ᠣᠶᠢᠷ᠎ᠠ ᠳᠤ ᠢᠯᠡᠷᠡᠭᠰᠡᠨ ᠰᠢᠷᠦᠭᠦᠨ ᠪᠣᠷᠣᠭᠠᠨ ᠠᠴᠠ ᠪᠣᠯᠵᠣ ᠮᠠᠨ ᠤ ᠬᠤᠰᠢᠭᠤ ᠰᠢᠶᠠᠨ ᠤ X089 ︵ | K69 + 053 — K80 + 168︶ ᠵᠠᠮ ᠬᠦᠨᠳᠦ ᠨᠣᠴᠢᠲᠠᠶ ᠡᠪᠳᠡᠭᠳᠡᠭᠰᠡᠨ ᠪᠣᠯᠬᠤᠷ᠂ ᠮᠠᠨ ᠤ | ᠲᠣᠪᠴᠢᠶ᠎ᠠ ᠠᠴᠠ X089 ᠵᠢᠵᠢᠭ ᠱᠤᠭᠤᠮ ᠤᠨ G335 ᠤᠯᠤᠰ ᠤᠨ ᠵᠠᠮ ᠤᠨ ᠵᠠᠮ ᠤᠨ ᠠᠭᠤᠯᠵᠠᠷ ᠠᠴᠠ | ᠬᠠᠷᠭᠠᠨ᠎ᠠ ︵K69 + 053 — K80 + 168︶ ᠬᠦᠷᠲᠡᠯᠡᠬᠢ ᠤᠰᠤᠨ ᠳᠤ ᠡᠪᠳᠡᠭᠳᠡᠭᠰᠡᠨ ᠪᠠᠶᠢᠳᠠᠯ ᠢ | ᠵᠠᠰᠠᠨ ᠰᠡᠯᠪᠢᠵᠦ᠂ ᠪᠠᠷᠢᠯᠭ᠎ᠠ ᠶᠢᠨ ᠬᠤᠭᠤᠴᠠᠭᠠᠨ ᠳᠤ ᠵᠠᠰᠠᠮᠠᠯ ᠵᠠᠮ ᠤᠨ ᠠᠮᠤᠷ ᠲᠦᠪᠰᠢᠨ ᠢ ᠪᠠᠲᠤᠯᠠᠬᠤ ᠶᠢᠨ | ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ ᠵᠠᠮ ᠢ ᠪᠢᠲᠡᠭᠦᠮᠵᠢᠯᠡᠬᠦ ᠴᠢᠬᠤᠯᠠ ᠲᠠᠢ ᠪᠣᠯᠵᠤ᠂ | ᠵᠠᠮ ᠢ ᠪᠢᠲᠡᠭᠦᠮᠵᠢᠯᠡᠬᠦ ᠬᠤᠭᠤᠴᠠᠭᠠᠨ ᠳᠤ᠂ ᠪᠢᠲᠡᠭᠦᠮᠵᠢᠯᠡᠭᠰᠡᠨ ᠣᠷᠣᠨ ᠪᠦᠰᠡ ᠳᠤ ᠬᠦᠷᠢᠶᠡᠯᠡᠨ ᠬᠠᠰᠢᠬᠤ᠂ ᠵᠠᠮ | ᠬᠠᠷᠢᠯᠴᠠᠭᠠᠨ ᠤ ᠤᠳᠤᠷᠢᠳᠤᠮᠵᠢ ᠶᠢᠨ ᠲᠡᠮᠳᠡᠭ᠂ ᠰᠥᠨᠢ ᠶᠢᠨ ᠰᠡᠷᠡᠮᠵᠢ ᠶᠢᠨ ᠳ᠋ᠧᠩ᠂ ᠭᠢᠯᠪᠠᠭᠠᠨ ᠳ᠋ᠧᠩ ᠵᠡᠷᠭᠡ ᠵᠠᠮ | ᠬᠠᠷᠢᠯᠴᠠᠭᠠᠨ ᠤ ᠠᠮᠤᠷ ᠲᠦᠪᠰᠢᠨ ᠤ ᠪᠡᠯᠡᠳᠬᠡᠮᠵᠢ ᠶᠢ ᠲᠣᠬᠢᠷᠠᠭᠤᠯᠬᠤ ᠪᠣᠯᠣᠨ᠎ᠠ᠃ ᠪᠣᠳᠠᠲᠠᠶ ᠵᠦᠢᠯᠡᠰ ᠨᠢ ᠳᠣᠤᠷᠠᠬᠢ | ᠮᠡᠲᠦ᠄ | ᠨᠢᠭᠡ᠂ ᠵᠠᠮ ᠢ ᠪᠢᠲᠡᠭᠦᠮᠵᠢᠯᠡᠬᠦ ᠬᠡᠪᠴᠢᠶ᠎ᠡ | X089 ᠵᠢᠵᠢᠭ ᠱᠤᠭᠤᠮ ᠤᠨ G335 ᠤᠯᠤᠰ ᠤᠨ ᠵᠠᠮ ᠤᠨ ᠠᠭᠤᠯᠵᠠᠷ ᠠᠴᠠ ᠶᠡᠭᠡ ᠰᠡᠭᠦᠵᠢ ᠬᠦᠷᠲᠡᠯ᠎ᠡ | ︵K69 + 053 — K992 + 562︶ | ᠬᠤᠶᠠᠷ᠂ ᠵᠠᠮ ᠢ ᠪᠢᠲᠡᠭᠦᠮᠵᠢᠯᠡᠬᠦ ᠴᠠᠭ | 2024 ᠣᠨ ᠤ 9 ᠳ᠋ᠦ᠋ᠭᠡᠷ ᠰᠠᠷ᠎ᠠ ᠶᠢᠨ 25 ᠤ ᠡᠳᠦᠷ ᠠᠴᠠ 11 ᠳ᠋ᠦ᠋ᠭᠡᠷ ᠰᠠᠷ᠎ᠠ ᠶᠢᠨ 15 ᠤ ᠡᠳᠦᠷ | ᠪᠣᠯᠲᠠᠯ᠎ᠠ | ᠭᠤᠷᠪᠠ᠂ ᠲᠤᠭᠤᠷᠢᠨ ᠥᠩᠭᠡᠷᠡᠬᠦ ᠱᠤᠭᠤᠮ | ᠪᠠᠭ᠎ᠠ ᠬᠡᠯᠪᠡᠷᠢ ᠶᠢᠨ ᠲᠡᠷᠭᠡ᠄ | 1. ᠲᠠᠷᠬᠠᠨ ᠰᠤᠮᠤ ᠪᠠ G335 ᠤᠯᠤᠰ ᠤᠨ ᠵᠠᠮ ᠤᠨ ᠴᠢᠭᠯᠡᠯ ᠢᠶᠠᠷ ᠠᠶᠠᠯᠠᠭᠴᠢᠳ C266 ᠶᠡᠭᠡ | ᠪᠤᠯᠤᠩ ᠱᠤᠭᠤᠮ — C316 ᠶᠡᠭᠡ ᠪᠠᠷᠠᠭᠤᠨ ᠱᠤᠭᠤᠮ — Y013 ᠺᠦᠨ ᠰᠢ ᠱᠤᠭᠤᠮ — G335 | ᠤᠯᠤᠰ ᠤᠨ ᠵᠠᠮ ᠢᠶᠠᠷ ᠲᠤᠭᠤᠷᠢᠨ ᠥᠩᠭᠡᠷᠡᠭᠡᠷᠡᠢ | 2. ᠶᠡᠭᠡ ᠰᠡᠭᠦᠵᠢ ᠵᠦᠭ ᠶᠢᠨ ᠴᠢᠭᠯᠡᠯ ᠢᠶᠠᠷ ᠠᠶᠠᠯᠠᠭᠴᠢᠳ Y013 ᠺᠦᠨ ᠰᠢ ᠱᠤᠭᠤᠮ — C316 | ᠶᠡᠭᠡ ᠪᠠᠷᠠᠭᠤᠨ ᠱᠤᠭᠤᠮ — C266 ᠶᠡᠭᠡ ᠪᠤᠯᠤᠩ ᠱᠤᠭᠤᠮ ᠢᠶᠠᠷ ᠲᠤᠭᠤᠷᠢᠨ ᠥᠩᠭᠡᠷᠡᠭᠡᠷᠡᠢ | ᠲᠣᠮᠣ ᠬᠡᠯᠪᠡᠷᠢ ᠶᠢᠨ ᠲᠡᠷᠭᠡ᠄ | 1.