ᠵᠢᠶᠠ ᠪᠦᠦ ᠯᠢᠶᠠᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠠᠵᠤ ᠠᠬᠤᠶ ᠶᠢᠨ ᠬᠥᠭᠵᠢᠯᠲᠡ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2024/9/25
      9 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ ᠱᠦᠵᠢ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠰᠤᠳᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠭᠦᠷᠡᠰᠦᠲᠥ᠋ᠷᠥᠭᠴᠢ  ᠥᠬᠡᠶ ᠬᠦᠷᠢᠶᠡᠯᠡᠩ ᠲᠣᠭᠤᠷᠢᠭ ᠤᠨ ᠴᠢᠬᠤᠯᠠ ᠶᠡᠭᠡ ᠲᠥᠷᠥᠯ ᠵᠦᠢᠯ᠂ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠵᠢᠴᠢ ᠪᠥᠬᠦ ᠬᠤᠲᠠ ᠶᠢᠨ ᠭᠤᠷᠪᠠᠳᠤᠭᠠᠷ ᠤᠯᠠᠷᠢᠯ ᠤᠨ ᠴᠢᠬᠤᠯᠠ ᠶᠡᠭᠡ ᠲᠥᠷᠥᠯ ᠵᠦᠢᠯ ᠢ ᠲᠣᠭᠤᠷᠢᠨ ᠦᠵᠡᠬᠦ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃     ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠳᠣᠬᠠᠨ ᠳᠤ ᠶᠠᠭ ︽ᠪᠥᠬᠦ ᠵᠢᠯ ᠤᠨ ᠬᠠᠷᠠᠯᠲᠠ︾ ᠶᠢᠨ ᠰᠢᠢᠳᠪᠦᠷᠢᠲᠦ ᠢᠯᠠᠯᠲᠠ ᠶᠢ ᠤᠯᠬᠤ ᠵᠠᠩᠭᠢᠯᠠᠭ᠎ᠠ ᠶᠢᠨ ᠰᠢᠪᠲᠤᠯᠤᠯᠲᠠ ᠶᠢᠨ ᠬᠤᠭᠤᠴᠠᠭᠠᠨ ᠳᠤ ᠣᠷᠣᠰᠢᠵᠤ᠂ ᠪᠥᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠣᠳᠣᠬᠠᠨ ᠤ ᠬᠥᠭᠵᠢᠯᠲᠡ ᠶᠢᠨ ᠬᠠᠨᠳᠤᠰᠢ ᠶᠢ ᠣᠨᠣᠪᠴᠢᠲᠠᠶ ᠡᠵᠡᠮᠳᠡᠨ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠢᠳᠡᠪᠬᠢᠲᠡᠶ ᠠᠳᠬᠤᠵᠤ᠂ ᠪᠠᠯᠠ ᠣᠷᠣᠭᠤᠯᠤᠯᠲᠠ ᠶᠢ  ᠠᠬᠢᠭᠤᠯᠵᠤ ᠨᠡᠮᠡᠭᠳᠡᠯ ᠢ ᠲᠤᠭᠳᠠᠭᠤᠨ ᠪᠠᠶᠢᠯᠭᠠᠬᠤ ᠶᠢ ᠲᠣᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠨᠠᠩ ᠶᠡᠭᠡ ᠡᠷᠴᠢᠮ ᠢᠶᠠᠷ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠥᠷᠢ ᠥᠭᠴᠡᠭᠡ ᠶᠢ ᠠᠷᠢᠯᠭᠠᠬᠤ ᠵᠡᠷᠭᠡ ᠠᠵᠢᠯ ᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠶ᠃ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠰᠠᠶᠢᠲᠤᠷ ᠠᠳᠬᠤᠵᠤ᠂ ᠭᠤᠷᠪᠠᠳᠤᠭᠠᠷ ᠤᠯᠠᠷᠢᠯ ᠵᠢᠴᠢ ᠪᠦᠬᠦ ᠵᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠡᠭᠦᠷᠭᠡ ᠶᠢ ᠴᠢᠩᠭ᠎ᠠ ᠠᠩᠬᠠᠷᠴᠤ᠂ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠲᠤᠯᠭᠠᠭᠤᠷᠢᠯᠠᠯ ᠢᠶᠠᠨ ᠬᠦᠴᠦᠷᠬᠡᠭᠵᠢᠭᠦᠯᠵᠦ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠦᠷᠢ ᠶᠢ ᠲᠦᠷᠭᠡᠨ ᠨᠥᠬᠦᠪᠥᠷᠢᠯᠡᠵᠦ᠂ ᠠᠵᠤ ᠠᠬᠤᠢ ᠶᠢᠨ ᠠᠵᠢᠯᠯᠠᠭᠠᠨ ᠳᠤ ᠬᠠᠮᠤᠭ ᠤᠨ ᠰᠠᠶᠢᠨ ᠦᠷ᠎ᠡ ᠳ᠋ᠦᠩ ᠤᠯᠭᠤᠬᠤ ᠪᠠᠷ ᠴᠢᠷᠮᠠᠶᠢᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠣᠳᠠᠲᠠᠢ ᠠᠳᠬᠤᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠳᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠲᠦᠷᠭᠡᠨ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ ᠨᠠᠶᠢᠳᠠᠪᠤᠷᠢᠵᠢᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠷᠠᠯᠵᠢᠶᠠᠴᠢᠨ ᠤᠷᠢᠵᠤ ᠣᠷᠣᠭᠤᠯᠬᠤ ᠲᠦᠷᠦᠯ ᠵᠦᠢᠯ ᠵᠢᠴᠢ ᠭᠤᠷᠪᠠᠳᠤᠭᠠᠷ ᠤᠯᠠᠷᠢᠯ ᠳᠤ ᠪᠦᠬᠦ ᠬᠤᠳᠠ ᠶᠢᠨ ᠴᠢᠬᠤᠯᠠ ᠶᠡᠭᠡ ᠲᠦᠷᠦᠯ ᠵᠦᠢᠯ ᠢ ᠲᠣᠭᠤᠷᠢᠨ ᠦᠵᠡᠬᠦ ᠶᠢ ᠴᠢᠩᠭ᠎ᠠ  ᠠᠩᠬᠠᠷᠤᠨ ᠠᠳᠬᠤᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠠᠷᠠᠯᠵᠢᠶᠠᠴᠢᠨ ᠤᠷᠢᠬᠤ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠥᠷᠢ ᠥᠭᠴᠡᠭᠡ ᠶᠢ ᠠᠷᠢᠯᠭᠠᠬᠤ ᠶᠢ ᠴᠢᠩᠭ᠎ᠠ ᠠᠩᠬᠠᠷᠴᠤ᠂  ᠠᠶᠤᠯ ᠲᠦᠭᠰᠢᠭᠦᠷᠢ ᠶᠢ ᠬᠥᠳᠡᠯᠦᠩᠭᠦᠶ ᠪᠠᠷ ᠬᠢᠨᠠᠨ ᠬᠡᠮᠵᠢᠬᠦ ᠶᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠯᠡᠳᠡᠭᠡᠯ ᠥᠷᠢ ᠥᠭᠴᠡᠭᠡ ᠶᠢ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠯᠤᠰ ᠬᠡᠳᠤ ᠶᠢᠨ ᠲᠥᠯᠥᠪᠵᠢᠭᠦᠯᠭᠡ ᠶᠢ ᠪᠠᠷᠢᠮᠲᠠᠯᠠᠵᠤ᠂ ᠰᠢᠰᠲ᠋ᠧᠮᠲᠦ ᠰᠡᠳᠬᠢᠬᠦᠢ ᠶᠢ ᠪᠤᠢ ᠪᠣᠯᠭᠠᠵᠤ᠂ 2025 ᠣᠨ ᠤ ᠴᠢᠬᠤᠯᠠ ᠶᠡᠭᠡ ᠲᠦᠷᠦᠯ ᠵᠦᠢᠯ᠂ ᠠᠵᠤ ᠠᠬᠤᠢ ᠶᠢᠨ ᠭᠦᠢᠴᠡᠳᠬᠡᠯ ᠲᠤᠭ᠎ᠠ᠂ ᠥᠷᠢ ᠥᠭᠴᠡᠭᠡ ᠶᠢ ᠠᠷᠢᠯᠭᠠᠬᠤ ᠵᠡᠷᠭᠡ ᠠᠵᠢᠯ ᠢ ᠱᠠᠯᠠᠪᠳᠠᠨ ᠲᠥᠯᠥᠪᠵᠢᠭᠦᠯᠵᠦ᠂ ᠡᠯ᠎ᠡ ᠵᠦᠢᠯ ᠤᠨ ᠡᠭᠦᠷᠭᠡ ᠶᠢ ᠤᠷᠢᠳᠠᠪᠠᠷ ᠬᠢᠬᠦ ᠶᠢ ᠪᠠᠲᠤᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠲᠥᠷᠥᠯ ᠤᠨ ᠰᠠᠯᠠᠭ᠎ᠠ ᠮᠥᠴᠢᠷ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠳᠤ ᠨᠢᠭᠡ ᠭᠠᠷᠠᠭ ᠲᠤ ᠨᠢᠭᠡ ᠬᠢᠨᠠᠨ ᠵᠢᠯᠣᠭᠤᠳᠬᠤ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠨᠠᠷᠢᠨ ᠲᠠᠩᠰᠠ ᠭᠠᠷᠭᠠᠵᠤ᠂ ᠨᠢᠭᠡᠳ ᠨᠢᠭᠡ ᠪᠠᠷ ᠲᠤᠰᠢᠶᠠᠨ ᠥᠭᠴᠦ ᠰᠢᠢᠳᠪᠦᠷᠢᠯᠡᠭᠦᠯᠵᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠶᠠᠪᠤᠳᠠᠯ ᠪᠦᠬᠦᠨ ᠳᠤ ᠬᠠᠷᠢᠭᠤ ᠥᠭᠴᠦ᠂ ᠡᠯ᠎ᠡ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号