ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠯ᠎ᠡ
ᠨᠡᠶᠢᠲᠡᠯᠡᠭᠰᠡᠨ ᠴᠠᠭ᠄
2024/9/3
      9 ᠰᠠᠷ᠎ᠠ ᠶᠢᠨ2 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠯ᠎ᠡ ᠲᠤᠮᠳᠠᠳᠦ ᠪᠠᠭ᠎ᠠ ᠰᠤᠷᠭᠠᠭᠤᠯᠢ ᠬᠡᠥᠬᠡᠳ ᠤᠨ ᠴᠡᠴᠡᠷᠯᠢᠭ2024 ᠤᠨ ᠤ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠭᠰᠡᠨ ᠠᠩᠬᠠᠨ  ᠤ ᠡᠳᠦᠷ ᠢᠶᠠᠨ ᠤᠭᠳᠤᠨ ᠠᠪᠴᠢᠷᠠᠵᠦ᠂ ᠨᠠᠮ ᠵᠢᠮ ᠪᠠᠶᠢᠭᠰᠠᠨ ᠰᠤᠷᠭᠠᠭᠤᠯᠢ ᠶᠢᠨ ᠬᠦᠷᠢᠶ᠎ᠡ ᠨᠢ ᠬᠦᠷ ᠬᠦᠭᠵᠢᠶᠡᠨ  ᠢᠶᠠᠷ ᠪᠢᠯᠬᠠᠯ᠎ᠠ᠃      ᠡᠯ᠎ᠡ ᠰᠤᠷᠭᠠᠭᠤᠯᠢ᠂ ᠬᠡᠥᠬᠡᠳ ᠤᠨ ᠴᠡᠴᠡᠷᠯᠢᠭ ᠨᠢ᠂ ᠪᠠᠭᠰᠢ ᠨᠠᠷ ᠪᠠᠰᠠ ᠤᠯᠠᠨ ᠶᠠᠩᠵᠦ ᠶᠢᠨ ᠬᠡᠯᠪᠡᠷᠢ ᠲᠠᠢ ᠂ ᠪᠠᠶᠠᠯᠢᠭ ᠠᠭᠤᠯᠭ᠎ᠠ ᠲᠠᠢ ᠰᠤᠷᠤᠯᠭ᠎ᠠ ᠡᠬᠢᠯᠡᠬᠦ ᠨᠢᠭᠡᠳᠦᠭᠡᠷ ᠬᠢᠴᠢᠶᠡᠯ ᠤᠨ ᠭᠤᠤᠯ ᠰᠡᠳᠦᠪᠳᠦ ᠬᠦᠳᠡᠯᠭᠡᠭᠡᠨ ᠦᠷᠨᠢᠭᠦᠯᠪᠡ᠃
微信图片_20240903091957.jpg
      ᠰᠢᠨ᠎ᠡ ᠨᠢᠭᠡᠨ ᠬᠤᠭᠤᠴᠠᠭᠠᠨ ᠤ ᠬᠢᠴᠢᠶᠡᠯ ᠤᠨ ᠲᠠᠩᠬᠢᠮ ᠨᠢ ᠬᠦᠷ ᠬᠦᠭᠵᠢᠶᠡᠨᠳᠦ ᠢᠳᠡᠪᠬᠢᠳᠡᠢ ᠠᠭᠤᠷ ᠠᠮᠢᠰᠬᠤᠯ ᠢᠶᠠᠷ ᠲᠦᠭᠦᠷᠡᠩ ᠪᠢᠯᠠᠬᠠᠵᠦ᠂ ᠰᠤᠷᠤᠭᠴᠢᠳ ᠬᠢᠴᠢᠶᠡᠯ ᠢᠶᠠᠨ ᠠᠩᠬᠠᠷᠤᠨ ᠰᠤᠨᠤᠰᠴᠦ᠂ ᠪᠠᠭᠰᠢ ᠨᠠᠷ ᠴᠦ ᠬᠢᠴᠢᠶᠡᠯ ᠢᠶᠠᠨ ᠭᠦᠢᠴᠡᠳ ᠪᠡᠯᠡᠳᠭᠡᠵᠦ᠂ ᠨᠠᠷᠢᠨ ᠨᠢᠨᠠᠮᠠᠭᠠᠢ ᠤᠪᠤᠷ ᠪᠠ ᠤᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ ᠨᠢᠭᠡᠨ ᠬᠤᠭᠤᠴᠠᠭᠠᠨ ᠤ ᠠᠵᠢᠯ ᠢᠶᠠᠨ ᠡᠬᠢᠯᠡᠭᠦᠯᠦᠯ᠎ᠡ᠃      ᠡᠶᠢᠨᠬᠦ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠢᠨ᠎ᠡ ᠭᠠᠷᠤᠭ᠎ᠠ ᠰᠢᠨ᠎ᠡ ᠠᠶᠠᠨ ᠳᠠᠭᠠᠨ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠦᠬᠦᠶᠢᠯᠡ ᠰᠤᠷᠤᠭᠴᠢᠳ ᠴᠡᠭᠡᠵᠢ ᠲᠦᠭᠦᠷᠡᠩ ᠢᠳᠡᠭᠡᠯ ᠬᠦᠰᠡᠯ ᠢ ᠡᠪᠦᠷᠯᠡᠨ ᠠᠯᠬᠤᠨ ᠤᠷᠤᠯ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号