸᠠᠷ ᠤᠨ ᠲᠡᠷᠭᠡ ᠪᠤᠯ ᠭᠤᠤᠯᠳᠠᠭᠤ ᠬᠦᠨᠳᠦ ᠬᠡᠯᠪᠡᠷᠢ ᠶᠢᠨ ᠠᠴᠢᠶᠠᠨ ᠤ  ᠮᠠᠰᠢᠨ᠂ ᠴᠢᠷᠦᠭᠦᠯ ᠲᠡᠷᠭᠡ ᠵᠡᠷᠭᠡ ᠪᠠᠷᠢᠯᠭ᠎ᠠ ᠳᠤ ᠬᠡᠷᠡᠭᠯᠡᠬᠦ ᠲᠡᠷᠭᠡ  ᠪᠠᠶᠢᠵᠤ᠂ ᠡᠨᠡ ᠤᠳᠠᠭ᠎ᠠ ᠭᠠᠳᠠᠭᠠᠳᠤ ᠳᠤ ᠭᠠᠷᠭᠠᠬᠤ ᠰᠠᠭᠤᠳᠠᠯ ᠤᠨ ᠮᠠᠰᠢᠨ ᠨᠢ ᠭᠠᠳᠠᠭᠠᠳᠤ ᠳᠤ ᠭᠠᠷᠭᠠᠬᠤ ᠰᠢᠨ᠎ᠡ ᠲᠥᠷᠥᠯ ᠵᠦᠢᠯ ᠢ ᠨᠡᠮᠡᠭᠳᠡᠭᠦᠯᠵᠦ᠂ ᠪᠠᠰᠠ ᠪᠤᠭᠤᠲᠤ ᠬᠤᠲᠠ ᠵᠢᠴᠢ ᠬᠥᠷᠰᠢ ᠵᠡᠷᠭᠡᠯᠡᠳᠡᠭᠡ ᠬᠤᠲᠠ ᠳᠤ ᠭᠠᠷ ᠳᠠᠮᠵᠢᠭᠰᠠᠨ  ᠮᠠᠰᠢᠨ ᠲᠡᠷᠭᠡᠨ ᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠥᠷᠭᠡᠳᠭᠡᠬᠦ ᠳᠤ ᠨᠡᠩ ᠣᠯᠠᠨ ᠪᠣᠯᠤᠯᠴᠠᠭ᠎ᠠ ᠬᠠᠩᠭᠠᠭᠰᠠᠨ ᠪᠠᠶᠢᠨ᠎ᠠ᠃   ᠲᠣᠰ ᠤᠳᠠᠭᠠᠨ ᠤ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠪᠣᠯ ︽ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠤᠨ ᠴᠢᠬᠤᠯᠠ ᠠᠷᠭ᠎ᠠ ᠬᠡᠮᠵᠢᠶ᠎ᠡ ᠪᠠᠶᠢᠵᠤ᠂ ᠮᠠᠨᠳᠤᠯ ᠪᠣᠭᠤᠮᠲᠠ ᠶᠢᠨ ᠭᠠᠳᠠᠭᠠᠳᠤ ᠳᠤ ᠭᠠᠷᠭᠠᠬᠤ ᠦᠢᠯᠡᠳᠬᠦᠨ ᠤ ᠲᠥᠷᠥᠯ ᠵᠦᠢᠯ ᠢ ᠪᠠᠶᠠᠯᠢᠭᠵᠢᠭᠤᠯᠬᠤ᠂ ᠮᠠᠨᠳᠤᠯ ᠪᠣᠭᠤᠮᠲᠠ ᠶᠢᠨ ᠠᠷᠠᠯᠵᠢᠶᠠᠨ ᠤ ᠴᠢᠳᠠᠮᠵᠢ ᠶᠢ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠲᠠᠢ ᠶᠤᠮ᠃     ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ᠂ ᠳᠠᠷᠬᠠᠨ ᠮᠤᠤᠮᠢᠩᠭᠠᠨ ᠬᠤᠯᠪᠣᠭᠠᠲᠤ  ᠬᠤᠰᠢᠭᠤ ᠬᠤᠶᠠᠷ ᠱᠠᠲᠤᠨ ᠤ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠣᠭᠤᠮᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠪᠣᠭᠤᠮᠲᠠ ᠪᠠᠷ ᠥᠩᠭᠡᠷᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠶᠠᠷ ᠲᠠᠯ᠎ᠠ ᠶᠢᠨ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠪᠠ ᠨᠥᠬᠦᠷᠰᠡᠭ ᠰᠣᠯᠢᠯᠴᠠᠭ᠎ᠠ ᠶᠢ ᠠᠬᠢᠭᠤᠯᠵᠤ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ  ᠭᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号