ᠠᠷᠪᠠᠨ ᠳᠥᠷᠪᠡᠳᠦᠭᠡᠷ ᠬᠤᠭᠤᠴᠠᠭᠠᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠳᠣᠭᠤᠷᠢᠨ ᠠᠵᠢᠯ ᠤᠨ ᠳᠠᠶᠢᠴᠢᠯᠠᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/24
      9 ᠰᠠᠷ᠎ᠠ ᠶᠢᠨ 23 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠳᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠳ᠋ᠤᠸᠠᠨ ᠸᠧᠨ ᠶᠤᠸᠠᠨ ᠬᠤᠷᠠᠯ ᠳᠤ ᠣᠷᠣᠯᠴᠠᠭᠰᠠᠨ ᠪᠥᠭᠡᠳ ᠲᠠᠶᠢᠴᠢᠯᠠᠯᠳᠠ ᠶᠢᠨ ᠶᠠᠷᠢᠶ᠎ᠠ ᠲᠠᠯᠪᠢᠪᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠳᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠶᠧ ᠲᠣᠰ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠬᠤ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠡᠰᠢᠭᠦᠳ᠂ ᠴᠠᠭᠳᠠᠨ ᠪᠠᠶᠢᠴᠠᠭᠠᠬᠤ ᠳᠤᠭᠤᠶᠢᠯᠠᠩ ᠪᠠ ᠠᠯᠪᠠᠨ ᠬᠡᠷ ᠤᠨ ᠪᠥᠬᠦ ᠺᠠᠳ᠋ᠷ᠂ ᠴᠠᠭᠳᠠᠨ ᠪᠠᠶᠢᠴᠠᠭᠠᠬᠤ ᠠᠵᠢᠯ ᠤᠨ ᠬᠠᠮᠵᠢᠯᠴᠠᠬᠤ ᠪᠦᠷᠢᠯᠳᠦᠬᠦᠨ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠯᠪᠣᠭᠳᠠᠯ ᠪᠥᠬᠦᠶ ᠰᠤᠮᠤ ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠬᠤᠷᠠᠯ ᠳᠤ ᠣᠷᠣᠯᠴᠠᠵᠠᠶ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠣᠯᠤᠨ ᠣᠨᠴᠠᠯᠢᠭ ᠢ ᠭᠦᠨᠵᠡᠭᠡᠢ ᠤᠢᠢᠯᠠᠭᠠᠨ ᠡᠵᠡᠮᠰᠢᠵᠦ᠂ ᠲᠣᠭᠤᠷᠢᠨ ᠪᠠᠶᠢᠴᠠᠭᠠᠬᠤ ᠬᠢᠨᠠᠯᠲᠠ ᠲᠠᠯᠪᠢᠯᠲᠠ ᠶᠢ ᠭᠦᠨᠵᠡᠭᠡᠶᠢᠷᠡᠭᠦᠯᠦᠨ ᠥᠷᠭᠡᠳᠬᠡᠬᠦ᠂ ᠲᠤᠰᠬᠠᠢ ᠬᠦᠴᠦᠯᠡᠬᠦ᠂ ᠳᠣᠷᠣᠭᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠢᠮᠠᠭᠲᠠ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠤᠯᠠᠨ ᠲᠦᠮᠡᠨ ᠤ ᠠᠰᠠᠭᠤᠳᠠᠯ ᠢ ᠲᠤᠰᠬᠠᠬᠤ ᠠᠷᠭ᠎ᠠ ᠵᠠᠮ ᠢ ᠤᠯᠠᠮ ᠴᠢᠨᠠᠭᠰᠢᠳᠠ ᠥᠷᠭᠡᠳᠬᠡᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠤᠯᠠᠨ ᠲᠦᠮᠡᠨ ᠲᠠᠢ ᠬᠠᠷᠢᠯᠴᠠᠬᠤ ᠬᠤᠯᠪᠣᠭᠠᠰᠤ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠲᠣᠭᠤᠷᠢᠨ ᠪᠠᠶᠢᠴᠠᠭᠠᠬᠤ ᠶᠢᠨ ᠳᠠᠭᠠᠤ ᠰᠢᠯᠵᠢᠭᠦᠯᠦᠨ ᠲᠤᠰᠢᠶᠠᠬᠤ᠂ ᠴᠡᠭᠴᠡᠯᠡᠨ ᠰᠠᠶᠢᠵᠢᠷᠠᠭᠤᠯᠬᠤ ᠶᠢᠨ ᠳᠠᠭᠠᠤ ᠢᠯᠡ ᠪᠣᠯᠭᠠᠬᠤ ᠶᠢ ᠨᠠᠶᠢᠳᠠᠪᠤᠷᠢᠵᠢᠭᠤᠯᠵᠤ᠂ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠢᠲᠡᠭᠡᠯ ᠪᠠ ᠳᠡᠮᠵᠢᠯᠭᠡ ᠶᠢ ᠤᠯᠬᠤ ᠬᠡᠷᠡᠭᠲᠡᠢ᠃ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ᠪᠠᠷᠢᠮᠵᠢᠶᠠᠯᠠᠬᠤ ᠤᠬᠠᠮᠰᠠᠷ ᠢᠶᠠᠨ ᠴᠢᠩᠭᠠᠳᠬᠠᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ᠠᠵᠢᠯ ᠢᠶᠠᠨ ᠥᠷᠨᠢᠭᠦᠯᠵᠦ᠂ ᠴᠢᠩᠭ᠎ᠠ ᠬᠦᠴᠦᠲᠡᠶ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠪᠠᠷ ᠮᠠᠨ ᠤ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃      ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠶᠡᠷᠦᠩᠬᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠣᠰ ᠡᠭᠡᠯᠵᠢ ᠶᠢᠨ ᠳᠣᠭᠤᠷᠢᠨ ᠪᠠᠶᠢᠴᠠᠭᠠᠬᠤ 4 ᠳᠤᠭᠤᠶᠢᠯᠠᠩ ᠲᠣᠮᠢᠯᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠳᠠᠷᠬᠠᠨ ᠰᠤᠮᠤ ᠵᠡᠷᠭᠡ 4 ᠪᠠᠶᠢᠭᠤᠯᠭ᠎ᠠ ᠨᠢᠭᠡᠴᠡ ᠪᠠ ᠭᠠᠵᠠᠷ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠳᠣᠭᠤᠷᠢᠨ ᠪᠠᠶᠢᠴᠠᠭᠠᠯᠲᠠ ᠥᠷᠨᠢᠭᠦᠯᠦᠨ᠎ᠡ︔ ᠰᠢ ᠾᠧ ᠰᠢᠶᠠᠩ ᠤᠨ ᠴᠠᠩ ᠬᠠᠨ᠂ ᠴᠢᠶᠠᠨ ᠾᠧ ᠵᠡᠷᠭᠡ 5 ᠵᠠᠰᠠᠭ ᠵᠠᠬᠢᠷᠭᠠᠨ ᠤ ᠲᠣᠰᠬᠤᠨ᠂ ᠴᠠᠭᠠᠨᠬᠠᠳᠠ ᠰᠤᠮᠤ ᠶᠢᠨ ᠬᠠᠳᠠᠬᠤᠰᠢᠭᠤ᠂ ᠨᠠᠷᠠᠨᠪᠤᠯᠠᠭ ᠵᠡᠷᠭᠡ 4 ᠭᠠᠴᠠᠭ᠎ᠠ ᠳᠤ ︽ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠳᠤ ᠡᠷᠬᠡ ᠣᠯᠭᠤᠵᠤ ᠬᠦᠴᠦᠨ ᠢᠶᠠᠨ ᠵᠣᠬᠢᠶᠠᠨ ᠪᠠᠶᠢᠭᠤᠯᠵᠤ ᠴᠠᠭᠳᠠᠨ ᠪᠠᠶᠢᠴᠠᠭᠠᠬᠤ︾ ᠠᠵᠢᠯᠯᠠᠭ᠎ᠠ ᠥᠷᠨᠢᠭᠦᠯᠦᠨ᠎ᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号