ᠲᠠᠷᠬᠠᠨ ᠰᠣᠮᠦ ᠪᠠ G335 ᠤᠯᠤᠰ ᠤᠨ ᠵᠠᠮ ᠤᠨ ᠴᠢᠭᠯᠡᠯ ᠢᠶᠠᠷ ᠠᠶᠠᠯᠠᠭᠴᠢᠳ S104 | ᠱᠣᠭᠤᠮ ᠢᠶᠠᠷ ᠲᠤᠭᠤᠷᠢᠨ ᠥᠩᠭᠡᠷᠡᠭᠡᠷᠡᠢ | 2. ᠶᠡᠭᠡ ᠰᠡᠭᠦᠵᠢ ᠴᠢᠭᠯᠡᠯ ᠢᠶᠠᠷ ᠠᠶᠠᠯᠠᠭᠴᠢᠳ S104 ᠱᠤᠭᠤᠮ ᠢᠶᠠᠷ ᠲᠤᠭᠤᠷᠢᠨ ᠥᠩᠭᠡᠷᠡᠭᠡᠷᠡᠢ | ᠪᠢᠲᠡᠭᠦᠮᠵᠢᠯᠡᠭᠰᠡᠨ ᠣᠷᠣᠨ ᠪᠦᠰᠡ ᠳᠤ ᠲᠡᠷᠭᠡ ᠵᠢᠴᠢ ᠵᠠᠮ ᠳᠠᠭᠠᠤ ᠶᠢᠨ ᠰᠠᠭᠤᠭᠠᠯᠢ ᠠᠷᠠᠳ ᠭᠠᠳᠠᠭᠰᠢ | ᠭᠠᠷᠬᠤ ᠳᠤ ᠪᠠᠨ ᠵᠠᠮ ᠢᠶᠠᠨ ᠰᠣᠩᠭᠤᠨ ᠲᠣᠭᠤᠷᠢᠵᠤ ᠶᠠᠪᠤᠭᠠᠷᠠᠶ᠂ ᠬᠠᠷᠢᠯᠴᠠᠨ ᠳᠠᠮᠵᠢᠭᠤᠯᠵᠤ ᠬᠠᠷᠢᠯᠴᠠᠨ | ᠮᠡᠳᠡᠭᠦᠯᠲᠦᠭᠡᠢ᠂ ᠪᠠᠷᠢᠯᠭ᠎ᠠ ᠶᠢᠨ ᠠᠵᠢᠯ ᠠᠴᠠ ᠪᠣᠯᠭᠠᠭᠰᠠᠨ ᠳᠥᠭᠦᠮ ᠦᠭᠡᠢ ᠪᠠᠶᠢᠳᠠᠯ ᠢ ᠠᠭᠤᠴᠢᠯᠠᠭᠠᠷᠠᠢ᠃ ᠬᠡᠷᠪᠡ | ᠲᠡᠷᠭᠡ ᠬᠥᠰᠬᠡ ᠵᠢᠴᠢ ᠶᠠᠪᠠᠭᠠᠨ ᠬᠥᠮᠦᠨ ᠪᠢᠲᠡᠭᠦᠮᠵᠢᠯᠡᠭᠰᠡᠨ ᠣᠷᠣᠨ ᠪᠦᠰᠡ ᠳᠤ ᠳᠤᠷ᠎ᠠ ᠪᠠᠷ ᠢᠶᠠᠨ ᠣᠷᠤᠵᠤ | ᠡᠭᠦᠰᠭᠡᠭᠰᠡᠨ ᠬᠠᠷᠢᠭᠤᠴᠠᠯᠭ᠎ᠠ ᠬᠢᠭᠡᠳ ᠶᠠᠷᠰᠢᠭ ᠲᠦᠪᠡᠭ ᠢ ᠥᠪᠡᠷ ᠢᠶᠠᠨ ᠬᠠᠷᠢᠭᠤᠴᠠᠨ᠎ᠠ᠃ | ᠣᠨᠴᠠᠭᠠᠶᠢᠯᠠᠨ ᠵᠠᠷᠯᠠᠪᠠ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 2024 ᠣᠨ ᠤ 9 ᠳ᠋ᠦ᠋ᠭᠡᠷ ᠰᠠᠷ᠎ᠠ ᠶᠢᠨ 24 ᠤ ᠡᠳᠦᠷ | |