ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ︽ᠤᠯᠤᠰ ᠤᠨ ᠬᠡᠦᠬᠡᠳ︾ ᠤᠨ ᠲᠤᠬᠠᠶ ᠰᠣᠯᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/26
      9 ᠰᠠᠷ᠎ᠠ ᠶᠢᠨ 25 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ︽ᠤᠯᠤᠰ ᠤᠨ ᠬᠡᠦᠬᠡᠳ︾  ᠤᠨ ᠲᠤᠬᠠᠢ ᠰᠤᠯᠢᠯᠴᠠᠭᠠᠨ ᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠲᠠᠷᠬᠠᠨ ᠮᠤᠤᠮᠢᠩᠭᠠᠨ ᠬᠤᠰᠢᠭᠤᠨ ᠤ ︽ᠤᠯᠤᠰ ᠤᠨ ᠬᠡᠤᠬᠡᠳ︾ ᠤᠨ ᠲᠦᠯᠦᠭᠡᠯᠡᠭᠴᠢ᠂ ᠬᠡᠰᠡᠭ ︽ᠤᠯᠤᠰ ᠤᠨ ᠬᠡᠤᠬᠡᠳ︾ ᠤᠨ  ᠬᠤᠶᠠᠳᠤᠭᠠᠷ ᠦᠶ᠎ᠡ ᠶᠢᠨ ᠲᠦᠯᠦᠭᠡᠯᠡᠭᠴᠢ ᠵᠡᠷᠭᠡ 30 ᠭᠠᠷᠤᠢ ᠬᠦᠮᠦᠨ ᠶᠠᠷᠢᠯᠴᠠᠬᠤ ᠬᠤᠷᠠᠯ ᠳᠤ ᠤᠷᠤᠯᠴᠠᠪᠠ᠃ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠪᠦᠦ ᠴᠦᠨ ᠡᠷᠭᠢᠯᠡᠪᠡ᠃    ᠬᠤᠷᠠᠯ ᠠᠴᠠ ᠡᠩ ᠲᠡᠷᠢᠭᠦᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ  ᠵᠠᠷᠯᠠᠪᠠ᠃     ᠳᠠᠷᠠᠭ᠎ᠠ ᠨᠢ᠂ ᠥᠪᠡᠷᠲᠡᠭᠡᠨ ᠵᠠᠰᠠᠬᠤ ᠣᠷᠣᠨ ᠤ ︽ᠤᠯᠤᠰ ᠤᠨ ᠬᠡᠦᠬᠡᠳ︾ ᠤᠨ ᠵᠣᠬᠢᠶᠠᠨ ᠪᠠᠶᠢᠭᠤᠯᠤᠭᠴᠢ ᠯᠢᠶᠠᠩ ᠶᠢᠨ ᠮᠧᠢ᠂ ︽ᠤᠯᠤᠰ ᠤᠨ ᠬᠡᠦᠬᠡᠳ︾  ᠤᠨ  ᠲᠦᠯᠦᠭᠡᠯᠡᠭᠴᠢ ᠴᠠᠭᠠᠨᠴᠢᠯᠠᠭᠤ᠂ ︽ᠤᠯᠤᠰ ᠤᠨ ᠬᠡᠦᠬᠡᠳ︾ ᠤᠨ ᠬᠤᠶᠠᠳᠤᠭᠠᠷ ᠦᠶ᠎ᠡ ᠶᠢᠨ ᠲᠥᠯᠥᠭᠡᠯᠡᠭᠴᠢ ᠭᠠᠪᠠᠷᠴᠡᠴᠡᠭ ᠪᠣᠯᠤᠨ ᠵᠠᠩ ᠬᠤᠩ ᠬᠤᠢ ᠥᠪᠡᠷ ᠤᠨ ᠥᠩᠭᠡᠷᠡᠯᠲᠡ ᠠᠴᠠ ᠪᠠᠨ ᠡᠬᠢᠯᠡᠨ ᠶᠠᠷᠢᠵᠤ᠂ ᠪᠣᠳᠠᠲᠤ ᠬᠡᠷᠡᠭ ᠢᠶᠠᠷ ᠪᠢᠳᠡᠨ ᠳᠤ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠦᠷᠡᠴᠢᠯᠡᠨ ᠲᠡᠵᠢᠭᠡᠭᠰᠡᠨ︾ ᠨᠢ  ᠨᠢᠭᠡ ᠬᠡᠰᠡᠭ ᠲᠡᠦᠬᠡ ᠶᠢᠨ ᠳᠤᠷᠠᠰᠤᠮᠵᠢ ᠪᠣᠯᠬᠤ ᠪᠠᠷ ᠪᠠᠷᠠᠬᠤ ᠦᠭᠡᠢ᠂ ᠨᠡᠩ ᠴᠤ ᠨᠢᠭᠡ ᠵᠦᠢᠯ ᠤᠨ ᠵᠣᠷᠢᠭ ᠰᠠᠨᠠᠭ᠎ᠠ ᠶᠢ ᠤᠯᠠᠮᠵᠢᠯᠠᠨ  ᠪᠠᠳᠠᠷᠠᠭᠤᠯᠤᠭᠰᠠᠨ ᠶᠠᠪᠤᠳᠠᠯ ᠮᠦᠨ  ᠭᠡᠵᠦ ᠬᠡᠯᠡᠵᠦ ᠦᠭᠭᠦᠭᠰᠡᠨ ᠪᠠᠶᠢᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠦᠷᠡᠴᠢᠯᠡᠨ ᠲᠡᠵᠢᠭᠡᠭᠰᠡᠨ︾ ᠲᠡᠤᠭᠡᠨ ᠶᠠᠷᠢᠶ᠎ᠠ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠬ᠎ᠠ ᠳᠡᠭᠦᠦ ᠨᠡᠷ ᠬᠠᠷᠢᠯᠴᠠᠨ ᠳᠣᠲᠣᠨᠣᠴᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠪᠠᠶᠢᠬᠤ ᠶᠢ ᠠᠮᠢᠳᠤᠯᠢᠭ ᠢᠶᠠᠷ ᠬᠠᠷᠠᠭᠤᠯᠵᠠᠢ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠴᠢᠩᠭ᠎ᠠ ᠠᠳᠬᠤᠵᠤ᠂ ︽  ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠦᠷᠡᠴᠢᠯᠡᠨ ᠲᠡᠵᠢᠭᠡᠭᠰᠡᠨ︾ ᠲᠡᠦᠬᠡ ᠶᠢᠨ  ᠶᠠᠷᠢᠶ᠎ᠠ ᠶᠢᠨ ᠴᠠᠭ ᠦᠶ᠎ᠡ ᠶᠢᠨ ᠠᠴᠢ ᠬᠤᠯᠪᠣᠭᠳᠠᠯ ᠪᠣᠯᠤᠨ ᠨᠡᠶᠢᠭᠡᠮ ᠤᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠤᠯᠠᠨ ᠭᠡᠯᠪᠡᠷᠢ ᠪᠠᠷ ᠪᠦᠲᠦᠮᠵᠢᠲᠡᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠠᠬᠢᠭᠤᠯᠬᠤ ᠳᠤ ᠲᠠᠷᠬᠠᠨ ᠮᠤᠤᠮᠢᠩᠭᠠᠨ ᠤ ᠬᠦᠴᠦᠨ ᠴᠢᠳᠠᠯ ᠢᠶᠠᠨ ᠡᠷᠬᠦᠬᠦ ᠭᠡᠷᠡᠭᠳᠠᠢ ᠭᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号