ᠪᠥᠬᠦ ᠣᠷᠣᠨ ᠳᠤ ᠬᠠᠮᠤᠭ ᠤᠷᠢᠳᠠᠪᠠᠷ ᠠᠰᠢᠭᠯᠠᠯᠳᠠ ᠳᠤ ᠣᠷᠣᠪᠠ︕
ᠨᠡᠶᠢᠲᠡᠯᠡᠭᠰᠡᠨ ᠴᠠᠭ᠄
2024/9/27
      9 ᠰᠠᠷ᠎ᠠ ᠶᠢᠨ 26 ᠤ ᠡᠳᠦᠷ᠂ ᠶᠤᠸᠠᠨ ᠵᠢᠩ ᠮᠧᠩ ᠰᠢᠨ ᠪᠦᠯᠦᠭᠯᠡᠯ ᠤᠨ ᠳᠡᠭᠡᠳᠦ ᠰᠢᠨ᠎ᠡ ᠮᠡᠷᠭᠡᠵᠢᠯ ᠤᠨ ᠠᠷᠠᠭᠠᠲᠤ ᠬᠦᠷᠳᠦ ᠶᠢᠨ ᠣᠶᠤᠨᠴᠢ ᠦᠢᠯᠡᠳᠬᠦ ᠰᠠᠭᠤᠷᠢᠨ ᠭᠠᠵᠠᠷ ᠤᠨ ᠠᠩᠬᠠᠳᠠᠭᠴᠢ ᠦᠢᠯᠡᠳᠬᠦᠨ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠲᠤ ᠵᠢᠩᠬᠢᠨᠢ ᠪᠠᠷ ᠠᠰᠢᠭᠯᠠᠯᠳᠡ ᠳᠤ ᠣᠷᠣᠵᠥ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠣᠮᠣ ᠰᠠᠶ᠎ᠠ ᠸᠠᠲ ᠤᠨ ᠥᠪᠡᠷ ᠢᠶᠠᠨ ᠰᠣᠳᠣᠯᠣᠨ᠂ ᠥᠪᠡᠷ ᠢᠶᠠᠨ ᠦᠢᠯᠡᠳᠴᠥ᠂ ᠥᠪᠡᠷ ᠢᠶᠠᠨ ᠬᠡᠷᠡᠭᠯᠡᠬᠦ ᠳᠡᠭᠡᠳᠦ ᠰᠢᠨ᠎ᠡ ᠮᠡᠷᠭᠡᠵᠢᠯ ᠤᠨ ᠤᠶᠤᠨᠲᠤ ᠠᠷᠠᠭᠠᠲᠤ ᠬᠦᠷᠳᠦ ᠶᠢᠨ ᠬᠠᠶᠢᠷᠴᠠᠭ ᠨᠢ ᠪᠥᠭᠡᠮ ᠢᠶᠠᠷ ᠦᠢᠯᠡᠳᠪᠦᠷᠢᠯᠡᠬᠦ ᠱᠠᠲᠤᠨ ᠳᠤ ᠣᠷᠣᠭᠰᠠᠨ ᠢ ᠬᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠶᠤᠨᠲᠤ ᠰᠠᠯᠬᠢᠨ ᠬᠦᠴᠦᠨ ᠤ ᠮᠠᠰᠢᠨ ᠤ ᠠᠵᠤ ᠦᠢᠯᠡᠰ ᠤᠨ ᠬᠡᠯᠬᠢᠶ᠎ᠡ ᠶᠢᠨ ᠭᠤᠣᠯ ᠤᠭᠰᠠᠷᠠᠭ᠎ᠠ ᠲᠣᠨᠤᠭ ᠤᠨ ᠦᠢᠯᠡᠳᠬᠦ ᠦᠵᠦᠭᠦᠷ ᠤᠨ ᠬᠤᠭᠤᠰᠣᠨ ᠢ ᠨᠥᠬᠦᠪᠥᠷᠢᠯᠡᠵᠦ᠂ ᠪᠤᠭᠤᠲᠤ ᠬᠤᠳᠠ ᠶᠢᠨ ᠬᠠᠭᠤᠷᠠᠢ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠨᠢᠭᠡᠨ ᠰᠢᠨ᠎ᠡ ᠪᠡᠯᠭᠡ ᠲᠡᠮᠳᠡᠭ ᠪᠣᠯᠤᠭᠰᠠᠨ ᠪᠠᠶᠢᠨ᠎ᠠ᠃      2021 ᠣᠨ ᠠᠴᠠ ᠨᠠᠰᠢ᠂ ᠪᠤᠭᠤᠲᠤ ᠬᠤᠳᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯᠤᠨ ᠶᠤᠸᠠᠨ ᠵᠢᠩ ᠰᠢᠨ ᠮᠧᠩ ᠪᠦᠯᠦᠭᠯᠡᠯ ︽ᠬᠤᠣᠰ ᠨᠡᠭᠦᠷᠡᠰᠦᠲᠥ᠋ᠷᠥᠭᠴᠢ︾ ᠶᠢᠨ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ᠂ ᠪᠤᠭᠤᠲᠤ ᠬᠤᠳᠠ ᠶᠢᠨ ᠴᠣᠷ ᠤᠨ ᠭᠠᠭᠴᠠ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ ᠭᠠᠷ ᠬᠤᠯᠪᠣᠨ ᠪᠠᠶᠢᠭᠤᠯᠵᠤ᠂ ︽ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ︾᠂ ︽ᠨᠡᠭᠦᠷᠡᠰᠦᠲᠥ᠋ᠷᠥᠭᠴᠢ ᠦᠭᠡᠢ ᠲᠣᠭᠠᠴᠢᠯᠠᠭᠰᠠᠨ ᠠᠵᠢᠯᠯᠠᠭᠠᠨ ᠤ ᠰᠢᠰᠲ᠋ᠧᠮ ︾ ᠪᠣᠯᠤᠨ ︽ᠪᠣᠬᠢᠷᠲᠤᠯ ᠦᠭᠡᠢ ᠰᠢᠨ᠎ᠡ ᠠᠵᠤ ᠦᠢᠯᠡᠳᠪᠦᠷᠢ ᠶᠢᠨ ᠪᠥᠭᠡᠮᠨᠡᠷᠡᠯ︾ ᠵᠡᠷᠭᠡ ᠭᠤᠷᠪᠠᠨ ᠶᠡᠭᠡ ᠰᠢᠨ᠎ᠡ ᠶᠢ ᠡᠭᠦᠳᠬᠦ ᠳᠤ ᠰᠠᠭᠤᠷᠢᠯᠠᠵᠤ᠂ ᠴᠠᠬᠢᠯᠭᠠᠨ ᠲᠣᠣᠷ ᠤᠨ ᠨᠥᠬᠦᠷᠰᠡᠭ ᠬᠡᠯᠪᠡᠷᠢ ᠶᠢᠨ ᠶᠡᠷᠦᠩᠬᠡᠶᠢᠯᠡᠭᠰᠡᠨ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠪᠣᠬᠢᠷᠲᠤᠯ ᠦᠭᠡᠢ ᠴᠠᠬᠢᠯᠭᠠᠨ ᠬᠦᠴᠦᠨ ᠪᠣᠯᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠠᠬᠢᠯᠭᠠᠨ ᠭᠦᠨᠵᠡᠭᠡᠢ ᠨᠡᠪᠴᠢᠯᠲᠡ ᠶᠢ ᠪᠡᠶᠡᠯᠡᠭᠦᠯᠪᠡ᠃ 2022 ᠣᠨ ᠤ 8 ᠰᠠᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯᠤᠨ ᠶᠤᠸᠠᠨ ᠵᠢᠩ ᠮᠧᠩ ᠰᠢᠨ ᠪᠦᠯᠦᠭᠯᠡᠯ ᠬᠠᠮᠲᠤ ᠶᠢᠨ ᠲᠠᠨᠢᠯᠲᠠ ᠲᠠᠢ ᠪᠤᠯᠵᠤ᠂ ᠪᠦᠬᠦ ᠣᠷᠣᠨ ᠤ ᠠᠩᠬᠠᠳᠠᠭᠴᠢ ᠤᠶᠤᠨᠲᠤ ᠰᠠᠯᠬᠢᠨ ᠬᠦᠴᠦᠨ ᠤ ᠮᠠᠰᠢᠨ ᠤ ᠶᠡᠷᠦᠩᠬᠡᠢ ᠤᠭᠰᠠᠷᠠᠬᠤ ᠰᠠᠭᠤᠷᠢᠨ ᠭᠠᠵᠠᠷ ᠵᠢᠴᠢ ᠳᠡᠭᠡᠳᠦ ᠰᠢᠨ᠎ᠡ ᠮᠡᠷᠭᠡᠵᠢᠯ ᠤᠨ ᠠᠷᠠᠭᠠᠲᠤ ᠬᠦᠷᠳᠦ ᠶᠢᠨ ᠣᠶᠤᠨᠴᠢ ᠦᠢᠯᠡᠳᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠬᠠᠩᠭᠠᠭᠰᠠᠨ ᠥᠨᠳᠥᠷ ᠬᠠᠷᠢᠴᠠᠯ ᠢᠶᠠᠷ ᠪᠣᠬᠢᠷᠲᠤᠯ ᠦᠭᠡᠢ ᠴᠠᠬᠢᠯᠭᠠᠨ ᠢ ᠬᠡᠷᠡᠭᠯᠡᠵᠦ᠂ ᠭᠤᠣᠯ ᠮᠠᠰᠢᠨ ᠤ ᠵᠢᠯ ᠤᠨ ᠦᠢᠯᠡᠳᠪᠦᠷᠢᠯᠡᠬᠦ ᠴᠢᠳᠠᠪᠤᠷᠢ ᠨᠢ 500 ᠢᠵᠢ᠂ ᠲᠣᠮᠣ ᠰᠠᠶ᠎ᠠ ᠸᠠᠲ ᠤᠨ ᠳᠡᠭᠡᠳᠦ ᠰᠢᠨ᠎ᠡ ᠮᠡᠷᠭᠡᠵᠢᠯ ᠤᠨ ᠲᠤᠮᠤ ᠠᠷᠠᠭᠠᠲᠤ ᠬᠦᠷᠳᠦ ᠶᠢᠨ ᠵᠢᠯ ᠤᠨ ᠭᠠᠷᠤᠯᠲᠠ 800 ᠰᠠᠣᠷᠢ ᠬᠦᠷᠴᠦ᠂ ᠵᠢᠯ ᠤᠨ ᠳᠤᠮᠳᠠᠴᠢ ᠦᠢᠯᠡᠳᠬᠦᠨ ᠤ ᠦᠷᠳᠡᠭ 15 ᠳ᠋ᠦᠩᠰᠢᠭᠤᠷ ᠲᠥᠭᠦᠷᠢᠭ ᠲᠤ ᠬᠦᠷᠴᠦ᠂ 200 ᠭᠠᠷᠤᠢ ᠬᠥᠮᠦᠨ ᠢ ᠲᠠᠶᠢᠴᠢᠯᠠᠨ ᠠᠵᠢᠯ ᠣᠯᠭᠤᠪᠠ᠃      2023 ᠣᠨ ᠤ 10 ᠰᠠᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2020﹈ 16 ᠳ᠋ᠤᠭᠠᠷ ᠲᠣᠭᠠᠲᠤ︶ ᠳᠤ ᠪᠢᠴᠢᠨ ᠣᠷᠣᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠤᠷᠢᠳ ᠡᠮᠦᠨ᠎ᠡ ᠪᠠᠶᠢᠭ᠎ᠠ ᠥᠬᠡᠶ ᠬᠥᠭᠵᠢᠯᠲᠡ ᠶᠢᠨ ᠠᠵᠠ ᠲᠣᠬᠢᠶᠠᠯ ᠢ ᠠᠪᠴᠢᠷᠠᠭᠰᠠᠨ ᠪᠠᠶᠢᠨ᠎ᠠ᠃ ᠶᠤᠸᠠᠨ ᠵᠢᠩ ᠮᠧᠩ ᠰᠢᠨ ᠪᠦᠯᠦᠭᠯᠡᠯ ᠤᠨ ᠪᠠᠶᠢᠩᠭᠤ ᠶᠢᠨ ᠳᠡᠳ᠋ ᠶᠡᠷᠦᠩᠬᠡᠶ ᠳᠠᠭᠠᠭᠠᠮᠠᠯ ᠵᠠᠩ ᠶᠤᠸᠠᠨ ᠢᠯᠡᠷᠬᠡᠶᠢᠯᠡᠬᠦ ᠳᠡᠭᠡᠨ᠄ ︽ᠥᠪᠡᠷᠲᠡᠭᠡᠨ ᠵᠠᠰᠠᠬᠤ ᠣᠷᠣᠨ ᠤ ᠰᠠᠯᠬᠢᠨ ᠬᠦᠴᠦᠨ ᠤ ᠮᠠᠰᠢᠨ ᠤ ᠬᠡᠯᠬᠢᠶ᠎ᠡ ᠶᠢᠨ ᠭᠤᠤᠯ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠠᠷᠠᠭᠠᠲᠤ ᠬᠦᠷᠳᠦ ᠶᠢᠨ ᠬᠠᠶᠢᠷᠴᠠᠭ ᠵᠡᠷᠭᠡ ᠭᠤᠤᠯ ᠤᠭᠰᠠᠷᠠᠭ᠎ᠠ ᠲᠣᠨᠤᠭ ᠤᠨ ᠠᠵᠤ ᠦᠢᠯᠡᠰ ᠤᠨ ᠬᠡᠯᠬᠢᠶ᠎ᠡ ᠳᠤ ᠬᠠᠨᠳᠤᠭᠤᠯᠤᠭᠰᠠᠨ ᠴᠢᠬᠤᠯᠠ ᠴᠢᠨᠠᠷ ᠢ ᠪᠢᠳᠡ ᠭᠦᠨᠵᠡᠭᠡᠶ ᠣᠶᠢᠯᠠᠭᠠᠵᠤ ᠂ ᠣᠯᠠᠨ ᠵᠢᠯ ᠤᠨ ᠲᠤᠷᠰᠢ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠮᠡᠷᠭᠡᠵᠢᠯ ᠤᠨ ᠠᠯᠢ ᠣᠯᠠᠨ ᠪᠡᠷᠬᠡ ᠪᠣᠭᠤᠮᠲᠠ ᠶᠢ ᠰᠢᠪᠲᠤᠯᠵᠤ᠂ ᠡᠴᠦᠰ ᠲᠡᠭᠡᠨ ᠵᠢᠷᠤᠵᠤ ᠲᠥᠯᠥᠪᠯᠡᠬᠦ᠂ ᠦᠢᠯᠡᠳᠬᠦ ᠠᠴᠠ ᠬᠡᠮᠵᠢᠨ ᠲᠤᠷᠰᠢᠬᠤ ᠬᠦᠷᠲᠡᠯᠡᠬᠢ ᠪᠥᠬᠦ ᠲᠠᠯ᠎ᠠ ᠪᠠᠷ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠶᠢ ᠪᠡᠶᠡᠯᠡᠭᠦᠯᠪᠡ᠃ ᠲᠣᠰ ᠲᠥᠷᠥᠯ ᠵᠦᠢᠯ ᠤᠨ ᠵᠢᠩᠬᠢᠨᠢ ᠪᠠᠷ ᠠᠰᠢᠭᠯᠠᠯᠲᠠ ᠳᠤ ᠣᠷᠣᠬᠤ ᠶᠢ ᠳᠠᠭᠠᠯᠳᠤᠨ᠂ ᠨᠠᠩ ᠣᠯᠠᠨ ᠴᠢᠨᠠᠷ ᠰᠠᠶᠢᠲᠠᠶ ᠦᠢᠯᠡᠳᠬᠦᠨ ᠠᠳᠡ ᠠᠴᠠ ᠳᠡᠯᠡᠬᠡᠶ ᠳ᠋ᠠᠬᠢᠨ ᠳᠤ ᠬᠦᠷᠴᠦ᠂ ᠪᠥᠬᠦ ᠪᠥᠮᠪᠥᠷᠴᠡᠭ ᠤᠨ ᠡᠨᠧᠷᠭᠢ ᠶᠢᠨ ᠪᠣᠬᠢᠷᠲᠤᠯ ᠥᠬᠡᠶ ᠦᠢᠯᠡᠰ ᠲᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ ᠭᠡᠳᠡᠭ ᠲᠤ ᠪᠢᠳᠡ ᠢᠲᠡᠭᠡᠵᠦ ᠪᠠᠶᠢᠨ᠎ᠠ︾ ᠭᠡᠵᠡᠶ᠃      ᠣᠶᠢᠯᠠᠭᠠᠭᠰᠠᠨ ᠢᠶᠠᠷ᠂ ᠲᠣᠰ ᠤᠳᠠᠭ᠎ᠠ ᠦᠢᠯᠡᠳᠪᠥᠷᠢᠯᠡᠵᠥ ᠭᠠᠷᠭᠠᠭᠰᠠᠨ ᠠᠷᠠᠭᠠᠲᠤ ᠬᠦᠷᠳᠦᠨ ᠤ ᠬᠠᠶᠢᠷᠴᠠᠭ ᠨᠢᠭᠡᠨᠲᠡ DNV ︵ᠨᠤᠷᠸᠠᠢ ᠣᠩᠭᠤᠴᠠᠨ ᠤ ᠬᠤᠷᠰᠢᠶ᠎ᠠ︶ ᠪᠠ TUV ︵ᠭᠧᠷᠮᠠᠨ ᠤ ᠷᠠᠶᠢᠨ︶ ᠤ ᠭᠡᠷᠡᠴᠢᠯᠡᠯᠲᠡ ᠪᠠᠷ ᠳᠠᠮᠵᠢᠨ᠂ ᠤᠯᠤᠰ ᠤᠨ ᠳᠣᠲᠣᠭᠠᠳᠤ ᠶᠢᠨ ᠴᠣᠷ ᠤᠨ ᠭᠠᠭᠴᠠ ᠲᠣᠰ ᠲᠥᠷᠥᠯ ᠤᠨ ᠦᠢᠯᠡᠳᠬᠦᠨ ᠦᠢᠯᠡᠳᠪᠦᠷᠢᠯᠡᠬᠦ ᠬᠡᠮᠵᠢᠨ ᠰᠢᠯᠭᠠᠬᠤ ᠴᠢᠳᠠᠪᠤᠷᠢ ᠲᠠᠢ ᠦᠢᠯᠡᠳᠬᠦᠨ ᠪᠠᠶᠢᠵᠤ᠂ ᠦᠢᠯᠡᠳᠪᠦᠷᠢᠯᠡᠬᠦ ᠴᠢᠳᠠᠪᠤᠷᠢ ᠨᠢ ᠬᠠᠮᠤᠭ ᠤᠨ ᠶᠡᠭᠡ ᠳᠤ ᠪᠠᠨ 12.5MW ᠬᠠᠭᠤᠷᠠᠶ ᠳᠡᠭᠡᠷᠡᠬᠢ ᠰᠠᠯᠬᠢᠨ ᠬᠦᠴᠦᠨ ᠤ ᠮᠠᠰᠢᠨ᠂ 18MW ᠲᠡᠯᠡᠶ ᠶᠢᠨ ᠰᠠᠯᠬᠢᠨ ᠰᠡᠩᠰᠡ᠂ ᠨᠢᠭᠡᠨᠲᠡ 6750 ᠰᠠᠤᠷᠢ ᠰᠠᠯᠬᠢᠨ ᠬᠦᠴᠦᠨ ᠤ ᠮᠠᠰᠢᠨ ᠤ ᠦᠢᠯᠡᠳᠬᠦᠨ ᠢ ᠲᠤᠰᠢᠶᠠᠨ ᠥᠭᠴᠦ ᠰᠢᠯᠭᠠᠨ ᠪᠠᠲᠤᠯᠠᠭᠤᠯᠬᠤ ᠪᠠᠷ ᠳᠡᠮᠵᠢᠨ᠂ ᠶᠠᠰᠤ ᠴᠢᠨᠠᠷ ᠨᠢ ᠨᠢᠭᠡᠨᠲᠡ ᠣᠯᠠᠨ ᠤᠯᠤᠰ ᠤᠨ ᠲᠡᠷᠢᠭᠦᠨ ᠤ ᠬᠢᠷᠢ ᠲᠦᠪᠰᠢᠨ ᠳᠤ ᠬᠦᠷᠴᠦ᠂ ᠲᠤᠬᠠᠶ ᠶᠢᠨ ᠭᠠᠵᠠᠷ ᠤᠨ ᠰᠢᠨ᠎ᠡ ᠮᠠᠲ᠋ᠧᠷᠢᠶᠠᠯ᠂ ᠴᠢᠳᠬᠤᠬᠤ᠂ ᠬᠤᠯᠬᠤᠪᠴᠢ᠂ ᠭᠤᠯᠭᠤᠭᠤᠷ ᠵᠡᠷᠭᠡ ᠳᠡᠭᠡᠳᠦ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠬᠦᠴᠦᠲᠡᠶ ᠳᠠᠶᠢᠴᠢᠯᠠᠬᠤ ᠪᠣᠯᠤᠨ᠎ᠠ᠃      ᠲᠣᠰ ᠤᠳᠠᠭᠠᠨ ᠤ ᠳᠡᠭᠡᠳᠦ ᠰᠢᠨ᠎ᠡ ᠮᠡᠷᠭᠡᠵᠢᠯ ᠤᠨ ᠠᠷᠠᠭᠠᠲᠤ ᠬᠦᠷᠳᠦᠨ ᠤ ᠣᠶᠤᠨᠴᠢ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠠᠩᠬᠠᠳᠠᠭᠴᠢ ᠦᠢᠯᠡᠳᠬᠦᠨ ᠢ ᠵᠢᠩᠬᠢᠨᠢ ᠪᠠᠷ ᠠᠰᠢᠭᠯᠠᠯᠳᠡ ᠳᠤ ᠣᠷᠣᠭᠤᠯᠬᠤ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠂ ᠪᠤᠭᠤᠲᠤ ᠬᠤᠲᠠ ᠶᠢᠨ ︽ᠲᠤᠯᠤᠭᠠᠨ ᠶᠡᠭᠡ ᠠᠵᠢᠯᠯᠠᠭ᠎ᠠ︾ ᠶᠢ ᠨᠠᠶᠢᠳᠠᠪᠤᠷᠢᠵᠢᠭᠤᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠪᠣᠯᠬᠤ ᠪᠥᠭᠡᠳ ᠪᠠᠰᠠ ᠴᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠢᠩᠭᠠᠨ ᠳ᠋ᠦᠩᠰᠢᠭᠤᠷ ᠲᠥᠭᠦᠷᠢᠭ ᠤᠨ ᠲᠠᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠬᠢᠴᠠ ᠳᠤ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡᠨ ᠲᠣᠮᠣ ᠶᠠᠪᠤᠳᠠᠯ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︽ᠬᠤᠳᠠᠯᠳᠤᠭᠠᠴᠢᠨ ᠤᠷᠢᠬᠤ ᠶᠢ ᠠᠳᠬᠤᠵᠤ᠂ ᠲᠥᠷᠥᠯ ᠵᠦᠢᠯ ᠢ ᠡᠬᠢᠯᠡᠭᠦᠯᠵᠦ᠂ ᠠᠵᠤ ᠦᠢᠯᠡᠰ ᠢ ᠰᠢᠯᠢᠳᠡᠭᠵᠢᠭᠦᠯᠬᠦ︾ ᠠᠵᠢᠯ ᠢ ᠦᠷᠭᠦᠯᠵᠢᠯᠡᠨ ᠴᠢᠩᠭᠠᠳᠬᠠᠵᠤ᠂ ᠲᠥᠷᠥᠯ ᠵᠦᠢᠯ ᠤᠨ ᠲᠥᠪᠯᠡᠷᠡᠯ᠂ ᠠᠵᠤ ᠦᠢᠯᠡᠰ ᠤᠨ ᠰᠦᠷᠦᠭᠵᠢᠯ ᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠡᠯᠭᠦᠬᠦ ᠬᠦᠴᠦᠨ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号