ᠨᠠᠮᠤᠷ ᠤᠨ ᠬᠤᠭᠤᠰ ᠤᠨ ᠬᠤᠷᠢᠶᠠᠯᠳᠠ ᠡᠯᠪᠡᠭ ᠳᠡᠯᠪᠡᠭ ᠂ ᠬᠡᠭᠡᠷ᠎ᠡ ᠲᠠᠯ᠎ᠠ ᠶᠢᠨ ᠦᠬᠡᠷ ᠬᠤᠨᠢᠳ ᠢᠷᠠᠶᠢᠨ | ᠬᠠᠷᠠᠭᠳᠠᠨ᠎ᠠ᠃ 9 ᠰᠠᠷ᠎ᠠ ᠶᠢᠨ 22 ᠤ ᠡᠳᠦᠷ᠂ ᠮᠠᠯᠴᠢᠨ ᠲᠠᠷᠢᠶᠠᠴᠢᠨ ᠤ ᠳᠣᠯᠣᠳᠤᠭᠠᠷ ︽ ᠡᠯᠪᠡᠭ | ᠬᠤᠷᠢᠶᠠᠯᠲᠠ ᠶᠢᠨ ᠪᠠᠶᠠᠷ︾ ᠤᠨ ᠣᠨᠴᠠᠭᠠᠶ ᠡᠳᠦᠷ ᠲᠤ ᠨᠢᠭᠡ ᠤᠳᠠᠭᠠᠨ ᠤ ᠬᠤᠨᠢᠨ ᠮᠢᠬᠠᠨᠤ ᠠᠮᠲᠠᠲᠤ ᠢᠳᠡᠭᠡᠨ ᠤ | ᠦᠪᠡᠳᠡᠭᠰᠢ ᠨᠠᠶᠢᠷ ᠢ ᠡᠷᠬᠢᠯᠡᠨ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠪᠠᠰᠠ ᠨᠢᠭᠡ ᠤᠳᠠᠭ᠎ᠠ ︽ ᠬᠤᠨᠢ | ︾ ᠪᠠᠷ ᠢᠶᠠᠨ ᠨᠡᠷ᠎ᠡ ᠠᠯᠳᠠᠷᠰᠢᠵᠠᠢ᠃ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠠᠮᠠᠨ ᠭᠡᠰᠢᠭ | ᠬᠦᠷᠳᠡᠭᠡᠭᠰᠡᠨ ᠢᠶᠠᠷ ᠪᠠᠷᠠᠬᠤ ᠥᠬᠡᠶ᠂ ᠨᠠᠩ ᠴᠤ ᠰᠢᠨ᠎ᠡ ᠴᠠᠭ ᠦᠶ᠎ᠡ ᠶᠢᠨ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠮᠠᠯᠴᠢᠨ ᠲᠠᠷᠢᠶᠠᠴᠢᠨ ᠤ ᠰᠢᠨ᠎ᠡ ᠳᠦᠷᠰᠦ ᠪᠠᠶᠢᠳᠠᠯ ᠢ ᠬᠠᠷᠠᠭᠤᠯᠵᠠᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠦᠮᠦᠰ ᠬᠦᠭᠡᠷᠡᠯᠳᠦᠨ ᠪᠠᠶᠠᠷᠯᠠᠯᠳᠤᠵᠤ᠂ ᠠᠮᠲᠠᠲᠤ ᠦᠨᠦᠷ | ᠬᠠᠩᠬᠤᠯᠤᠨ᠂ ᠮᠠᠯᠴᠢᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠵᠤ᠂ ᠰᠢᠷᠭᠠᠭᠤ | ᠬᠠᠲᠠᠭᠤᠵᠢᠯᠲᠠᠢ ᠬᠦᠳᠡᠯᠮᠦᠷᠢ ᠪᠠᠷ ᠢᠶᠠᠨ ᠡᠯᠪᠡᠭ ᠪᠠᠶᠠᠯᠢᠭ ᠦᠷ᠎ᠡ ᠪᠦᠲᠦᠭᠡᠯ ᠢ ᠰᠣᠯᠢᠵᠤ᠂ ᠲᠤᠬᠠᠢ ᠶᠢᠨ ᠲᠠᠯᠠᠪᠠᠢ ᠳᠤ | ᠪᠠᠶᠢᠭᠰᠠᠨ ᠬᠥᠮᠦᠰ ᠠᠯᠠᠭ᠎ᠠ ᠲᠠᠰᠢᠨ ᠤᠷᠢᠶᠠᠯᠠᠨ ᠪᠠᠭ᠋ᠠᠳᠤᠯᠳᠠᠪᠠ᠂ ᠢᠯᠠᠩᠭᠤᠶ᠎ᠠ ᠮᠠᠯᠴᠢᠨ ᠲᠠᠷᠢᠶᠠᠴᠢᠨ ᠤ ᠦᠬᠦᠯᠡᠨ | ᠢᠯᠡᠳᠭᠡᠭᠴᠢ ︽ᠲᠠᠷᠢᠶᠠᠯᠠᠩ ᠮᠠᠯ ᠠᠵᠤ ᠠᠬᠤᠢ ᠶᠢᠨ ᠲᠠᠨᠢᠯᠴᠠᠭᠤᠯᠤᠭᠴᠢ ︾ ᠪᠠᠶᠢᠵᠤ᠂ ᠲᠡᠳᠡ ᠮᠠᠭᠲᠠᠨ | ᠰᠠᠶᠢᠰᠢᠶᠠᠵᠤ ᠰᠦᠷ ᠬᠦᠴᠦᠨ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠰᠢᠨ᠎ᠡ ᠰᠦᠷ ᠬᠦᠴᠦᠨ᠂ ᠰᠢᠨ᠎ᠡ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃ | ᠨᠠᠩ ᠣᠯᠠᠨ ᠬᠥᠮᠦᠨ ᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠣᠯᠠᠨ ᠤ ᠨᠤᠲᠤᠭ | ᠤᠰᠤᠨ ᠳᠠᠭᠠᠨ ᠬᠠᠶᠢᠷᠠᠲᠠᠶ ᠪᠠᠶᠢᠬᠤ ᠶᠢ ᠤᠷᠢᠶᠠᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠶ ᠶᠢᠨ ᠲᠢᠩᠬᠢᠮ ᠣᠨᠴᠠᠭᠠᠶᠢᠯᠠᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ︽ᠥᠪᠥᠷ | ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠠᠨᠢᠯᠴᠠᠭᠤᠯᠤᠭᠴᠢ︾ ᠵᠢᠨᠠᠵᠢᠯᠯᠠᠬᠤ ᠲᠠᠰᠤᠭ ᠪᠠᠶᠢᠭᠤᠯᠵᠤ᠂ | ᠨᠠᠩ ᠣᠯᠠᠨ ᠬᠦᠮᠦᠰ ᠤᠨ ᠰᠡᠳᠬᠢᠯᠭᠡ ᠶᠢᠨ ᠬᠦᠴᠦᠨ ᠴᠢᠳᠠᠯ ᠢ ᠬᠤᠷᠠᠮᠳᠤᠭᠤᠯᠤᠨ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠲᠠᠷᠢᠶᠠᠯᠠᠩ ᠤᠨ ᠣᠨᠴᠠ ᠭᠠᠷᠤᠯᠲᠠ ᠶᠢᠨ ᠪᠤᠷᠤᠯᠠᠭᠤᠯᠭ᠎ᠠ ᠳᠤ ᠨᠡᠩ ᠥᠷᠭᠡᠨ ᠠᠭᠤᠳᠠᠮ | ᠲᠠᠪᠴᠠᠩ ᠬᠠᠩᠭᠠᠪᠠ᠃ | ᠡᠨᠡ ᠬᠦ ᠠᠯᠪᠠᠨ ᠤ ᠭᠡᠷᠡᠴᠢᠯᠡᠯ ᠤᠨ ︽ᠠᠵᠢᠯᠯᠠᠬᠤ ᠲᠠᠰᠤᠭ︾ ᠲᠠᠢ ᠪᠤᠯᠤᠭᠰᠠᠨ ᠠᠴᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠡᠨᠡ ᠬᠦ ᠬᠥᠷᠥᠰᠥ ᠰᠢᠷᠣᠢ ᠨᠡᠩ ᠴᠡᠴᠡᠭᠯᠡᠨ ᠬᠥᠭᠵᠢᠬᠦ ᠪᠣᠯᠤᠨ᠎ᠠ ᠭᠡᠳᠡᠭ ᠢ ᠢᠲᠡᠭᠡᠵᠦ ᠪᠠᠶᠢᠨ᠎ᠠ ᠃ |