ᠡᠳ᠋ ᠤᠨ ᠵᠠᠰᠠᠭ ᠤᠨ ᠶᠠᠮᠤᠨ ᠪᠣᠯᠤᠨ ᠰᠤᠷᠭᠠᠨ ᠬᠥᠮᠦᠵᠢᠯ ᠤᠨ ᠶᠠᠮᠤᠨ᠄ ᠡᠳᠡᠭᠡᠷ ᠬᠢᠳᠡᠯ ᠢ ᠴᠢᠩᠭ᠎ᠠ ᠬᠤᠷᠢᠭᠯᠠᠨ᠎ᠠ
ᠨᠡᠶᠢᠲᠡᠯᠡᠭᠰᠡᠨ ᠴᠠᠭ᠄
2024/9/25
     ᠤᠢᠢᠷ᠎ᠠ ᠳᠤ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠪᠤᠯᠤᠨ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠬᠠᠮᠳᠤᠷᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠲᠤᠬᠠᠶ ᠮᠡᠳᠡᠭᠳᠡᠯ ᠲᠠᠷᠬᠠᠭᠠᠪᠠ᠃ ᠮᠡᠳᠡᠭᠳᠡᠯ ᠳᠤ᠂ ᠡᠯ᠎ᠡ ᠱᠠᠲᠤᠨ ᠤ ᠡᠳ᠋ ᠤᠨ ᠵᠠᠰᠠᠭ ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠠᠯᠠ ᠮᠥᠩᠭᠦ ᠶᠢᠨ ᠪᠥᠬᠦ ᠶᠠᠪᠤᠴᠠ ᠳᠤ ᠠᠵᠢᠯ ᠤᠨ ᠪᠦᠲᠦᠮᠵᠢ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠨᠠᠬᠰᠢᠳᠠ ᠠᠬᠢᠭᠤᠯᠵᠤ᠂ ᠬᠤᠳᠠᠯ ᠢᠶᠠᠷ ᠮᠡᠳᠡᠭᠦᠯᠬᠦ᠂ ᠬᠠᠭᠤᠷᠮᠠᠭᠯᠠᠨ ᠠᠪᠬᠤ᠂ ᠮᠡᠬᠡᠯᠡᠨ ᠠᠪᠬᠤ᠂ ᠰᠢᠬᠠᠨ ᠠᠪᠬᠤ᠂ ᠨᠡᠭᠦᠯᠭᠡᠨ ᠬᠡᠷᠡᠭᠯᠡᠬᠦ᠂ ᠦᠯᠡᠳᠡᠭᠡᠨ ᠠᠪᠬᠤ᠂ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾ ᠪᠠ ᠰᠤᠷᠤᠭᠴᠢᠳ ᠤᠨ ᠰᠢᠮ᠎ᠡ ᠲᠡᠵᠢᠭᠡᠯᠲᠦ ᠢᠳᠡᠭᠡᠨ ᠤᠮᠳᠠᠭᠠᠨ ᠤ ᠨᠥᠬᠦᠪᠥᠷᠢ ᠵᠡᠷᠭᠡ ᠶᠠᠳᠠᠭᠤ ᠶᠢ ᠲᠡᠳᠬᠦᠬᠦ ᠪᠠᠯᠠ ᠮᠥᠩᠭᠦ ᠶᠢ ᠬᠠᠰᠤᠬᠤ ᠶᠢ ᠴᠢᠩᠭ᠎ᠠ ᠬᠤᠷᠢᠭᠯᠠᠬᠤ ᠬᠡᠷᠡᠭᠲᠡᠶ ᠬᠡᠵᠤ ᠱᠠᠭᠠᠷᠳᠠᠪᠠ᠃      ᠮᠡᠳᠡᠭᠳᠡᠯ ᠳᠤ᠂ ᠣᠨᠴᠠ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠤᠬᠠᠢ ᠪᠡᠯᠡ ᠣᠷᠣᠭᠤᠯᠤᠯᠲᠠ ᠶᠢ ᠪᠠᠲᠤᠯᠠᠬᠤ ᠡᠷᠴᠢᠮ ᠢ ᠴᠢᠩᠭᠠᠷᠠᠭᠤᠯᠬᠤ ᠬᠡᠷᠡᠭᠳᠡᠢ᠃ ᠡᠯ᠎ᠡ ᠭᠠᠵᠠᠷ ᠤᠨ ᠡᠳ᠋ ᠤᠨ ᠵᠠᠰᠠᠭ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠲᠥᠪ ᠤᠨ ᠲᠤᠰᠠᠯᠠᠮᠵᠢ ᠶᠢᠨ ᠪᠡᠯᠡ ᠮᠥᠩᠭᠦ ᠪᠣᠯᠤᠨ ᠣᠷᠣᠨ ᠨᠤᠲᠤᠭ ᠤᠨ ᠥᠪᠡᠷ ᠤᠨ ᠡᠳ᠋ ᠤᠨ ᠬᠦᠴᠦᠨ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠨ᠂ ︽ᠭᠤᠷᠪᠠᠨ ᠣᠷᠣᠨ ᠭᠤᠷᠪᠠᠨ ᠵᠧᠤ︾ ᠵᠡᠷᠭᠡ ᠣᠨᠴᠠ ᠶᠠᠳᠠᠭᠤ ᠬᠦᠴᠢᠷᠳᠡᠯᠲᠡᠶ ᠭᠠᠵᠠᠷ ᠣᠷᠣᠨ ᠲᠡᠰᠢ ᠬᠡᠯᠪᠠᠶᠢᠯᠭᠡᠬᠦ ᠬᠡᠷᠡᠭᠲᠡᠶ᠃ ᠡᠭᠦᠨ ᠤ ᠬᠠᠮᠲᠤ᠂ ᠲᠣᠭᠲᠠᠭᠠᠯ ᠶᠣᠰᠣᠭᠠᠷ ᠪᠠᠯᠠ ᠮᠥᠩᠭᠦ ᠶᠢᠨ ᠲᠥᠰᠦᠪ ᠢ ᠴᠠᠭ ᠲᠤᠬᠠᠶ ᠳᠤᠨᠢ ᠪᠠᠭᠤᠯᠭᠠᠵᠤ᠂ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾᠂ ᠰᠤᠷᠤᠭᠴᠢᠳ ᠤᠨ ᠰᠢᠮ᠎ᠡ ᠲᠡᠵᠢᠭᠡᠯᠲᠦ ᠢᠳᠡᠭᠡᠨ ᠤᠮᠳᠠᠭᠠᠨ ᠤ ᠨᠥᠬᠦᠪᠥᠷᠢ ᠵᠡᠷᠭᠡ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠵᠤ᠂ ᠲᠠᠩᠰᠠ ᠺᠠᠷᠲ ᠪᠠᠶᠢᠭᠤᠯᠤᠬᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠰᠤᠷᠤᠭᠴᠢᠳ ᠤᠨ ᠴᠠᠭ ᠲᠤᠬᠠᠶ ᠳᠤᠨᠢ ᠲᠤᠰᠠᠯᠠᠮᠵᠢ ᠭᠥᠷᠳᠡᠬᠦ ᠶᠢ ᠦᠨᠡᠨᠬᠦ ᠪᠠᠲᠤᠯᠠᠬᠤ ᠬᠡᠷᠡᠭᠲᠡᠶ ᠬᠡᠵᠤ ᠱᠠᠭᠠᠷᠳᠠᠪᠠ᠃      ᠮᠡᠳᠡᠭᠳᠡᠯ ᠳᠤ᠂ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ ᠮᠦᠷᠳᠡᠵᠤ ᠬᠢᠨᠠᠬᠤ ᠪᠠᠨ ᠴᠢᠩᠭᠠᠳᠬᠠᠵᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠬᠡᠷᠡᠭᠯᠡᠭᠡ ᠶᠢᠨ ᠠᠵᠢᠯ ᠤᠨ ᠪᠦᠲᠦᠮᠵᠢ ᠶᠢ ᠲᠡᠭᠡᠭᠰᠢᠯᠡᠭᠦᠯᠭᠦ ᠬᠡᠷᠡᠭᠳᠡᠢ᠃ ᠬᠢᠨᠠᠨ ᠪᠤᠳᠤᠬᠤ᠂ ᠲᠣᠭᠤᠷᠢᠨ ᠪᠠᠶᠢᠴᠠᠭᠠᠬᠤ᠂ ᠬᠢᠨᠠᠨ ᠰᠢᠯᠭᠠᠵᠤ ᠦᠨᠡᠯᠡᠬᠦ᠂ ︽ᠡᠷᠬᠢᠨ ᠬᠠᠷᠠᠬᠤ︾ ᠵᠢᠴᠢ ᠡᠯ᠎ᠡ ᠲᠥᠷᠥᠯ ᠤᠨ ᠬᠢᠨᠠᠯᠲᠠ ᠪᠠᠶᠢᠴᠠᠭᠠᠯᠲᠠ ᠳᠤ ᠢᠯᠡᠷᠡᠭᠦᠯᠦᠭᠰᠡᠨ ᠰᠤᠷᠭᠠᠨ ᠬᠥᠮᠦᠵᠢᠯ ᠤᠨ ᠬᠦᠷᠢᠶ᠎ᠡ ᠴᠠᠷᠠᠭ᠎ᠠ ᠳᠠᠬᠢ ᠡᠳ᠋ ᠤᠨ ᠵᠠᠰᠠᠭ ᠤᠨ ᠡᠭᠦᠷᠭᠡ ᠴᠢᠳᠠᠪᠬᠢ ᠳᠤ ᠬᠤᠯᠪᠣᠭᠳᠠᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠠᠭ ᠲᠤᠬᠠᠶ ᠳᠤᠨᠢ ᠲᠠᠩᠰᠠ ᠬᠠᠷ᠎ᠠ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠲᠤᠷ ᠬᠢᠬᠦ ᠬᠡᠷᠡᠭᠲᠡᠶ᠃ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ ︾ ᠪᠠ ᠰᠤᠷᠤᠭᠴᠢᠳ ᠤᠨ ᠰᠢᠮ᠎ᠡ ᠲᠡᠵᠢᠭᠡᠯᠳᠦ ᠢᠳᠡᠭᠡᠨ ᠤ ᠨᠥᠬᠦᠪᠥᠷᠢ ᠵᠡᠷᠭᠡ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠳᠠᠯ ᠢᠶᠠᠷ ᠮᠡᠳᠡᠭᠦᠯᠬᠦ᠂ ᠬᠠᠭᠤᠷᠮᠠᠭᠯᠠᠨ ᠠᠪᠬᠤ᠂ ᠮᠡᠬᠡᠯᠡᠨ ᠠᠪᠬᠤ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ᠂ ᠲᠤᠮᠳᠠ ᠠᠴᠠ ᠨᠢ ᠦᠯᠡᠳᠡᠭᠡᠬᠦ᠂ ᠲᠠᠷᠤᠵᠤ ᠠᠪᠬᠤ ᠶᠢ ᠴᠢᠩᠭ᠎ᠠ ᠬᠤᠷᠢᠭᠯᠠᠬᠤ ᠬᠡᠷᠡᠭᠲᠡᠶ ᠬᠡᠵᠤ ᠲᠤᠳᠤᠷᠬᠠᠢᠢᠯᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号