ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ ᠦᠵᠡᠭᠦᠯᠭᠡ— ᠪᠠᠶ᠋ᠬᠠᠣᠪᠤᠭ᠎ᠠ ᠰᠣᠮᠣ᠄ ︽ᠤᠯᠠᠭᠠᠨ ᠠᠨᠠᠷ · ᠵᠠᠯᠠᠭᠤᠴᠤᠳ ᠬᠦᠴᠦ ᠡᠷᠬᠦᠬᠦ︾ ᠠᠵᠢᠯᠯᠠᠭ᠎ᠠ
ᠨᠡᠶᠢᠲᠡᠯᠡᠭᠰᠡᠨ ᠴᠠᠭ᠄
2024/9/29
      2023 ᠣᠨ ᠤ 6 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ︾ ᠭᠡᠵᠦ ᠵᠢᠭᠠᠵᠤ ᠭᠠᠷᠭᠠᠪᠠ᠃ ᠤᠢᠢᠷ᠎ᠠ ᠶᠢᠨ ᠵᠢᠯ ᠠᠴᠠ᠂ ᠪᠠᠶ᠋ᠬᠠᠤᠪᠤᠭ᠎ᠠ ᠰᠤᠮᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠯᠠᠨ ᠲᠦᠮᠡᠨ ᠬᠠᠮᠢᠭ᠎ᠠ ᠪᠠᠶᠢᠪᠠᠯ ᠪᠣᠯᠪᠠᠰᠤᠨ ᠤ ᠦᠢᠯᠡᠳᠦᠯᠭᠡ ᠳᠠᠷᠤᠢ ᠲᠡᠨᠳᠡ ᠬᠦᠷᠲᠡᠯ᠎ᠡ ᠦᠷᠭᠡᠳᠨ᠎ᠡ︾ ᠭᠡᠬᠦ ᠦᠢᠯᠡᠴᠢᠯᠡᠭᠡᠨ ᠤ ᠵᠣᠷᠢᠯᠲᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠲᠠᠢ ᠣᠷᠭᠠᠨᠢᠭ ᠢᠶᠠᠷ ᠤᠶᠠᠯᠳᠤᠭᠤᠯᠵᠤ᠂ ︽ᠤᠯᠠᠭᠠᠨ ᠠᠨᠠᠷ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠢᠶᠠᠷ ᠠᠴᠢᠶᠠᠯᠠᠪᠤᠷᠢ ᠪᠣᠯᠭᠠᠵᠤ᠂ ᠵᠠᠯᠠᠭᠤ ᠺᠠᠳ᠋ᠷᠴᠤᠳ ᠢ ᠰᠤᠮᠤ ᠶᠢᠨ ᠦᠨᠳᠦᠰᠦᠲᠡᠨ ᠤ ᠪᠦᠯᠬᠦᠮᠳᠡᠯ ᠤᠨ ᠦᠢᠯᠡᠰ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠶᠢ ᠬᠦᠳᠦᠯᠦᠨ ᠵᠢᠯᠣᠭᠤᠳᠴᠤ᠂ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠤᠯᠠᠨ ᠲᠦᠮᠡᠨ ᠤ ᠡᠭᠦᠳᠡᠨ ᠳᠤ ᠦᠨᠡᠨ ᠬᠦ ᠬᠦᠷᠭᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠡ ᠦᠭᠡᠢ ᠪᠠᠲᠤᠳᠬᠠᠪᠠ᠃      ᠵᠠᠯᠠᠭᠤᠴᠤᠳ ᠤᠨ ᠬᠦᠴᠦᠨ ᠢ ᠨᠢᠭᠲᠠᠷᠠᠭᠤᠯᠵᠤ᠂ ᠨᠠᠮ ᠤᠨ ᠳᠠᠭᠤᠨ ᠢ ᠳᠠᠮᠵᠢᠭᠤᠯᠤᠨ᠎ᠠ᠃ ︽ᠤᠯᠠᠭᠠᠨ ᠠᠨᠠᠷ · ᠵᠠᠯᠠᠭᠤᠴᠤᠳ ᠬᠦᠴᠦ ᠡᠷᠭᠦᠬᠦ︾ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠨᠢ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠠᠮᠢᠳᠤᠯᠢᠭ ᠪᠦᠲᠦᠮᠵᠢᠲᠡᠢ ᠪᠠᠲᠤ ᠴᠣᠭᠴᠠᠯᠠᠬᠤ ᠶᠢᠨ ᠲᠦᠯᠦᠭᠡ᠂ 5 ᠵᠠᠯᠠᠭᠤ ᠺᠠᠳ᠋ᠷ ᠢᠶᠠᠷ ᠪᠦᠷᠢᠯᠳᠦᠭᠰᠡᠨ ᠤᠯᠠᠭᠠᠨ ᠠᠨᠠᠷ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠪᠠᠶᠢᠭᠤᠯᠪᠠ᠂ ᠡᠭᠦᠨ ᠳᠤ 3 ᠤᠬᠠᠭᠤᠯᠤᠨ ᠲᠠᠶᠢᠯᠪᠤᠷᠢᠯᠠᠭᠴᠢ ᠪᠣᠯ ︽ᠤᠯᠤᠰ ᠤᠨ ᠬᠡᠦᠬᠡᠳ︾ ᠤᠨ ᠬᠤᠶᠢᠴᠢᠰ ᠪᠣᠯᠤᠨ᠎ᠠ᠃ ᠲᠡᠳᠡ ︽ᠦᠯᠢᠭᠡᠷ ᠤᠨ ᠳᠣᠲᠣᠷᠠᠬᠢ ᠬᠦᠮᠦᠨ ᠦᠯᠢᠭᠡᠷ ᠶᠠᠷᠢᠬᠤ︾ ᠬᠡᠯᠪᠡᠷᠢ ᠪᠠᠷ ᠬᠥᠮᠥᠰ ᠢ ᠨᠥᠯᠥᠭᠡᠯᠡᠵᠦ᠂ ᠨᠡᠩ ᠣᠯᠠᠨ ᠬᠥᠮᠥᠨ ᠳᠤ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠣᠷᠣᠭᠰᠠᠨ︾ ᠡᠨᠡ ᠬᠦ ᠭᠠᠶᠢᠬᠠᠮᠰᠢᠭᠲᠤ ᠲᠡᠦᠬᠡ ᠶᠢ ᠣᠶᠢᠯᠠᠭᠠᠭᠤᠯᠵᠤ᠂ ᠨᠡᠩ ᠣᠯᠠᠨ ᠰᠣᠨᠣᠰᠤᠭᠴᠢᠳ ᠲᠤ ᠣᠶᠢᠷ᠎ᠠ ᠵᠠᠢ ᠠᠴᠠ ᠦᠨᠳᠦᠰᠦᠲᠡᠨ ᠤ ᠪᠦᠯᠬᠦᠮᠳᠡᠯ ᠤᠨ ᠬᠦᠴᠦᠨ ᠴᠢᠳᠠᠯ ᠢ ᠣᠶᠢᠯᠠᠭᠠᠭᠤᠯᠪᠠ᠃      ᠵᠠᠯᠠᠭᠤᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠢᠯᠡᠷᠡᠭᠦᠯᠵᠦ᠂ ᠡᠮᠦᠨ᠎ᠡ ᠹᠷᠣᠨᠲ ᠲᠤ ᠦᠢᠯᠡᠴᠢᠯᠡᠬᠦ ᠪᠠᠷ ᠴᠢᠷᠮᠠᠶᠢᠨ᠎ᠠ᠃ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢᠳ ᠤᠯᠠᠨ ᠲᠦᠮᠡᠨ ᠳᠤ ᠦᠢᠯᠡᠴᠢᠯᠡᠬᠦ ᠪᠠᠷ ᠬᠠᠷᠠᠯᠲᠠ ᠪᠣᠯᠭᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠠᠷ ᠭᠤᠣᠯᠳᠠᠯᠭ᠎ᠠ ᠪᠣᠯᠭᠠᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠬᠦ᠂ ᠨᠡᠶᠢᠲᠡ ᠶᠢᠨ ᠠᠰᠠᠷᠠᠮᠵᠢ ᠶᠢᠨ ᠺᠢᠨᠣ᠋ ᠭᠠᠷᠭᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠯᠤᠭᠤᠳᠤᠯᠭ᠎ᠠ ᠬᠢᠬᠦ᠂ ᠡᠷᠦᠭᠡ ᠳᠤ ᠣᠷᠣᠵᠤ ᠡᠷᠬᠢᠨ ᠦᠵᠡᠵᠦ ᠲᠣᠬᠤᠨᠢᠭᠤᠯᠬᠤ᠂ ᠬᠠᠪᠤᠷ ᠤᠨ ᠲᠠᠷᠢᠶᠠᠯᠠᠭ᠎ᠠ ᠨᠠᠮᠤᠷ ᠤᠨ ᠬᠤᠷᠢᠶᠠᠯᠲᠠ ᠶᠢ ᠬᠠᠪᠰᠤᠷᠬᠤ᠂ ᠠᠯᠪᠠᠨ ᠵᠢᠷᠤᠮ ᠤᠨ ᠬᠤᠨᠢ ᠬᠠᠶᠢᠴᠢᠯᠠᠬᠤ᠂ ᠭᠡᠷ ᠲᠤ ᠨᠢ ᠬᠦᠷᠴᠦ ᠨᠠᠰᠤᠵᠢᠯ ᠤᠨ ᠠᠰᠠᠷᠠᠮᠵᠢ ᠶᠢᠨ ᠭᠡᠷᠡᠴᠢᠯᠡᠯ ᠬᠢᠬᠦ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠠᠯᠪᠠᠨ ᠵᠢᠷᠤᠮ ᠤᠨ ᠡᠮᠴᠢᠯᠡᠭᠡ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠢᠯᠡᠴᠢᠯᠡᠭᠡ ᠶᠢ ᠡᠳᠦᠷ ᠲᠤᠳᠤᠮ ᠤᠨ ᠪᠠ ᠵᠢᠵᠢᠭ ᠭᠠᠵᠠᠷ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠳᠡᠷᠭᠡᠳᠡ ᠡᠭᠦᠷᠢᠳᠡ ᠰᠠᠯᠵᠤ ᠪᠣᠯᠤᠰᠢ ᠦᠭᠡᠢ ︽ᠤᠯᠠᠭᠠᠨ ᠠᠨᠠᠷ︾ ᠪᠣᠯᠪᠠ᠃      ᠵᠠᠯᠠᠭᠤᠴᠤᠳ ᠤᠨ ᠣᠶᠤᠨ ᠤᠬᠠᠭᠠᠨ ᠢ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠤ ᠬᠦᠴᠦᠨ ᠨᠡᠮᠡᠷᠢᠯᠡᠨ᠎ᠡ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠨᠠᠶᠢᠳᠠᠪᠤᠷᠢᠲᠠᠢ ᠬᠦᠴᠦᠨ ᠪᠣᠯᠤᠭᠰᠠᠨ ᠤ ᠬᠤᠪᠢ ᠳᠤ᠂ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢᠳ ᠤᠯᠠᠭᠠᠨ ᠠᠨᠠᠷ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠤ ᠵᠠᠰᠠᠯᠲᠠ ᠶᠢᠨ ᠡᠯ᠎ᠡ ᠵᠦᠢᠯ ᠤᠨ ᠠᠵᠢᠯ ᠲᠠᠢ ᠤᠶᠠᠯᠳᠤᠭᠤᠯᠵᠤ᠂ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠲᠤᠪᠤᠶᠢᠯᠭᠠᠵᠤ᠂ ᠦᠷᠭᠦᠯᠵᠢ ᠦᠨᠳᠦᠰᠦᠨ ᠱᠠᠲᠤᠨ ᠤ ︽ᠡᠪᠰᠡᠭᠴᠢ︾᠂ ᠲᠦᠷᠦ ᠶᠢᠨ ᠪᠤᠳᠤᠯᠭ᠎ᠠ ᠶᠢᠨ ︽ᠤᠬᠠᠭᠤᠯᠤᠨ ᠲᠠᠶᠢᠯᠪᠤᠷᠢᠯᠠᠭᠴᠢ︾᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ︽ᠤᠯᠠᠮᠵᠢᠯᠠᠭᠴᠢ︾ ᠵᠡᠷᠭᠡ ᠲᠦᠷᠢ ᠲᠦᠷᠬᠦ ᠶᠢ ᠪᠠᠳᠠᠷᠠᠭᠤᠯᠬᠤ ᠶᠢᠨ ᠬᠠᠮᠲᠤ ᠡᠳᠦᠷ ᠲᠤᠳᠤᠮ ᠤᠨ ᠤᠯᠠᠨ ᠲᠦᠮᠡᠨ ᠳᠤ ᠦᠢᠯᠡᠴᠢᠯᠡᠬᠦ ᠦᠶ᠎ᠡ ᠳᠤ ᠲᠡᠳᠡ ᠬᠡᠪ ᠵᠠᠩᠰᠢᠯ ᠢ ᠥᠭᠡᠷᠡᠴᠢᠯᠡᠬᠦ᠂ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠵᠡᠷᠭᠡ ᠤᠯᠠᠨ ᠵᠦᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠰᠣᠶᠤᠯ ᠪᠣᠯᠪᠠᠰᠤᠨ ᠤ ᠦᠷ᠎ᠡ ᠶᠢ ᠭᠠᠵᠠᠷ ᠪᠣᠯᠭᠠᠨ ᠳᠤ ᠴᠡᠴᠡᠭᠯᠡᠭᠦᠯᠵᠡᠢ᠃      ︽ᠤᠯᠠᠭᠠᠨ ᠠᠨᠠᠷ · ᠵᠠᠯᠠᠭᠤᠴᠤᠳ ᠬᠦᠴᠦ ᠡᠷᠭᠦᠬᠦ︾ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠨᠢ ︽ᠤᠯᠠᠭᠠᠨ ᠠᠨᠠᠷ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠢᠶᠠᠷ ᠠᠴᠢᠶᠠᠯᠠᠪᠤᠷᠢ ᠪᠣᠯᠭᠠᠵᠤ᠂ ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠦᠷᠳᠡᠭᠡ︶᠂ ᠬᠤᠪᠢᠰᠬᠠᠯᠲᠤ ᠮᠣᠩᠭᠤᠯ ᠭᠡᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ︵ᠤᠯᠠᠭᠠᠨ ᠠᠨᠠᠷ ᠤᠨ ᠶᠠᠷᠢᠶᠠᠨ ᠤ ᠲᠠᠩᠬᠢᠮ︶ ᠲᠤ ᠲᠦᠰᠢᠭᠯᠡᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠪᠣᠯᠭᠠᠵᠤ᠂ ᠤᠯᠠᠭᠠᠨ ᠠᠨᠠᠷ ᠤᠨ ᠤᠨᠤᠯ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠷ ᠭᠤᠣᠯ ᠪᠣᠯᠭᠠᠵᠤ᠂ ᠤᠯᠠᠨ ᠬᠦᠷᠢᠶ᠎ᠡ ᠴᠠᠷᠠᠭ᠎ᠠ ᠳᠤ ᠬᠠᠮᠲᠤᠪᠠᠷ ᠬᠦᠴᠦᠯᠡᠭᠰᠡᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠯᠳᠦᠭᠦᠯᠵᠡᠢ᠃ ᠲᠦᠷᠦᠯ ᠵᠦᠢᠯ ᠢ ᠬᠡᠷᠡᠭᠵᠢᠭᠦᠯᠦᠭᠰᠡᠨ ᠠᠴᠠ ᠨᠠᠭᠠᠰᠢ᠂ ︽ᠤᠯᠠᠭᠠᠨ ᠠᠨᠠᠷ︾ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠩᠬᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ 120 ᠤᠳᠠᠭ᠎ᠠ ᠥᠷᠨᠢᠭᠦᠯᠵᠦ᠂ ᠬᠦᠯᠢᠶᠡᠨ ᠠᠪᠤᠭᠴᠢᠳ 7000 ᠬᠥᠮᠦᠨ ᠤᠳᠠᠭ᠎ᠠ ᠳᠤ ᠬᠦᠷᠪᠡ᠃ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠩᠭᠢ ᠬᠤᠭ ᠨᠣᠪᠰᠢ ᠶᠢ ᠲᠥᠷᠥᠯ ᠬᠤᠪᠢᠶᠠᠬᠤ᠂ ᠢᠳᠡᠭᠡᠨ ᠤ ᠠᠮᠤᠷ ᠲᠦᠪᠰᠢᠨ᠂ ᠵᠠᠩ ᠳᠠᠳᠬᠠᠯ ᠢ ᠥᠭᠡᠷᠡᠴᠢᠯᠡᠬᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠠᠶᠤᠯ ᠦᠭᠡᠢ ᠦᠢᠯᠡᠳᠪᠦᠷᠢᠯᠡᠯ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠵᠡᠷᠭᠡ ᠶᠢᠨ ᠲᠣᠭᠤᠷᠢᠨ ᠳᠤ ᠨᠡᠶᠢᠲᠡ 100 ᠭᠠᠷᠤᠶ ᠤᠳᠠᠭ᠎ᠠ ᠤᠬᠠᠭᠤᠯᠤᠨ ᠲᠠᠶᠢᠯᠪᠤᠷᠢᠯᠠᠵᠤ᠂ 1500 ᠭᠠᠷᠤᠶ ᠬᠥᠮᠦᠨ ᠬᠦᠯᠢᠶᠡᠨ ᠠᠪᠤᠪᠠ᠃ ᠣᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠬᠦ᠂ ᠨᠡᠶᠢᠲᠡ ᠶᠢᠨ ᠠᠰᠠᠷᠠᠮᠵᠢ ᠶᠢᠨ ᠺᠢᠨᠣ᠋ ᠭᠠᠷᠭᠠᠬᠤ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠠᠶᠤᠯ ᠲᠦᠭᠰᠢᠭᠦᠷᠢ ᠶᠢ ᠲᠡᠳᠬᠦᠨ ᠬᠦᠴᠢᠷᠳᠡᠯ ᠢ ᠲᠤᠰᠠᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠯᠣᠭᠤᠳᠤᠯᠭ᠎ᠠ ᠬᠢᠬᠦ᠂ ᠵᠥᠷᠢᠴᠡᠯ ᠢ ᠡᠶᠡᠳᠡᠭᠦᠯᠬᠦ᠂ ᠪᠣᠯᠪᠠᠰᠤᠨ ᠬᠡᠪ ᠰᠤᠷᠲᠠᠯ ᠵᠡᠷᠭᠡ ᠡᠯ᠎ᠡ ᠲᠥᠷᠥᠯ ᠤᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ 90 ᠭᠠᠷᠤᠶ ᠲᠠᠯᠠᠪᠤᠷ ᠤᠳᠠᠭ᠎ᠠ ᠪᠠᠶᠢᠩᠭᠤᠵᠢᠭᠤᠯᠤᠨ ᠥᠷᠨᠢᠭᠦᠯᠵᠦ᠂ ᠡᠯᠪᠡᠭ ᠪᠠᠶᠠᠯᠢᠭ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠨᠢᠭᠲᠠ ᠪᠦᠯᠬᠦᠮᠳᠡᠭᠦᠯᠵᠦ᠂ ᠠᠨᠠᠷ ᠤᠨ ᠦᠷ᠎ᠡ ᠰᠢᠭ᠂ ᠰᠡᠳᠬᠢᠯ ᠨᠢᠭᠡᠲᠡᠢ ᠪᠠᠶᠢᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠥᠷᠭᠡᠨ ᠳᠡᠯᠭᠡᠷ ᠵᠥᠪᠰᠢᠶᠡᠷᠡᠯ ᠪᠠ ᠳᠡᠮᠵᠢᠯᠭᠡ ᠶᠢ ᠣᠯᠤᠭᠰᠠᠨ ᠪᠠᠶᠢᠨ᠎ᠠ᠃ ᠡᠭᠦᠨ ᠤ ᠬᠠᠮᠲᠤ᠂ ᠪᠠᠰᠠ ᠨᠡᠩ ᠤᠯᠠᠨ ᠵᠠᠯᠠᠭᠤ ᠨᠠᠶᠢᠵᠠ ᠨᠠᠷ ᠶᠢ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡᠨ ᠳᠤ ᠣᠷᠤᠬᠤ ᠶᠢ ᠲᠠᠲᠠᠵᠤ᠂ ᠨᠡᠶᠢᠭᠡᠮ ᠤᠨ ᠢᠳᠡᠪᠬᠢ ᠬᠦᠴᠦᠨ ᠢ ᠤᠯᠠᠮᠵᠢᠯᠠᠵᠤ᠂ ᠵᠠᠯᠠᠭᠤᠴᠤᠳ ᠤᠨ ᠡᠭᠦᠷᠭᠡᠯᠡᠯ ᠢ ᠲᠠᠶᠢᠯᠪᠤᠷᠢᠯᠠᠪᠠ᠃      ᠪᠠᠶ᠋ᠬᠠᠤᠪᠤᠭ᠎ᠠ ᠰᠤᠮᠤ ᠦᠷᠭᠦᠯᠵᠢᠯᠡᠨ ︽ᠤᠯᠠᠭᠠᠨ ᠠᠨᠠᠷ · ᠵᠠᠯᠠᠭᠤᠴᠤᠳ ᠬᠦᠴᠦ ᠡᠷᠭᠦᠬᠦ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠢᠶᠠᠷ ᠭᠠᠷᠳᠠᠴᠠ ᠪᠣᠯᠭᠠᠵᠤ᠂ ᠵᠠᠯᠠᠭᠤᠴᠤᠳ ᠤᠨ ᠬᠦᠴᠦᠨ ᠢ ᠨᠢᠭᠲᠠᠷᠠᠭᠤᠯᠵᠤ᠂ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ︽ᠤᠯᠠᠭᠠᠨ ᠠᠨᠠᠷ︾ ᠨᠡᠷᠡᠲᠦ ᠲᠡᠮᠳᠡᠭᠲᠦ ᠢ ᠭᠡᠷᠡᠯᠳᠦᠬᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠤᠯᠠᠮ ᠨᠢᠭᠲᠠ ᠬᠠᠷᠢᠯᠴᠠᠵᠤ᠂ ᠬᠥᠮᠦᠰ ᠤᠨ ᠬᠦᠴᠦᠨ ᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠦᠷᠭᠦᠯᠵᠢᠯᠡᠨ ᠬᠦᠴᠦ ᠲᠥᠪᠯᠡᠷᠡᠭᠦᠯᠦᠨ ᠶᠠᠷᠢᠬᠤ ᠳᠤ ᠴᠢᠳᠠᠮᠠᠭᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠥᠨᠳᠥᠷ ᠲᠦᠪᠰᠢᠨ ᠪᠦᠬᠦᠢ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠪᠠᠶᠢᠭᠤᠯᠤᠨ᠂ ᠬᠠᠷᠢᠶ᠎ᠠ ᠣᠷᠣᠨ ᠤ ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠦᠢᠯᠡ ᠠᠵᠢᠯᠯᠠᠭ᠎ᠠ ᠶᠢ ᠭᠦᠨᠵᠡᠭᠡᠢ ᠠᠭᠤᠳᠠᠯᠵᠤ ᠂ ᠳᠡᠷᠭᠡᠳᠡᠬᠢ ᠠᠮᠢᠳᠤᠯᠢᠭ ᠵᠢᠱᠢᠶ᠎ᠡ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠦᠯᠬᠦᠮᠳᠡᠨ ᠨᠢᠭᠡᠳᠴᠦ᠂ ᠬᠠᠷᠢᠯᠴᠠᠨ ᠬᠠᠪᠰᠤᠷᠤᠯᠴᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠲᠤᠬᠠᠢ ᠮᠡᠳᠡᠷᠡᠨ ᠵᠥᠪᠰᠢᠶᠡᠷᠡᠬᠦ ᠰᠡᠳᠬᠢᠯᠭᠡ ᠪᠠ ᠪᠠᠭ᠋ᠠᠳᠤᠯᠲᠤ ᠰᠡᠳᠬᠢᠯᠭᠡ ᠶᠢ ᠦᠷᠭᠦᠯᠵᠢᠯᠡᠨ ᠨᠡᠮᠡᠭᠳᠡᠭᠦᠯᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号