ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠵᠤ ᠵᠢᠶᠠ ᠪᠦᠦ ᠯᠢᠶᠠᠩ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/9/29
      9 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠰᠤᠳᠤᠯᠤᠨ ᠶᠠᠷᠢᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠮᠠ ᠯᠢ᠂ ᠯᠢᠦ ᠯᠢᠶᠠᠩ᠂ ᠪᠦᠷᠢᠨ᠂ ᠲᠠᠢ ᠬᠠᠢ ᠶᠠᠨ ᠰᠤᠷᠤᠯᠴᠠᠯᠭ᠎ᠠ ᠶᠢᠨ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠲᠤᠰ ᠪᠡᠶ᠎ᠡ ᠶᠢᠨ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠲᠤᠰ ᠠᠳᠠᠯᠢ ᠪᠤᠰᠤ ᠬᠠᠷᠠᠭᠠᠰᠤ ᠠᠴᠠ ᠰᠠᠨᠠᠯ ᠢᠶᠠᠨ  ᠰᠤᠯᠢᠯᠴᠠᠨ ᠶᠠᠷᠢᠶ᠎ᠠ ᠲᠠᠯᠪᠢᠵᠤ᠂ ᠪᠤᠰᠤᠳ ᠭᠤᠣᠯ ᠳᠤᠭᠤᠶᠢᠯᠠᠩ ᠤᠨ  ᠭᠡᠰᠢᠭᠦᠳ ᠶᠠᠷᠢᠶ᠎ᠠ ᠲᠠᠯᠪᠢᠬᠤ ᠪᠢᠴᠢᠭ ᠮᠠᠲ᠋ᠧᠷᠢᠶᠠᠯ ᠢᠶᠠᠨ ᠲᠤᠰᠢᠶᠠᠪᠠ᠃   ᠬᠤᠷᠠᠯ ᠠᠴᠠ  ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠣᠯ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠪᠣᠯᠤᠨ᠎ᠠ᠃ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠬᠤ ᠶᠢ ᠪᠠᠷᠢᠮᠲᠠᠯᠠᠵᠤ᠂ ᠪᠣᠳᠠᠲᠠᠢ ᠬᠡᠷᠡᠭᠵᠢᠭᠦᠯᠵᠦ ᠪᠣᠯᠬᠤᠶᠢᠴᠠ ᠠᠵᠢᠯ ᠤᠨ ᠰᠡᠳᠬᠢᠴᠡ ᠪᠣᠯᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠦᠵᠡᠯ ᠰᠠᠨᠠᠭᠠᠨ ᠤ ᠰᠠᠭᠤᠷᠢ ᠪᠠᠨ ᠪᠥᠬᠦ ᠲᠠᠯ᠎ᠠ ᠪᠠᠷ ᠪᠠᠬᠢᠵᠢᠭᠦᠯᠵᠦ᠂ ᠦᠨᠳᠦᠰᠦᠲᠡᠨ ᠤ ᠪᠦᠯᠬᠦᠮᠳᠡᠯ ᠬᠢᠭᠡᠳ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠲᠡᠤᠬᠡ ᠶᠢ ᠭᠦᠨᠵᠡᠭᠡᠶ ᠠᠭᠤᠳᠠᠯᠬᠤ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠶᠢ ᠣᠷᠣᠭᠤᠯᠬᠤ︾ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠠᠬᠢᠭᠤᠯᠬᠤ ᠶᠢᠨ ᠬᠠᠮᠲᠤ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢ ᠰᠠᠶᠢᠲᠤᠷ ᠭᠡᠷᠡᠭᠯᠡᠨ  ᠠᠮᠢᠳᠤᠯᠢᠭ ᠢᠶᠠᠷ ᠬᠡᠷᠡᠭᠯᠡᠵᠦ᠂ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠰᠠᠶᠢᠲᠤᠷ ᠶᠠᠷᠢᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠪᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠠᠶᠢᠲᠤᠷ ᠳᠡᠯᠭᠡᠷᠡᠭᠦᠯᠵᠦ᠂ ᠦᠨᠳᠦᠰᠦᠲᠡᠨ ᠤ ᠪᠦᠯᠬᠦᠮᠳᠡᠯ ᠢᠶᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号