ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/29
      9 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠠᠵᠢᠯ ᠤᠨ ᠳ᠋ᠦᠩᠨᠡᠯᠲᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠡᠴᠠ‌ᠵᠢᠭᠠᠵᠤ ᠭᠠᠷᠭᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠯᠠᠪᠳᠠᠭᠤᠨ ᠪᠠᠲᠤᠲᠠᠶ ᠠᠬᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢᠳᠡᠪᠬᠢᠲᠡᠶ ᠣᠷᠣᠯᠴᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠯᠡᠳᠲᠡ ᠦᠷ᠎ᠡ ᠪᠦᠲᠦᠮᠵᠢ ᠤᠯᠪᠠ᠃ ᠰᠤᠷᠤᠯᠴᠠᠯᠭ᠎ᠠ ᠶᠢ ᠡᠭᠦᠷᠢᠳᠡ ᠵᠤᠬᠰᠤᠰᠢ ᠦᠭᠡᠢ ᠰᠤᠷᠤᠯᠴᠠᠵᠤ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ ᠲᠤᠬᠠᠢ ᠰᠠᠨᠠᠯ︾ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠷᠰᠢᠯᠭ᠎ᠠ ᠠᠷᠭ᠎ᠠ ᠬᠢᠳᠡᠯ ᠢ ᠰᠠᠶᠢᠲᠤᠷ ᠳ᠋ᠦᠩᠨᠡᠨ ᠬᠡᠷᠡᠭᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤᠵᠢᠭᠤᠯᠤᠨ ᠤᠷᠳᠤ  ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠤᠯᠴᠠᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂  ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠰᠤᠷᠤᠯᠴᠠᠬᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ ᠂ ᠰᠠᠬᠢᠯᠭ᠎ᠠ ᠪᠠᠲᠤ ᠶᠢᠨ ᠬᠥᠮᠦᠵᠢᠯ ᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠨ᠂ ᠨᠠᠮ ᠤᠨ ᠭᠡᠰᠢᠭᠦᠨ ᠤ ᠰᠤᠷᠤᠯᠴᠠᠯᠭ᠎ᠠ ᠶᠢ ᠰᠠᠶᠢᠲᠤᠷ ᠠᠳᠬᠤᠵᠤ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠬᠡᠯᠪᠡᠷᠢ ᠶᠢ ᠰᠠᠶᠢᠲᠤᠷ ᠠᠰᠢᠭᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠦᠷᠭᠦᠯᠵᠢᠯᠡᠨ ᠰᠠᠬᠢᠯᠭ᠎ᠠ ᠪᠠᠲᠤ ᠶᠢ ᠰᠤᠷᠤᠯᠴᠠᠭᠤᠯᠵᠤ᠂ ᠤᠨᠢᠨ ᠳᠡᠭᠡᠷ᠎ᠡ ᠨᠢ ᠰᠠᠬᠢᠯᠭ᠎ᠠ ᠪᠠᠲᠤ ᠶᠢ ᠣᠶᠢᠯᠠᠭᠠᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ  ᠰᠠᠬᠢᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠢ ᠬᠥᠮᠦᠵᠢᠭᠦᠯᠦᠨ ᠵᠢᠯᠣᠭᠤᠳᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠬᠦ ᠪᠠ ᠬᠠᠮᠠᠭᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯ ᠤᠨ ᠦᠷ᠎ᠡ ᠪᠦᠲᠦᠮᠵᠢ ᠳᠡᠭᠡᠷ᠎ᠡ ᠢᠯᠡᠷᠡᠭᠦᠯᠵᠦ᠂ ᠰᠤᠷᠤᠯᠴᠠᠯᠭ᠎ᠠ ᠬᠥᠮᠦᠵᠢᠯ ᠢᠶᠠᠷ ᠳᠠᠮᠵᠢᠭᠤᠯᠤᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂  ᠲᠤᠰ ᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠬᠦ ᠬᠡᠷᠡᠭᠲᠡᠢ᠃ ᠳᠡᠭᠡᠳᠦ ᠱᠠᠲᠤᠨ ᠤ ᠲᠣᠬᠢᠷᠠᠭᠤᠯᠤᠯᠲᠠ ᠶᠣᠰᠣᠭᠠᠷ᠂ ᠮᠠᠨ ᠤ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠳᠡᠭᠡᠳᠦ ᠱᠠᠲᠤᠨ ᠤ ᠱᠠᠭᠠᠷᠳᠠᠯᠭ᠎ᠠ ᠲᠠᠢ ᠤᠶᠠᠯᠳᠤᠭᠤᠯᠤᠨ ᠲᠦᠷᠢᠮ ᠲᠣᠭᠲᠠᠭᠠᠯ ᠲᠣᠭᠲᠠᠭᠠᠬᠤ ᠶᠢ ᠰᠠᠶᠢᠲᠤᠷ ᠠᠳᠬᠤᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠥᠬᠦ ᠬᠤᠰᠢᠭᠤᠨ ᠤ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号