ᠠᠷᠪᠠᠨ ᠲᠤᠯᠤᠳᠤᠭᠠᠷ ᠬᠤᠭᠤᠴᠠᠭᠠᠨ ᠤ ︽ᠠᠶᠢᠪᠠᠭ᠎ᠠ ᠶᠢᠨ ᠤᠶᠠᠩᠭ᠎ᠠ︾ ᠰᠢᠵᠢᠷ ᠨᠤᠮᠤᠷ ᠤᠨ ᠰᠢᠯᠦᠭ  ᠤᠨ ᠨᠠᠶᠢᠷ ᠨᠢᠵᠢᠭᠢᠷ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2024/9/27
      ᠰᠢ ᠶᠢᠨ ᠫᠢᠩ ᠱᠦᠵᠢ ᠶᠢᠨ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠤᠯᠭᠠᠨ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠦᠮᠦᠵᠢᠯ ᠢ ᠴᠢᠩᠭᠠᠳᠬᠠᠵᠦ᠂ ᠲᠤᠮᠳᠠᠳᠦ ᠶᠢᠨ ᠰᠢᠯᠢᠳᠡᠭ ᠤᠯᠠᠮᠵᠢᠯᠠᠯᠳᠦ ᠰᠤᠶᠤᠯ ᠢ ᠬᠦᠭᠵᠢᠭᠦᠯᠬᠦ ᠶᠢᠨ ᠲᠦᠯᠦᠭᠡ᠂ ᠪᠤᠭᠤᠳᠦ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠪᠤᠯᠤᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠲᠠᠭᠠᠭᠠᠴᠢᠯᠠᠨ ᠡᠷᠬᠢᠯᠡᠭᠰᠡᠨ ᠠᠷᠪᠠᠨ ᠲᠤᠯᠤᠳᠤᠭᠠᠷ ᠬᠤᠭᠤᠴᠠᠭᠠᠨ ᠤ ︽ᠠᠶᠢᠪᠠᠭ᠎ᠠ ᠶᠢᠨ ᠤᠶᠠᠩᠭ᠎ᠠ︾ ᠰᠢᠵᠢᠷ ᠨᠠᠮᠤᠷ  ᠤᠨ ᠰᠢᠯᠦᠭ ᠤᠨ ᠨᠠᠶᠢᠷ9 ᠰᠠᠷ᠎ᠠ ᠶᠢᠨ26 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠲᠤᠭᠯᠠᠯᠳᠠ ᠶᠢᠨ ᠲᠢᠩᠭᠢᠮ ᠳᠤ ᠨᠢᠵᠢᠬᠢᠷ ᠰᠠᠶᠢᠬᠠᠨ ᠶᠠᠪᠤᠭᠳᠠᠯ᠎ᠠ᠃ ᠬᠠᠯᠢᠭᠤᠨ ᠨᠠᠮᠤᠷ ᠤᠨ ᠰᠠᠶᠢᠬᠠᠨ ᠴᠠᠭ ᠢᠶᠠᠷ᠂ ︽ᠠᠶᠢᠪᠠᠭ᠎ᠠ ᠶᠢᠨ ᠤᠶᠠᠩᠭ᠎ᠠ︾ ᠰᠢᠵᠢᠷ ᠨᠠᠮᠤᠷ ᠤᠨ ᠰᠢᠯᠦᠭ ᠤᠨ ᠨᠠᠶᠢᠷ ᠨᠢ ᠴᠤᠭᠤᠷ ᠲᠠᠭᠤᠤ ︽ᠬᠦᠳᠡᠭᠡ ᠰᠢᠯᠢ︾ ᠪᠠᠷ ᠡᠬᠢᠯᠡᠵᠦ᠂ ᠵᠢᠬᠢᠷᠢᠭ ᠲᠤᠭᠯᠠᠯᠳᠠ ︽ᠦᠷᠨᠢᠨ ᠬᠦᠭᠵᠢᠭᠡ ᠲᠤᠮᠳᠠᠳᠦ ᠤᠯᠤᠰ︾᠂ ᠭᠤᠴᠣᠯᠠᠯ ᠲᠠᠭᠤᠤ ︽ᠠᠪᠤ ᠲᠠᠭᠠᠨ ᠡᠷᠬᠦᠬᠦ ᠲᠠᠭᠤᠤ︾᠂ ︽ᠡᠯᠢᠭᠡ ᠪᠦᠳᠦᠨ ᠵᠠᠶᠠᠭ᠎ᠠ︾᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠨᠠᠶᠢᠷᠠᠯ ᠲᠠᠭᠤᠤ ᠵᠢᠴᠢ ᠤᠯᠠᠭᠠᠠᠮᠦ᠋ᠴᠢᠷ ᠤᠨ ᠪᠦᠵᠢᠭ ︽ᠬᠦᠯᠦᠭ ᠤᠨ ᠨᠢᠷᠤᠭᠤᠨ ᠳᠤ︾ ᠬᠡᠬᠦ ᠤᠷᠠᠨ ᠰᠠᠶᠢᠬᠠᠨ ᠤ ᠲᠤᠭᠯᠠᠯᠳᠠ ᠨᠢ ᠠᠬᠤᠢ ᠲᠠᠯᠠᠪᠠᠢ ᠳᠤ ᠤᠷᠮ᠎ᠠ ᠨᠡᠮᠡᠷᠢᠯᠡᠵᠦ᠂ ᠨᠠᠶᠢᠷᠠᠭ ᠲᠤ ᠬᠦᠭ ᠨᠡᠮᠡᠷᠢᠯᠡᠵᠠᠢ᠃ ᠲᠤᠰ ᠤᠳᠠᠭᠠᠨ ᠤ ᠰᠢᠯᠦᠭ ᠤᠨ ᠨᠠᠶᠢᠷ ᠨᠢ ᠪᠡᠯᠡᠳᠭᠡᠯ ᠤᠷᠤᠯᠳᠤᠭᠠᠨ ᠪᠠ ᠰᠢᠢᠳᠪᠦᠷᠢᠳᠦ ᠤᠷᠤᠯᠳᠤᠭᠠᠨ ᠢᠶᠠᠷ ᠲᠡᠮᠵᠢᠵᠦ᠂ ᠨᠡᠶᠢᠳᠡ16 ᠪᠦᠳᠦᠭᠡᠯ ᠢ ᠰᠢᠢᠳᠪᠦᠷᠢᠳᠦ ᠤᠷᠤᠯᠳᠤᠭᠠᠨ ᠳᠤ ᠡᠯᠰᠡᠨ᠂ ᠢᠷᠡᠭᠤ ᠨᠠᠶᠢᠷᠠᠭᠴᠢᠳ ᠦᠪᠡᠷ ᠤᠨ ᠪᠦᠳᠦᠭᠡᠯ ᠢᠶᠠᠨ ᠤᠶᠠᠩᠭᠠᠯᠠᠭᠰᠠᠨ ᠬᠤᠳᠠ ᠶᠢᠨ ᠤᠩᠨᠢᠭᠤᠳ ᠬᠤᠰᠢᠭᠤ ᠪᠠᠷ ᠨᠤᠳᠤᠳᠠᠢ ᠰ᠊᠂ ᠮᠦᠩᠭᠡᠪᠠᠶᠠᠷ ︽ᠴᠢᠨᠤ ᠠᠮᠢᠳᠤᠷᠠᠳᠠᠭ ᠬᠤᠳᠠ ᠳᠤ︾ ᠬᠡᠭᠦ ᠪᠦᠳᠦᠭᠡᠯ ᠢᠶᠠᠷ ᠮᠠᠩᠯᠠᠶᠢᠯᠠᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠵᠦᠮ᠎ᠡ ︽ᠠᠮᠢᠨ ᠤᠰᠤᠨ︾ ᠭᠡᠬᠦ ᠪᠦᠳᠦᠭᠡᠯ ᠢᠶᠠᠷ᠂ ᠤᠯᠠᠭᠠᠠᠬᠠᠳᠠ ᠬᠤᠳᠠ ᠶᠢᠨ ᠤᠩᠨᠢᠭᠤᠳ ᠬᠤᠰᠢᠭᠤᠨ ᠤ ᠰᠠᠩᠳᠦ᠋ᠭᠦᠷᠡᠩ ︽ᠲᠠᠩᠭᠢᠰ ᠤᠨ ᠮᠠᠨᠳᠠᠯ ᠳᠤ︾ ᠭᠡᠬᠦ ᠪᠦᠳᠦᠭᠡᠯ ᠢᠶᠠᠷ ᠢᠶᠠᠨ ᠲᠡᠳ᠋ᠯᠡᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤ᠂ ᠤᠶᠠᠩᠭ᠎ᠠ᠂ ᠬᠦᠪᠡᠭᠡᠳᠦ ᠰᠢᠷ᠎ᠠ ᠬᠤᠰᠢᠭᠤᠨ ᠤ ᠲ᠊᠂ ᠰᠡᠴᠡᠩᠬᠤᠸᠠᠷ᠂ ᠰᠦᠨᠢᠳ ᠪᠠᠷᠠᠭᠤᠨ ᠬᠤᠰᠢᠭᠤᠨ ᠤ ᠪᠠ᠊᠂ ᠦᠯᠵᠡᠶᠢᠨᠠᠷᠠᠨ ᠲᠤᠰ ᠲᠤᠰ ᠲᠤ ᠭᠤᠷᠪᠠ ᠳᠤ ᠲᠤᠳᠤᠷᠠᠵᠦ᠂ ᠰ᠊᠂ ᠦᠨᠳᠦᠷᠯᠢᠭ᠂ ᠠ᠊᠂ ᠵᠢᠷᠠ᠂ ᠨ᠊᠂ ᠨᠠᠷᠠᠰᠦ᠂ ᠬ᠋᠊᠂ ᠲᠤᠯᠢᠬᠤᠸᠠᠷ ᠵᠡᠷᠭᠡ10 ᠰᠤᠳᠤᠨ ᠢᠷᠠᠭᠤ ᠨᠠᠶᠢᠷᠠᠭᠴᠢᠳ ᠰᠢᠯᠢᠳᠡᠭ ᠲᠡᠰ ᠲᠤ ᠲᠤᠳᠤᠷᠠᠭᠰᠠᠨ ᠪᠠᠶᠢᠨ᠎ᠠ᠃
      ᠤᠷᠤᠯᠳᠤᠭᠠᠨ ᠲᠠᠭᠤᠰᠤᠭᠰᠠᠨ ᠤ ᠲᠠᠷᠠᠭ᠎ᠠ᠂ ᠰᠢᠯᠦᠭ ᠤᠨ ᠤᠷᠤᠯᠳᠤᠭᠠᠨ ᠢ ᠵᠤᠬᠢᠶᠠᠨ ᠪᠠᠶᠢᠭᠤᠯᠤᠭᠰᠠᠨ ᠡᠯ᠎ᠡ ᠱᠠᠳᠤᠨ ᠤ ᠤᠳᠤᠷᠢᠳᠤᠯᠭ᠎ᠠ᠂ ᠤᠨᠴᠠ ᠤᠷᠢᠭᠰᠠᠨ ᠬᠢᠨᠠᠭᠴᠢᠳ ᠬᠢᠬᠡᠳ ᠨᠠᠶᠢᠷᠠᠭᠴᠢᠳ ᠲᠤᠰ ᠣᠳᠠᠭᠠᠨ ᠤ ᠰᠢᠯᠦᠭ  ᠤᠨ ᠨᠠᠶᠢᠷ ᠤᠨ ᠲᠤᠭᠤᠷᠢᠨ ᠳᠤ ᠰᠣᠳᠤᠯᠤᠨ ᠶᠠᠷᠢᠯᠴᠠᠬᠤ ᠬᠤᠷᠠᠯ ᠬᠢᠵᠦ᠂ ᠰᠢᠯᠦᠭ ᠨᠠᠶᠢᠷᠠᠭ ᠤᠨ ᠦᠳᠭᠡᠨ ᠠᠭᠤᠷ ᠠᠮᠢᠰᠬᠤᠯ ᠢ ᠪᠤᠢ ᠪᠤᠯᠭᠠᠨ ᠬᠠᠯᠠᠭᠤᠨ ᠶᠠᠷᠢᠯᠴᠠᠭ᠎ᠠ ᠦᠷᠨᠢᠭᠦᠯᠪᠡ᠃      ᠨᠠᠯᠠᠭᠠᠷ ᠨᠠᠮᠤᠷ ᠤᠨ ᠦᠩᠭᠡ ᠨᠠᠶᠢᠷᠠᠭ ᠪᠠᠶᠢᠵᠦ᠂ ᠠᠯᠳᠠᠩᠬᠠᠨ ᠨᠠᠮᠤᠷ ᠤᠨ ᠠᠶᠠᠯᠭᠤ ᠠᠶᠢᠪᠠᠭ᠎ᠠ ᠶᠢᠨ ᠬᠦᠪᠡᠭᠡᠨ ᠠᠴᠠ ᠤᠶᠠᠩᠭᠠᠷᠠᠨ᠂ ᠢᠷᠠᠭᠤ ᠨᠠᠶᠢᠷᠠᠭᠴᠢᠳ ᠮᠠᠨᠢ ᠴᠠᠴᠡᠨ ᠤᠬᠠᠭᠠᠨ᠂ ᠰᠡᠴᠡᠨ ᠮᠡᠳᠡᠷᠡᠭᠦᠢ ᠪᠠᠷ ᠢᠶᠠᠨ ᠭᠠᠩᠭᠠᠷᠠᠵᠦ᠂ ︽ᠠᠶᠢᠪᠠᠭ᠎ᠠ ᠶᠢᠨ ᠤᠶᠠᠩᠭ᠎ᠠ︾ ᠰᠢᠵᠢᠷ ᠨᠠᠮᠤᠷ ᠤᠨ ᠰᠢᠯᠦᠭ ᠤᠨ ᠨᠠᠶᠢᠷ ᠵᠢᠯ ᠵᠢᠯ ᠠᠴᠠ ᠪᠠᠨ ᠢᠳᠡ ᠬᠦᠴᠦᠳᠡᠢ ᠶᠠᠪᠤᠭᠳᠠᠵᠦ ᠪᠤᠢ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号