ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ | ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠢᠮᠠᠭᠲᠠ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠶᠢᠨ ᠲᠤᠰᠢᠶᠠᠭᠰᠠᠨ | ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠥᠯᠥᠭᠡ ᠬᠥᠮᠥᠨ | ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠣᠯ ᠰᠢᠵᠢᠮ ᠪᠣᠯᠭᠠᠵᠤ᠂ ᠳᠤᠮᠳᠠᠳᠤ ᠤᠯᠤᠰ ᠤᠨ ᠣᠨᠴᠠ ᠪᠠᠶᠢᠳᠠᠭ ᠰᠤᠷᠭᠠᠨ ᠬᠥᠮᠥᠵᠢᠯᠲᠡᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠤᠨ ᠦᠢᠯᠡᠳᠦᠯᠭᠡᠵᠢᠭᠦᠯᠵᠦ᠂ ︽ᠳᠥᠷᠪᠡ ᠶᠢ ᠪᠦᠷᠢᠳᠦᠭᠦᠯᠦᠭᠰᠡᠨ︾ ᠰᠠᠶᠢᠨ ᠪᠠᠭᠰᠢ | ᠪᠠ ︽ᠳᠥᠷᠪᠡᠨ ᠵᠠᠮᠴᠢᠯᠠᠭᠴᠢ︾ ᠶᠢᠨ ᠪᠠᠷᠢᠮᠵᠢᠶ᠎ᠠ ᠶᠢ ᠪᠠᠷᠢᠮᠲᠠᠯᠠᠨ᠂ ᠤᠮᠠᠷᠠᠲᠤ ᠬᠢᠯᠢ ᠳᠤ ᠪᠡᠶ᠎ᠡ ᠪᠠᠷ ᠢᠶᠠᠨ | ᠰᠠᠭᠤᠷᠢᠰᠢᠭᠰᠠᠨ ᠪᠠᠭᠰᠢ ᠶᠢᠨ ᠡᠩᠨᠡᠭᠡ ᠶᠢ ᠬᠦᠴᠦᠯᠡᠨ ᠳᠠᠪᠲᠠᠨ ᠪᠣᠯᠪᠠᠰᠤᠷᠠᠭᠤᠯᠵᠤ᠂ ᠰᠤᠷᠭᠠᠨ ᠬᠥᠮᠦᠵᠢᠯ ᠢᠶᠠᠷ | ᠣᠷᠣᠨ ᠢᠶᠠᠨ ᠬᠦᠴᠦᠷᠬᠡᠭᠵᠢᠭᠦᠯᠬᠦ ᠶᠢ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠥᠪᠥᠷ ᠮᠣᠩᠭᠤᠯ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠲᠡᠢ ᠪᠠᠲᠤᠯᠠᠭ᠎ᠠ | ᠬᠠᠩᠭᠠᠪᠠ᠃ | ᠨᠢᠭᠡ ᠳᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠡᠷᠬᠢᠮ ᠳᠡᠭᠡᠳᠦ | ᠬᠦᠰᠡᠯᠡᠩ ᠢᠲᠡᠭᠡᠯ ᠪᠢᠰᠢᠷᠡᠯ ᠢ ᠪᠤᠢ ᠪᠣᠯᠭᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ | ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ | ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠳᠤ | ᠠᠭᠤᠰᠤᠯᠴᠠᠬᠤ ᠳᠤ ᠠᠭᠤᠰᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ ᠬᠢᠴᠢᠶᠡᠯ ᠤᠨ | ᠲᠠᠩᠬᠢᠮ ᠤᠨ ᠲᠠᠷᠢᠬᠢ ᠲᠣᠯᠣᠭᠠᠢ ᠳᠤ ᠣᠷᠣᠭᠤᠯᠬᠤ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠵᠦ᠂ ᠵᠠᠯᠠᠭᠤ ᠪᠠᠭᠰᠢ | ᠰᠤᠷᠤᠭᠴᠢᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ᠂ ᠤᠨᠤᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ | ᠴᠡᠷᠢᠭ ᠵᠡᠷᠭᠡ ᠶᠢ ᠮᠢᠩᠭ᠎ᠠ ᠭᠠᠷᠤᠢ ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠠᠷᠢᠬᠢ | ᠲᠣᠯᠣᠭᠠᠢ ᠳᠤ ᠬᠠᠳᠠᠩᠰᠢᠭᠤᠯᠬᠤ ᠶᠢ ᠠᠬᠢᠭᠤᠯᠵᠤ᠂ ᠥᠷᠭᠡᠨ ᠤᠯᠠᠨ ᠪᠠᠭᠰᠢ ᠶᠢ ᠬᠥᠲᠥᠯᠥᠨ ᠵᠢᠯᠤᠭᠤᠳᠴᠤ | ᠪᠠᠶᠢᠭᠠᠳ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠭᠤᠯᠵᠤ᠂ ︽ᠲᠦᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ︽ᠤᠮᠠᠷᠠᠲᠤ ᠬᠢᠯᠢ ᠳᠤ ᠪᠡᠶ᠎ᠡ ᠪᠠᠷ ᠢᠶᠠᠨ | ᠠᠵᠢᠯᠯᠠᠬᠤ · ᠪᠠᠭᠰᠢ ᠶᠢᠨ ᠰᠦᠭ ᠰᠦᠨᠡᠰᠦ ᠶᠢ ᠦᠷᠭᠦᠯᠵᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠭᠡᠷ ᠤᠨ | ᠰᠤᠷᠭᠠᠨ ᠬᠥᠮᠦᠵᠢᠯ ᠤᠨ ᠵᠣᠷᠢᠭ ᠰᠠᠨᠠᠭ᠎ᠠ ᠶᠢ ᠪᠠᠭᠰᠢ ᠶᠢᠨ ᠠᠵᠢᠯ ᠳᠤ ᠣᠷᠣᠬᠤ ᠠᠩᠬᠠᠨ ᠤ ᠬᠢᠴᠢᠶᠡᠯ᠂ ᠪᠠᠭᠰᠢ ᠶᠢᠨ | ᠮᠣᠷᠠᠯ ᠤᠨ ᠲᠤᠰᠬᠠᠢ ᠰᠡᠳᠦᠪᠲᠦ ᠬᠢᠴᠢᠶᠡᠯ᠂ ᠪᠠᠭᠰᠢ ᠶᠢᠨ ᠮᠡᠷᠭᠡᠵᠢᠯ ᠤᠨ ᠰᠤᠷᠤᠭᠴᠢᠳ ᠢ ᠬᠥᠮᠥᠵᠢᠭᠦᠯᠬᠦ ᠪᠠ | ᠪᠠᠭᠰᠢ ᠶᠢᠨ ᠰᠤᠷᠭᠠᠭᠤᠯᠢ ᠶᠢᠨ ᠵᠠᠬᠢᠷᠤᠯ ᠢ ᠪᠣᠯᠪᠠᠰᠤᠷᠠᠭᠤᠯᠬᠤ ᠳᠤ ᠵᠠᠪᠠᠯ ᠰᠤᠷᠬᠤ ᠬᠢᠴᠢᠶᠡᠯ ᠳᠤ ᠣᠷᠣᠭᠤᠯᠵᠤ᠂ | ᠥᠷᠭᠡᠨ ᠣᠯᠠᠨ ᠪᠠᠭᠰᠢ ᠶᠢ ᠬᠥᠮᠥᠵᠢᠭᠦᠯᠦᠨ ᠵᠢᠯᠤᠭᠤᠳᠴᠤ ᠪᠠᠶᠢᠭᠠᠳ ᠤᠬᠠᠮᠰᠠᠷ ᠠᠴᠠ ᠪᠠᠨ ᠰᠤᠷᠭᠠᠨ ᠬᠥᠮᠦᠵᠢᠯ | ᠭᠡᠷ ᠤᠨ ᠵᠣᠷᠢᠭ ᠰᠠᠨᠠᠭᠠᠨ ᠤ ᠤᠯᠠᠮᠵᠢᠯᠠᠭᠴᠢ᠂ ᠠᠵᠢᠯᠯᠠᠭᠠᠨ ᠤ ᠪᠦᠯᠦᠭᠲᠡᠨ ᠪᠣᠯᠭᠠᠵᠤ᠂ ᠬᠦᠰᠡᠯᠡᠩ ᠲᠠᠢ᠂ | ᠬᠠᠷᠢᠭᠤᠴᠠᠯᠭ᠎ᠠ ᠲᠠᠢ ᠠᠵᠢᠯᠯᠠᠭᠠᠨ ᠤ ᠦᠵᠡᠯᠲᠡᠨ ᠪᠣᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠣᠷᠣᠨ ᠢ | ᠢᠳᠡᠪᠬᠢᠲᠡᠢ ᠪᠠᠷ ᠡᠭᠦᠳᠦᠨ ᠪᠠᠶᠢᠭᠤᠯᠵᠤ᠂ ︽ᠠᠨᠠᠷ ᠤᠨ ᠦᠷ᠎ᠡ︾ ᠶᠢᠨ ᠬᠥᠮᠥᠨ ᠬᠥᠮᠥᠵᠢᠭᠦᠯᠬᠦ ᠢᠨᠵᠧᠨᠧᠷᠢᠩ᠂ ︽ | ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ︽ᠤᠮᠠᠷᠠᠲᠤ ᠬᠢᠯᠢ ᠶᠢᠨ ᠰᠣᠶᠣᠯ︾ ᠤᠨ ᠲᠣᠭᠤᠷᠢᠨ ᠳᠤ ᠨᠢᠭᠡ ᠪᠦᠯᠦᠭ ︽ᠨᠠᠷᠠᠲᠤ ᠪᠠᠭᠰᠢ ᠶᠢᠨ | ᠠᠯᠲᠠᠨ ᠬᠢᠴᠢᠶᠡᠯ︾ ᠢ ᠪᠣᠶ ᠪᠣᠯᠭᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ᠂ ᠮᠣᠩᠭᠤᠯ | ᠮᠣᠷᠢᠨ ᠤ ᠵᠣᠷᠢᠭ ᠰᠠᠨᠠᠭ᠎ᠠ ᠪᠠ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠠᠭᠤᠰᠤᠯᠴᠠᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠭᠤᠯᠢ | ᠡᠷᠭᠢᠯᠡᠵᠦ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠪᠥᠬᠦ ᠶᠠᠪᠤᠴᠠ ᠳᠤ ᠠᠭᠤᠰᠬᠠᠵᠤ᠂ | ᠥᠷᠭᠡᠨ ᠣᠯᠠᠨ ᠪᠠᠭᠰᠢ ᠨᠠᠷ ᠢ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠰᠡᠳᠬᠢᠯ ᠳᠡᠭᠡᠨ | ᠥᠪᠡᠷ ᠢ ᠪᠠᠨ ᠪᠤᠳᠤᠵᠤ᠂ ᠦᠨᠡᠨᠴᠢ ᠰᠢᠳᠤᠷᠭᠤ ᠪᠠᠷ ᠤᠯᠤᠰ ᠲᠠᠭᠠᠨ ᠵᠢᠳᠬᠦᠬᠦ ᠬᠦᠰᠡᠯᠡᠩ ᠢᠲᠡᠭᠡᠯ ᠪᠢᠰᠢᠷᠡᠯ ᠢ | ᠪᠠᠲᠤᠳᠬᠠᠵᠤ᠂ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ ᠰᠣᠶᠣᠯ ᠢᠶᠠᠷ ᠠᠷᠠᠳ ᠢ ᠮᠠᠨᠳᠤᠭᠤᠯᠬᠤ | ᠠᠤᠭ᠎ᠠ ᠶᠡᠭᠡ ᠬᠥᠭᠡᠭᠡᠴᠡᠯᠳᠦᠯ ᠢ ᠪᠠᠲᠤᠳᠬᠠᠨ᠎ᠠ᠃ | ᠬᠤᠶᠠᠷ ᠲᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠡᠷᠬᠢᠮ ᠳᠡᠭᠡᠳᠦ ᠶᠣᠰᠣ ᠮᠣᠷᠠᠯ ᠦᠵᠡᠯ ᠤᠬᠠᠮᠰᠠᠷ ᠢ ᠪᠤᠶᠢᠵᠢᠭᠤᠯᠤᠨ᠎ᠠ᠃ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠨᠢᠭᠡᠳᠦᠭᠡᠷ ᠪᠠᠷᠢᠮᠵᠢᠶ᠎ᠠ ᠶᠢ ᠢᠮᠠᠭᠲᠠ ᠪᠠᠷᠢᠮᠲᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠳᠤ ᠬᠤᠯᠪᠣᠭᠳᠠᠭᠰᠠᠨ ᠬᠡᠷᠡᠭ ᠤᠨ ᠡᠮᠦᠨ᠎ᠡ | ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ᠂ ᠬᠡᠷᠡᠭ ᠤᠨ ᠳᠠᠷᠠᠭ᠎ᠠ ᠵᠢᠷᠤᠮᠵᠢᠭᠤᠯᠤᠨ ᠬᠠᠷᠭᠤᠭᠤᠯᠤᠨ | ᠪᠠᠶᠢᠴᠠᠭᠠᠬᠤ᠂ ᠬᠡᠷᠡᠭ ᠤᠨ ᠳᠠᠷᠠᠭ᠎ᠠ ᠵᠠᠷᠯᠠᠨ ᠮᠡᠳᠡᠭᠡᠯᠡᠵᠦ ᠰᠡᠷᠡᠮᠵᠢᠯᠡᠭᠦᠯᠬᠦ ᠶᠢ ᠨᠢᠭᠡ ᠴᠣᠭᠴᠠᠵᠢᠭᠤᠯᠤᠭᠰᠠᠨ | ᠠᠵᠢᠯ ᠤᠨ ᠲᠣᠭᠲᠠᠴᠠ ᠶᠢ ᠪᠠᠶᠢᠭᠤᠯᠵᠤ᠂ ᠪᠠᠭᠰᠢ ᠶᠢᠨ ᠮᠣᠷᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠡᠯ᠎ᠡ | ᠭᠠᠵᠠᠷ ᠤᠨ ᠡᠯ᠎ᠡ ᠰᠤᠷᠭᠠᠭᠤᠯᠢ ᠶᠢᠨ ᠣᠨ ᠤ ᠰᠢᠯᠭᠠᠨ ᠬᠢᠨᠠᠬᠤ ᠴᠢᠬᠤᠯᠠ ᠠᠭᠤᠯᠭ᠎ᠠ ᠳᠤ ᠣᠷᠣᠭᠤᠯᠵᠤ᠂ | ᠰᠢᠰᠲ᠋ᠧᠮ ᠨᠢ ᠪᠦᠷᠢᠨ ᠲᠡᠭᠦᠯᠳᠡᠷ᠂ ᠬᠡᠷᠡᠭᠵᠢᠭᠦᠯᠦᠯᠲᠡ ᠨᠢ ᠬᠦᠴᠦᠲᠡᠢ᠂ ᠬᠠᠷᠢᠭᠤᠴᠠᠯᠭ᠎ᠠ ᠨᠡᠬᠡᠮᠵᠢᠯᠡᠭᠰᠡᠨ ᠨᠢ | ᠦᠨᠳᠦᠰᠦ ᠪᠠᠷᠢᠮᠲᠠ ᠲᠠᠢ ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠪᠥᠬᠦ ᠠᠵᠢᠯᠲᠠᠨ ᠤ ᠪᠠᠭᠰᠢ ᠶᠢᠨ ᠶᠣᠰᠣ ᠰᠤᠷᠲᠠᠬᠤᠨ ᠤ ᠬᠥᠮᠦᠵᠢᠯ ᠢ | ᠴᠢᠩᠭᠠᠳᠬᠠᠵᠤ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠳᠤ ᠬᠠᠨᠳᠤᠭᠤᠯᠤᠨ ᠪᠠᠭᠰᠢ ᠶᠢᠨ ᠶᠣᠰᠣ | ᠰᠤᠷᠲᠠᠬᠤᠨ ᠤ ᠲᠥᠪᠯᠡᠷᠡᠩᠭᠦᠢ ᠰᠤᠷᠤᠯᠴᠠᠯᠭ᠎ᠠ ᠬᠥᠮᠦᠵᠢᠯ ᠤᠨ ︽ᠵᠢᠷᠭᠤᠭᠠᠨ ᠵᠦᠢᠯ ᠤᠨ ᠠᠵᠢᠯᠯᠠᠭ᠎ᠠ︾ ︵ᠤᠯᠤᠰ | ᠲᠥᠷᠥ ᠶᠢᠨ ᠪᠠᠶᠢᠭᠤᠯᠤᠯᠲᠠ ᠶᠢᠨ ︽ᠦᠵᠡᠯ ᠰᠠᠨᠠᠭᠠᠨ ᠤ ᠰᠦᠭ ᠰᠦᠨᠡᠰᠦ ᠶᠢ ᠱᠤᠭᠤᠬᠤ︾ ᠠᠵᠢᠯᠯᠠᠭ᠎ᠠ᠂ ᠶᠣᠰᠣ | ᠳᠦᠷᠢᠮ ᠶᠣᠰᠣ ᠮᠣᠷᠠᠯ ᠤᠨ ︽ᠦᠨᠳᠦᠰᠦ ᠶᠢ ᠪᠠᠬᠢᠵᠢᠭᠦᠯᠵᠦ ᠰᠠᠭᠤᠷᠢ ᠶᠢ ᠪᠠᠬᠢᠵᠢᠭᠦᠯᠬᠦ︾ ᠠᠵᠢᠯᠯᠠᠭ᠎ᠠ᠂ ᠲᠤᠰᠬᠠᠢ | ᠴᠡᠭᠴᠡᠯᠡᠨ ᠵᠠᠰᠠᠬᠤ ︽ᠠᠷᠢᠭᠤᠨ ᠴᠡᠪᠡᠷ ᠢᠶᠠᠷ ᠴᠡᠪᠡᠷᠰᠢᠭᠦᠯᠬᠦ︾ ᠠᠵᠢᠯᠯᠠᠭ᠎ᠠ᠂ ᠵᠠᠩᠭᠢᠯᠠᠭ᠎ᠠ ᠶᠢᠨ ᠬᠠᠮᠲᠤᠯᠢᠭ ᠤᠨ ︽ | ᠰᠤᠷᠭᠠᠨ ᠬᠥᠮᠦᠵᠢᠯ ᠢ ᠳᠡᠭᠡᠭᠰᠢᠯᠡᠭᠦᠯᠬᠦ︾ ᠠᠵᠢᠯᠯᠠᠭ᠎ᠠ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠬᠤ ᠶᠢᠨ ︽ | ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ︾ ᠠᠵᠢᠯᠯᠠᠭ᠎ᠠ᠂ ᠥᠯᠢᠭᠡᠷ ᠳᠠᠭᠤᠷᠢᠶᠠᠯ ᠢᠶᠠᠷ ︽ᠨᠡᠶᠢᠲᠡᠯᠢᠭ | ᠵᠢᠱᠢᠶ᠎ᠡ ᠪᠠᠷ ᠡᠨᠧᠷᠭᠢ ᠣᠯᠭᠤᠬᠤ︾ ᠠᠵᠢᠯᠯᠠᠭ᠎ᠠ ᠶᠢ ᠬᠥᠲᠥᠯᠥᠨ ᠳᠠᠭᠠᠭᠤᠯᠤᠨ᠎ᠠ᠃ ᠨᠡᠶᠢᠲᠡᠯᠢᠭ ᠵᠢᠱᠢᠶ᠎ᠡ ᠪᠠᠷ | ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠤᠷᠭᠠᠨ ᠬᠥᠮᠦᠵᠢᠯ ᠭᠡᠷ ᠪᠦᠯᠢ ᠶᠢᠨ ᠵᠣᠷᠢᠭ ᠰᠠᠨᠠᠭ᠎ᠠ ᠪᠠᠷ | ᠣᠨᠴᠠᠯᠢᠭ ᠪᠣᠯᠭᠠᠭᠰᠠᠨ ᠰᠤᠷᠭᠠᠭᠤᠯᠢ ᠶᠢᠨ ᠬᠦᠷᠢᠶᠡᠨ ᠤ ᠰᠣᠶᠣᠯ ᠢ ᠪᠥᠬᠦ ᠲᠠᠯ᠎ᠠ ᠪᠠᠷ ᠪᠠᠶᠢᠭᠤᠯᠵᠤ᠂ ︽ᠰᠤᠷᠭᠠᠨ | ᠬᠥᠮᠥᠵᠢᠯᠲᠡᠨ ᠭᠡᠷ ᠤᠨ ᠵᠣᠷᠢᠭ ᠰᠠᠨᠠᠭ᠎ᠠ︾ ᠨᠠᠷᠠᠲᠤ ᠪᠠᠭᠰᠢ ᠶᠢᠨ ᠠᠵᠢᠯᠯᠠᠬᠤ ᠲᠠᠰᠤᠭ ᠢ ᠪᠠᠶᠢᠭᠤᠯᠵᠤ᠂ ︽ᠤᠮᠠᠷᠠᠲᠤ | ᠬᠢᠯᠢ ᠳᠤ ᠪᠡᠶ᠎ᠡ ᠪᠠᠷ ᠢᠶᠠᠨ ᠲᠠᠷᠢᠶᠠᠯᠠᠬᠤ᠂ ᠤᠯᠠᠮᠵᠢᠯᠠᠬᠤ ᠳᠤ ᠪᠢ ᠪᠠᠶᠢᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ︽ᠠᠷᠠᠳ ᠤᠨ ᠰᠤᠷᠭᠠᠨ ᠬᠥᠮᠥᠵᠢᠯᠲᠡᠨ︾᠂ ︽ᠴᠠᠭ ᠦᠶ᠎ᠡ ᠶᠢᠨ ᠵᠢᠱᠢᠶᠡᠴᠢ︾᠂ ︽ᠬᠠᠮᠤᠭ ᠤᠨ | ᠭᠤᠶᠤ ᠪᠠᠭᠰᠢ︾ ᠵᠡᠷᠭᠡ ᠥᠯᠢᠭᠡᠷ ᠳᠠᠭᠤᠷᠢᠶᠠᠯ᠂ ᠲᠡᠷᠢᠭᠦᠨ ᠤ ᠦᠢᠯᠡ ᠠᠵᠢᠯᠯᠠᠭ᠎ᠠ ᠶᠢ ᠶᠡᠬᠡᠪᠡᠷ ᠤᠬᠠᠭᠤᠯᠵᠤ᠂ | ᠥᠷᠭᠡᠨ ᠣᠯᠠᠨ ᠪᠠᠭᠰᠢ ᠨᠠᠷ ᠤᠨ ᠠᠵᠢᠯᠴᠢ ᠬᠢᠴᠢᠶᠡᠩᠭᠦᠢ ᠪᠠᠷ ᠪᠡᠶ᠎ᠡ ᠪᠠᠨ ᠵᠠᠰᠠᠵᠤ ᠬᠢᠴᠢᠶᠡᠯ ᠵᠢᠭᠠᠬᠤ ᠶᠢ | ᠵᠣᠷᠢᠭᠵᠢᠭᠤᠯᠵᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠡᠨᠡᠷᠢᠩᠭᠦᠢ ᠰᠡᠳᠬᠢᠯ ᠢ ᠬᠥᠮᠥᠵᠢᠭᠦᠯᠵᠦ᠂ ᠦᠢᠯᠡ | ᠠᠵᠢᠯᠯᠠᠭ᠎ᠠ ᠨᠢ ᠬᠡᠪ ᠳᠠᠭᠤᠷᠢᠶᠠᠯ ᠪᠣᠯᠬᠤ ᠶᠣᠰᠣ ᠮᠣᠷᠠᠯ ᠢ ᠬᠥᠮᠥᠵᠢᠭᠦᠯᠦᠨ᠎ᠡ᠃ | ᠭᠤᠷᠪᠠ ᠳᠤ᠂ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠰᠢᠯᠭᠠᠷᠠᠭᠰᠠᠨ | ᠬᠥᠮᠥᠨ ᠢ ᠬᠥᠮᠥᠵᠢᠭᠦᠯᠬᠦ ᠴᠢᠳᠠᠪᠤᠷᠢ ᠶᠢ ᠳᠠᠪᠲᠠᠨ ᠪᠣᠯᠪᠠᠰᠤᠷᠠᠭᠤᠯᠤᠨ᠎ᠠ᠃ ᠴᠢᠨᠠᠷ ᠰᠠᠶᠢᠲᠠᠢ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠬᠡᠪᠴᠢᠶ᠎ᠡ | ᠥᠷᠭᠡᠳᠬᠡᠵᠦ ᠪᠠᠶᠢᠭᠰᠠᠨ ᠠᠴᠠ ᠶᠠᠰᠤ ᠴᠢᠨᠠᠷ ᠤᠨ ᠳᠡᠭᠡᠭᠰᠢᠯᠡᠯᠲᠡ ᠲᠡᠰᠢ ᠬᠤᠪᠢᠷᠠᠭᠤᠯᠬᠤ ᠶᠢ ᠨᠢᠭᠡᠳᠦᠯᠲᠡᠢ | ᠲᠥᠯᠥᠪᠯᠡᠨ ᠠᠬᠢᠭᠤᠯᠤᠨ᠎ᠠ᠃ ᠪᠠᠭᠰᠢ ᠶᠢᠨ ᠬᠠᠩᠭᠠᠯᠭ᠎ᠠ ᠶᠢ ᠡᠬᠢ ᠡᠭᠦᠰᠦᠯ ᠠᠴᠠ ᠨᠢ ᠰᠠᠶᠢᠵᠢᠷᠠᠭᠤᠯᠵᠤ᠂ ︽ | ᠠᠯᠪᠠᠨ ᠤ ᠵᠠᠷᠤᠳᠠᠯ ᠢᠶᠠᠷ ᠬᠠᠨᠳᠤᠯᠭ᠎ᠠ ᠲᠠᠢ ᠪᠠᠷ ᠪᠠᠭᠰᠢ ᠬᠥᠮᠥᠵᠢᠭᠦᠯᠬᠦ ᠲᠥᠯᠥᠪᠯᠡᠭᠡ︾᠂ ︽ᠰᠢᠯᠢᠳᠡᠭ ᠪᠠᠭᠰᠢ ᠶᠢᠨ | ᠲᠥᠯᠥᠪᠯᠡᠭᠡ︾᠂ ︽ᠤᠯᠤᠰ ᠤᠨ ᠰᠢᠯᠢᠳᠡᠭ ᠲᠥᠯᠥᠪᠯᠡᠭᠡ︾᠂ ︽ᠪᠠᠭᠰᠢ ᠶᠢᠨ ᠰᠤᠷᠭᠠᠨ ᠬᠥᠮᠦᠵᠢᠯ ᠤᠨ | ᠬᠠᠮᠵᠢᠯᠴᠠᠨ ᠶᠠᠰᠤ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ︾ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠪᠠᠭᠰᠢ ᠶᠢᠨ | ᠲᠥᠷᠥᠯ ᠤᠨ ᠲᠤᠰᠬᠠᠢ ᠮᠡᠷᠭᠡᠵᠢᠯ ᠤᠨ ᠭᠡᠷᠡᠴᠢᠯᠡᠨ ᠦᠨᠡᠯᠡᠬᠦ ᠠᠵᠢᠯ ᠢ ᠥᠷᠨᠢᠭᠦᠯᠵᠦ᠂ ᠰᠤᠷᠭᠠᠨ | ᠬᠥᠮᠦᠵᠢᠯ ᠤᠨ ᠬᠢᠨ ᠤ ᠵᠣᠷᠢᠭ ᠰᠠᠨᠠᠭ᠎ᠠ ᠶᠢ ᠵᠤᠵᠠᠭᠠᠳᠬᠠᠨ ᠬᠥᠷᠥᠰᠥ ᠰᠢᠷᠣᠢ ᠶᠢ ᠰᠢᠮᠡᠵᠢᠭᠦᠯᠦᠨ᠎ᠡ᠃ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ | ᠴᠢᠩᠭᠠᠳᠬᠠᠵᠤ᠂ ᠭᠠᠷᠮᠠᠭᠠᠢ ᠪᠠᠭᠰᠢ ᠶᠢᠨ ᠰᠤᠷᠭᠠᠭᠤᠯᠢ ᠶᠢᠨ ᠵᠠᠬᠢᠷᠤᠯ ᠢ ᠬᠥᠮᠥᠵᠢᠭᠦᠯᠬᠦ ᠲᠦᠷᠦᠯ ᠵᠦᠢᠯ᠂ ᠰᠢᠯᠢᠳᠡᠭ | ᠢᠳᠡᠷ ᠵᠠᠯᠠᠭᠤ ᠪᠠᠭᠰᠢ ᠶᠢᠨ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠳᠡᠮᠵᠢᠬᠦ ᠵᠡᠷᠭᠡ ᠲᠦᠷᠦᠯ ᠵᠦᠢᠯ ᠢ | ᠭᠦᠨᠵᠡᠭᠡᠢ ᠠᠬᠢᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ︽ᠬᠤᠣᠰ ᠪᠠᠭᠰᠢ ᠶᠢᠨ ᠬᠡᠯᠪᠡᠷᠢ | ︾ ᠶᠢᠨ ᠪᠠᠭᠰᠢ ᠶᠢ ᠪᠤᠶᠢᠵᠢᠭᠤᠯᠬᠤ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠰᠢᠨᠵᠢᠯᠡᠭᠡᠨ ᠤ ᠰᠠᠯᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠲᠣᠭᠤᠷᠢᠨ ᠳᠤ ᠳᠡᠭᠡᠳᠦ ᠲᠡᠰ | ᠳᠠᠪᠬᠤᠷᠭ᠎ᠠ ᠶᠢᠨ ᠴᠢᠳᠠᠪᠤᠷᠢᠲᠠᠨ ᠢ ᠬᠥᠮᠥᠵᠢᠭᠦᠯᠬᠦ ᠠᠵᠢᠯ ᠢ ᠵᠣᠬᠢᠶᠠᠨ ᠪᠠᠶᠢᠭᠤᠯᠤᠯᠲᠠ ᠲᠠᠢ ᠪᠠᠷ ᠥᠷᠨᠢᠭᠦᠯᠵᠦ᠂ | ᠪᠠᠭᠰᠢ ᠶᠢᠨ ᠲᠤᠰᠬᠠᠢ ᠮᠡᠷᠭᠡᠵᠢᠯ ᠤᠨ ᠪᠤᠶᠢᠵᠢᠯᠲᠠ ᠶᠢ ᠠᠬᠢᠭᠤᠯᠤᠨ᠎ᠠ᠃ ᠰᠤᠷᠭᠠᠨ ᠬᠥᠮᠥᠵᠢᠯᠲᠡᠨ ᠤ ᠵᠣᠷᠢᠭ | ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠬᠦ ᠶᠢ ᠪᠠᠭᠰᠢ ᠶᠢᠨ ᠠᠵᠢᠯ ᠳᠤ ᠣᠷᠣᠬᠤ ᠪᠣᠯᠪᠠᠰᠤᠷᠠᠭᠤᠯᠤᠯ᠂ | ᠰᠤᠷᠤᠯᠴᠠᠵᠤ ᠰᠤᠳᠤᠯᠤᠨ ᠰᠤᠷᠤᠯᠴᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠰᠢᠯᠢᠳᠡᠭ ᠢ ᠰᠢᠯᠭᠠᠷᠠᠭᠤᠯᠵᠤ | ᠵᠢᠱᠢᠶᠡᠴᠢ ᠶᠢ ᠪᠣᠶ ᠪᠣᠯᠭᠠᠬᠤ᠂ ᠲᠤᠰᠢᠶᠠᠯ ᠳᠡᠪᠰᠢᠬᠦ ᠶᠢᠨ ᠴᠢᠬᠤᠯᠠ ᠦᠨᠳᠦᠰᠦᠯᠡᠯ ᠪᠣᠯᠭᠠᠵᠤ᠂ ᠰᠤᠷᠭᠠᠨ | ᠬᠥᠮᠥᠵᠢᠭᠦᠯᠦᠭᠴᠢ ᠶᠢᠨ ᠵᠣᠷᠢᠭ ᠰᠠᠨᠠᠭ᠎ᠠ ᠪᠠᠷ ᠪᠠᠭᠰᠢ ᠶᠢᠨ ᠶᠡᠷᠦᠩᠬᠡᠶᠢᠯᠡᠭᠰᠡᠨ ᠬᠡᠪ ᠴᠢᠨᠠᠷ ᠪᠠ ᠲᠤᠰᠬᠠᠢ | ᠮᠡᠷᠭᠡᠵᠢᠯ ᠤᠨ ᠴᠢᠳᠠᠪᠤᠷᠢ ᠶᠢᠨ ︽ᠬᠤᠣᠰ ᠳᠡᠭᠡᠭᠰᠢᠯᠡᠯᠲᠡ︾ ᠶᠢ ᠬᠥᠲᠥᠯᠥᠨ ᠳᠠᠭᠠᠭᠤᠯᠵᠤ᠂ ᠥᠷᠭᠡᠨ ᠣᠯᠠᠨ | ᠪᠠᠭᠰᠢ ᠶᠢ ᠬᠥᠲᠥᠯᠥᠨ ᠵᠢᠯᠤᠭᠤᠳᠴᠤ ᠪᠠᠶᠢᠭᠠᠳ ᠰᠢᠷᠭᠠᠭᠤ ᠰᠤᠷᠤᠯᠴᠠᠵᠤ ᠦᠨᠡᠨ ᠬᠦ ᠬᠡᠷᠡᠭᠵᠢᠭᠦᠯᠬᠦ᠂ ᠦᠨᠡᠨ ᠬᠦ | ᠰᠢᠨ᠎ᠡ ᠶᠢ ᠡᠭᠦᠳᠴᠦ ᠪᠡᠶ᠎ᠡ ᠪᠠᠷ ᠢᠶᠠᠨ ᠠᠵᠢᠯᠯᠠᠬᠤ ᠣᠪᠣᠷ ᠢ ᠪᠠᠷᠢᠮᠲᠠᠯᠠᠨ᠂ ᠣᠶᠤᠨ ᠤᠬᠠᠭᠠᠨ ᠢ ᠰᠡᠬᠡᠭᠡᠷᠡᠭᠦᠯᠵᠦ | ᠰᠡᠳᠬᠢᠯ ᠢ ᠤᠮᠳᠠᠯᠠᠬᠤ᠂ ᠠᠪᠢᠶᠠᠰ ᠲᠤᠨᠢ ᠲᠣᠬᠢᠷᠠᠭᠤᠯᠤᠨ ᠵᠢᠭᠠᠨ ᠰᠤᠷᠭᠠᠬᠤ ᠬᠥᠮᠥᠨ ᠢ ᠬᠥᠮᠥᠵᠢᠭᠦᠯᠬᠦ ᠣᠶᠤᠨ | ᠤᠬᠠᠭᠠᠨ ᠢ ᠬᠠᠳᠠᠭᠠᠯᠠᠬᠤ ᠬᠡᠷᠡᠭᠲᠡᠢ᠃ | ᠳᠥᠷᠪᠡ ᠳᠤ᠂ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠬᠥᠮᠥᠨ ᠢ | ᠬᠥᠮᠥᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ | ᠪᠣᠯᠣᠨ ᠵᠣᠬᠢᠶᠠᠨ ᠪᠠᠶᠢᠭᠤᠯᠬᠤ᠂ ᠤᠬᠠᠭᠤᠯᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠵᠡᠷᠭᠡ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠵᠢᠯᠴᠠᠨ ᠬᠠᠮᠲᠤᠷᠠᠯᠴᠠᠬᠤ ᠶᠢ | ᠴᠢᠩᠭᠠᠳᠬᠠᠵᠤ᠂ ᠪᠠᠭᠰᠢ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠠᠭᠰᠢ ᠶᠢᠨ | ᠣᠯᠭᠤᠮᠵᠢ ᠶᠢ ᠪᠠᠲᠤᠯᠠᠵᠤ᠂ ᠪᠠᠭᠰᠢ ᠶᠢᠨ ᠡᠷᠬᠡ ᠠᠰᠢᠭ ᠢ ᠬᠠᠮᠠᠭᠠᠯᠠᠵᠤ᠂ ᠪᠠᠭᠰᠢ ᠶᠢᠨ ᠳᠠᠷᠤᠭᠠᠰᠤ ᠶᠢ | ᠬᠥᠩᠭᠡᠷᠡᠭᠦᠯᠵᠦ᠂ ᠪᠠᠭᠰᠢ ᠶᠢᠨ ᠦᠯᠢᠭᠡᠷ ᠢ ᠰᠠᠶᠢᠲᠤᠷ ᠶᠠᠷᠢᠵᠤ᠂ ᠥᠷᠭᠡᠨ ᠤᠯᠠᠨ ᠪᠠᠭᠰᠢ ᠶᠢ ᠠᠵᠢᠯ ᠤᠨ ᠪᠠᠶᠢᠷᠢ | ᠳᠡᠭᠡᠷ᠎ᠡ ᠪᠠᠨ ᠵᠣᠯ ᠵᠢᠷᠭᠠᠯᠲᠤ ᠲᠥᠷᠥᠭᠳᠡᠯ ᠲᠠᠢ᠂ ᠠᠵᠢᠯ ᠦᠢᠯᠡᠰ ᠤᠨ ᠲᠠᠯ᠎ᠠ ᠪᠠᠷ ᠠᠮᠵᠢᠯᠲᠠ ᠪᠦᠲᠦᠮᠵᠢ ᠶᠢᠨ | ᠲᠥᠷᠥᠭᠳᠡᠯ ᠲᠠᠢ᠂ ᠨᠡᠶᠢᠭᠡᠮ ᠳᠡᠭᠡᠷ᠎ᠡ ᠢᠷᠠᠭᠤ ᠠᠯᠳᠠᠷ ᠤᠨ ᠲᠥᠷᠥᠭᠳᠡᠯ ᠲᠠᠢ ᠪᠣᠯᠭᠠᠵᠤ᠂ ᠨᠡᠩ ᠤᠯᠠᠨ ᠰᠢᠯᠢᠳᠡᠭ | ᠴᠢᠳᠠᠪᠤᠷᠢᠲᠠᠨ ᠤ ᠬᠠᠯᠠᠭᠤᠨ ᠰᠡᠳᠬᠢᠯ ᠢᠶᠠᠷ ᠪᠠᠭᠰᠢᠯᠠᠬᠤ᠂ ᠰᠠᠨᠠᠭ᠎ᠠ ᠠᠮᠤᠷ ᠪᠠᠭᠰᠢᠯᠠᠬᠤ᠂ ᠨᠢᠭᠡ ᠰᠡᠳᠬᠢᠯ ᠢᠶᠠᠷ | ᠪᠠᠭᠰᠢᠯᠠᠬᠤ ᠶᠢ ᠳᠡᠮᠵᠢᠬᠦ ᠪᠠ ᠲᠠᠲᠠᠬᠤ ᠬᠡᠷᠡᠭᠲᠡᠢ᠃ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠥᠨ ᠠᠮᠠ ᠶᠢᠨ ᠬᠥᠭᠵᠢᠯᠲᠡ ᠶᠢᠨ ᠬᠠᠨᠳᠤᠰᠢ ᠪᠠ | ᠰᠣᠷᠣᠭᠴᠢ ᠶᠢᠨ ᠢᠷᠡᠯᠲᠡ ᠶᠢᠨ ᠬᠤᠪᠢᠷᠠᠯᠲᠠ ᠲᠠᠢ ᠤᠶᠠᠯᠳᠤᠭᠤᠯᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ | ᠠᠵᠢᠯᠲᠠᠨ ᠤ ᠣᠷᠣᠨ ᠲᠤᠭ᠎ᠠ ᠶᠢᠨ ᠪᠦᠲᠦᠴᠡ ᠶᠢ ᠬᠥᠳᠡᠯᠦᠩᠭᠦᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠬᠥᠳᠡᠭᠡ | ᠲᠣᠰᠬᠤᠨ ᠤ ᠪᠠᠭᠰᠢ ᠶᠢᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠵᠠᠬᠢᠷᠤᠯ ᠪᠠᠭᠰᠢ ᠶᠢ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠪᠠᠩᠬᠢ ᠶᠢᠨ ᠨᠠᠰᠤᠨ ᠤ ᠪᠠᠭᠰᠢ ᠶᠢᠨ | ᠠᠵᠢᠯᠯᠠᠭᠠᠨ ᠤ ᠲᠥᠯᠥᠪᠯᠡᠭᠡ ᠪᠠ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠪᠠᠶᠢᠭᠤᠯᠬᠤ ᠮᠠᠶ᠋ᠢᠭ︾ | ᠤᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠠᠬᠢᠭᠤᠯᠵᠤ᠂ ᠪᠠᠭᠰᠢ ᠶᠢᠨ ᠲᠤᠭ᠎ᠠ ᠬᠡᠮᠵᠢᠶ᠎ᠡ᠂ ᠬᠡᠪ ᠴᠢᠨᠠᠷ᠂ | ᠪᠦᠲᠦᠴᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠤᠤᠭᠠᠯ ᠦᠨᠳᠦᠰᠦᠲᠡᠨ ᠤ ᠦᠭᠡ ᠬᠡᠯᠡ ᠪᠠᠷ | ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠪᠠᠭᠰᠢ ᠶᠢᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠪᠥᠬᠦ ᠲᠠᠯ᠎ᠠ ᠪᠠᠷ | ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠠᠶᠢᠲᠤᠷ ᠡᠵᠡᠮᠰᠢᠨ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ︽ᠬᠤᠣᠰ | ᠪᠠᠭᠰᠢ ᠶᠢᠨ ᠬᠡᠯᠪᠡᠷᠢ︾ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠪᠠᠭᠰᠢ ᠶᠢ ᠮᠠᠭᠠᠳᠯᠠᠨ ᠲᠣᠭᠲᠠᠭᠠᠬᠤ ᠶᠢ ᠵᠢᠷᠤᠮᠵᠢᠭᠤᠯᠤᠨ᠂ ᠲᠤᠰᠬᠠᠢ ᠮᠡᠷᠭᠡᠵᠢᠯ ᠤᠨ ᠬᠢᠴᠢᠶᠡᠯ ᠤᠨ ᠪᠠᠭᠰᠢ ᠶᠢ | ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠶᠢᠯᠠᠯ ᠤᠨ ᠦᠢᠯᠡᠳᠦᠯᠭᠡ ᠪᠤᠶᠤ ᠰᠤᠷᠭᠠᠭᠤᠯᠢ ᠶᠢᠨ ᠭᠠᠳᠠᠨᠠᠬᠢ | ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠤ ᠳᠠᠳᠤᠯᠭ᠎ᠠ ᠬᠢᠯᠭᠡᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠨᠠᠷᠠᠲᠤ ᠪᠠᠭᠰᠢ ᠶᠢ ᠢᠳᠡᠪᠬᠢᠲᠡᠢ ᠪᠠᠷ ᠪᠤᠶᠢᠵᠢᠭᠤᠯᠤᠨ᠎ᠠ᠃ ᠪᠠᠭᠰᠢ ᠶᠢᠨ ᠵᠢᠭᠠᠨ ᠰᠤᠷᠭᠠᠯᠲᠠ ᠪᠠ | ᠰᠤᠳᠤᠯᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠳᠡᠭᠡᠳᠦ | ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠬᠥᠭᠵᠢᠯᠲᠡ ᠶᠢᠨ ᠲᠥᠷᠥᠯ ᠵᠦᠢᠯ ᠢ | ᠬᠡᠷᠡᠭᠵᠢᠭᠦᠯᠦᠨ᠂ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠪᠥᠷ | ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠰᠤᠳᠤᠯᠭᠠᠨ ᠤ ᠬᠦᠷᠢᠶᠡᠯᠡᠩ ᠪᠠ ᠪᠡᠭᠡᠵᠢᠩ ᠥᠪᠥᠷ ᠮᠣᠩᠭᠤᠯ᠂ | ᠱᠠᠩᠬᠠᠢ ᠥᠪᠥᠷ ᠮᠣᠩᠭᠤᠯ᠂ ᠱᠠᠨᠰᠢ ᠥᠪᠥᠷ ᠮᠣᠩᠭᠤᠯ ᠵᠢᠴᠢ ︽ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ | ᠣᠷᠣᠨ︾ ᠵᠡᠷᠭᠡ ᠬᠠᠮᠵᠢᠯᠴᠠᠬᠤ ᠲᠠᠪᠴᠠᠩ ᠳᠤ ᠲᠦᠰᠢᠭᠯᠡᠨ᠂ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠶᠢ | ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠨᠠᠷ ᠢ ᠬᠥᠲᠥᠯᠥᠨ ᠵᠢᠯᠤᠭᠤᠳᠴᠤ ᠪᠠᠶᠢᠭᠠᠳ ᠠᠵᠤ | ᠠᠬᠤᠢ ᠨᠡᠶᠢᠭᠡᠮ ᠤᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠳᠤ ᠨᠠᠩ ᠰᠠᠶᠢᠲᠤᠷ ᠦᠢᠯᠡᠴᠢᠯᠡᠭᠦᠯᠦᠨ᠎ᠡ᠃ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ︶ |