ᠵᠢᠶᠠ ᠪᠦᠦ ᠯᠢᠶᠠᠩ ᠠᠷᠠᠯᠵᠢᠶᠠᠴᠢᠨ ᠤᠷᠢᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠶᠢᠨ ᠰᠡᠳᠬᠢᠮᠵᠢ ᠶᠢ ᠰᠤᠳᠤᠯᠤᠨ ᠰᠦᠪᠡᠭᠴᠢᠯᠡᠪᠡ
ᠨᠡᠶᠢᠲᠡᠯᠡᠭᠰᠡᠨ ᠴᠠᠭ᠄
2024/9/24
      9 ᠰᠠᠷ᠎ᠠ ᠶᠢᠨ 23 ᠤ ᠡᠳᠦᠷ᠂ ︽ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠵᠤ   ᠪᠣᠬᠢᠷᠲᠤᠯ ᠦᠭᠡᠢ ᠡᠨᠧᠷᠭᠢ ᠶᠢᠨ ᠢᠷᠡᠭᠡᠳᠦᠢ ᠶᠢ ᠴᠤᠭᠴᠠᠯᠠᠬᠤ︾ ᠪᠠᠷ ᠭᠤᠣᠯ ᠰᠡᠳᠦᠪ ᠪᠣᠯᠭᠠᠭᠰᠠᠨ 2024 ᠳᠤᠮᠳᠠᠳᠤ ᠤᠯᠤᠰ ᠤᠨ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠪᠤᠭᠤᠳᠤ ᠬᠤᠳᠠ ᠳᠤ ᠡᠬᠢᠯᠡᠪᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠡᠭᠡ ᠬᠤᠷᠠᠯ ᠤᠨ ᠠᠵᠠ ᠲᠣᠬᠢᠶᠠᠯ ᠢ ᠵᠠᠪᠳᠤᠨ᠂ ᠬᠠᠮᠤᠭ ᠲᠡᠷᠢᠭᠦᠨ ᠳᠤ  ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠶᠢᠨ  ᠰᠡᠳᠬᠢᠮᠵᠢ ᠶᠢ ᠰᠤᠳᠤᠯᠤᠨ  ᠰᠦᠪᠡᠭᠴᠢᠯᠡᠪᠡ᠃ ᠲᠤᠰ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠤᠷᠢᠳ ᠬᠤᠵᠢᠳ 2 ᠲᠠᠯᠠᠪᠤᠷ ᠠᠷᠠᠯᠵᠢᠶᠠᠴᠢᠨ ᠤᠷᠢᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠸᠠ ᠨᠧᠩ ᠪᠦᠯᠦᠭᠯᠡᠯ ᠤᠨ ᠵᠧᠵᠢᠶᠠᠩ ᠤᠨ ᠺᠣᠮᠫᠠᠨᠢ ᠂ ᠵᠧᠵᠢᠶᠠᠩ ᠤᠨ ᠠᠶ ᠪᠧᠢ ᠨᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠥᠩ ᠬᠠᠶ ᠡᠨᠧᠷᠭᠢ ᠬᠠᠳᠠᠭᠠᠯᠠᠬᠤ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ︵ᠪᠡᠭᠡᠵᠢᠩ︶ ᠤᠨ ᠬᠢᠵᠠᠭᠠᠷᠲᠤ ᠺᠣᠮᠫᠠᠨᠢ ᠵᠡᠷᠭᠡ 14 ᠡᠨᠧᠷᠭᠢ ᠬᠠᠳᠠᠭᠠᠯᠠᠬᠤ ᠠᠵᠤ ᠠᠬᠤᠶᠢᠯᠠᠯ ᠢ ᠤᠷᠢᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠨᠧᠷᠭᠢ ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠪᠡ᠃      ᠠᠷᠠᠯᠵᠢᠶᠠᠴᠢᠨ ᠤᠷᠢᠬᠤ ᠶᠠᠷᠢᠯᠴᠠᠬᠤ ᠬᠤᠷᠠᠯ ᠳᠡᠭᠡᠷ᠎ᠡ᠂ ᠡᠯ᠎ᠡ ᠡᠳᠡᠭᠡᠳ ᠤᠨ ᠬᠢᠨ ᠮᠠᠨ ᠤ ᠬᠤᠰᠢᠭᠤᠨ ᠤ ᠡᠨᠧᠷᠭᠢ ᠬᠠᠳᠠᠭᠠᠯᠠᠬᠤ  ᠠᠵᠤ ᠦᠢᠯᠡᠰ ᠤᠨ ᠢᠷᠡᠭᠡᠳᠦᠶ᠂  ᠲᠤᠳᠠᠭᠳᠠᠯ ᠵᠡᠷᠭᠡ ᠣᠯᠠᠨ ᠲᠠᠯ᠎ᠠ ᠠᠴᠠ ᠶᠠᠷᠢᠯᠴᠠᠨ ᠰᠣᠯᠢᠯᠴᠠᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠵᠣ᠂ ᠢᠷᠡᠭᠡᠳᠦᠶ ᠶᠢᠨ ᠬᠠᠮᠲᠤᠷᠠᠯᠴᠠᠭ᠎ᠠ ᠳᠤ ᠪᠠᠲᠤ ᠪᠠᠬᠢ ᠰᠠᠭᠤᠷᠢ ᠲᠠᠯᠪᠢᠪᠠ᠃ ᠵᠢᠶᠠ ᠪᠦᠦ ᠯᠢᠶᠠᠩ ᠢᠯᠡᠷᠬᠡᠶᠢᠯᠡᠬᠦ ᠳᠡᠭᠡᠨ᠂ ᠪᠤᠭᠤᠲᠤ ᠬᠤᠲᠠ 2024 ᠣᠨ ᠤ ᠳᠤᠮᠳᠠᠳᠤ ᠤᠯᠤᠰ ᠤᠨ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠢ ᠴᠢᠨᠠᠷ ᠰᠠᠶᠢᠲᠠᠶ ᠳᠠᠭᠠᠭᠠᠴᠢᠯᠠᠨ ᠡᠷᠭᠢᠯᠡᠵᠦ᠂ ᠵᠠᠰᠠᠭ ᠠᠵᠤ ᠠᠬᠤᠶᠢᠯᠠᠯ ᠳᠤ ᠰᠠᠶᠢᠨ ᠰᠠᠶᠢᠬᠠᠨ ᠬᠠᠮᠲᠤᠷᠠᠯᠴᠠᠭᠠᠨ ᠤ ᠲᠠᠪᠴᠠᠩ ᠪᠠᠶᠢᠭᠤᠯᠤᠨ ᠥᠭᠴᠦ᠂ ᠮᠠᠨ ᠤ ᠬᠤᠰᠢᠭᠤᠨ ᠤ ᠡᠨᠧᠷᠭᠢ ᠬᠠᠳᠠᠭᠠᠯᠠᠬᠤ  ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ  ᠠᠬᠢᠭᠤᠯᠬᠤ ᠪᠤᠯᠤᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠤᠭᠤᠲᠤ ᠬᠤᠲᠠ ᠶᠢᠨ ︽ᠨᠢᠭᠡ ᠰᠠᠭᠤᠷᠢᠨ ᠬᠤᠶᠠᠷ ᠲᠥᠪ︾ ᠤᠨ ᠬᠥᠭᠵᠢᠯᠲᠡ ᠶᠢᠨ ᠪᠠᠶᠢᠷᠢᠰᠢᠯ ᠤᠨ ᠲᠣᠭᠤᠷᠢᠨ ᠳᠤ᠂ ᠡᠨᠧᠷᠭᠢ ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠶᠢ ᠵᠠᠪᠳᠤᠨ ᠠᠳᠬᠤᠵᠤ᠂ ᠣᠳᠣᠬᠠᠨ ᠤ ᠮᠠᠨ ᠤ ᠬᠤᠰᠢᠭᠤᠨ ᠤ ᠡᠨᠧᠷᠭᠢ ᠬᠠᠳᠠᠭᠠᠯᠠᠬᠤ ᠪᠠᠶᠢᠳᠠᠯ ᠢ ᠣᠨᠣᠪᠴᠢᠲᠠᠶ ᠵᠠᠳᠠᠯᠵᠤ᠂ ᠨᠠᠩ ᠣᠯᠠᠨ ᠡᠨᠧᠷᠭᠢ ᠬᠠᠳᠠᠭᠠᠯᠠᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠡᠨᠧᠷᠭᠢ ᠬᠠᠳᠠᠭᠠᠯᠠᠬᠤ ᠣᠯᠠᠨ ᠡᠰᠢᠲᠦ ᠠᠭᠤᠰᠤᠯᠴᠠᠨ ᠬᠥᠭᠵᠢᠬᠦ ᠠᠷᠭ᠎ᠠ ᠵᠠᠮ ᠢ ᠢᠳᠡᠪᠬᠢᠲᠡᠶ ᠬᠠᠶᠢᠨ ᠰᠦᠪᠡᠭᠴᠢᠯᠡᠵᠦ᠂ ᠪᠤᠭᠤᠲᠤ ᠬᠤᠲᠠ ᠶᠢᠨ ︽ᠳᠤᠮᠳᠠᠳᠤ ᠤᠯᠤᠰ ᠤᠨ ᠡᠨᠧᠷᠭᠢ ᠬᠠᠳᠠᠭᠠᠯᠠᠬᠤ ᠲᠥᠪ︾ ᠢ ᠪᠥᠲᠥᠭᠡᠨ ᠪᠠᠶᠢᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ᠂ ᠪᠦᠬᠦ ᠬᠤᠳᠠ ᠶᠢᠨ ᠡᠨᠧᠷᠭᠢ ᠬᠠᠳᠠᠭᠠᠯᠠᠬᠤ ᠬᠡᠷᠡᠭᠯᠡᠭᠡᠨ ᠤ ᠲᠤᠮᠤ ᠵᠠᠬ᠎ᠠ ᠳᠡᠯᠭᠡᠭᠦᠷ᠂ ᠲᠤᠮᠤ ᠰᠠᠭᠤᠷᠢᠨ ᠪᠣᠯᠤᠨ᠎ᠠ᠂ ᠥᠷᠭᠡᠨ ᠤᠯᠠᠨ ᠠᠵᠤ ᠠᠬᠤᠶᠢᠯᠠᠯᠲᠠᠳ ᠲᠠᠷᠬᠠᠨ ᠮᠤᠤᠮᠢᠩᠭᠠᠨ‌ᠬᠤᠯᠪᠣᠭᠠᠲᠤ  ᠬᠤᠰᠢᠭᠤᠨ ᠳᠤ ᠬᠦᠷᠴᠦ᠂ ᠲᠠᠷᠬᠠᠨ ᠮᠤᠤᠮᠢᠩᠭᠠᠨ‌ᠬᠤᠯᠪᠣᠭᠠᠲᠤ  ᠬᠤᠰᠢᠭᠤᠨ ᠳᠤ ᠪᠡᠯᠡ ᠣᠷᠣᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠡᠨᠧᠷᠭᠢ᠂ ᠤᠰᠤᠲᠥ᠋ᠷᠥᠭᠴᠢ ᠡᠨᠧᠷᠭᠢ ᠶᠢᠨ ᠬᠠᠳᠠᠭᠠᠯᠠᠯᠲᠠ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠬᠠᠮᠲᠤᠷᠠᠯᠴᠠᠨ ᠬᠥᠭᠵᠢᠬᠦ ᠲᠠᠯ᠎ᠠ ᠪᠠᠷ ᠠᠷᠭ᠎ᠠ ᠤᠬᠠᠭᠠᠨ ᠭᠠᠷᠭᠠᠵᠤ᠂ ᠬᠥᠭᠵᠢᠯᠲᠡ ᠶᠢ ᠬᠠᠮᠲᠤᠪᠠᠷ ᠡᠷᠢᠯᠬᠢᠯᠡᠬᠦ ᠶᠢ ᠮᠠᠰᠢ ᠪᠠᠶᠠᠷᠯᠠᠨ ᠤᠭᠲᠤᠵᠤ ᠪᠠᠶᠢᠨ᠎ᠠ ᠭᠡᠪᠡ᠃       ᠬᠤᠰᠢᠭᠤᠨ ᠤ ᠤᠳᠤᠷᠢᠳᠤᠯᠭ᠎ᠠ ᠬᠤᠸᠠᠩ ᠯᠦᠩ᠂ ᠰᠦ᠋ ᠷᠦᠢ ᠹᠧᠩ᠂ ᠶᠠᠨ ᠴᠦᠨ ᠯᠸᠢ᠂ ᠸᠠᠩ ᡁᠢ ᠶᠦᠩ᠂ ᠰᠦᠨ ᠿᠢ ᠴᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ‍ᠤᠨ‌ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号