ᠰᠤᠷᠪᠤᠯᠵᠢᠯᠠᠭᠳᠠᠭᠴᠢ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠠᠨ ᠯᠢ ᠰᠢᠨ | ᠰᠣᠷᠪᠣᠯᠵᠢᠯᠠᠭᠰᠠᠨ ᠴᠠᠭ᠄ 2024 ᠣᠨ ᠤ 8 ᠳ᠋ᠤᠭᠠᠷ ᠰᠠᠷ᠎ᠠ ᠶᠢᠨ 22 ᠤᠨ ᠡᠳᠦᠷ | ᠬᠥᠲᠦᠯᠦᠭᠴᠢ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ 2024 ᠣᠨ ᠳᠤ ᠶᠠᠮᠠᠷ ᠶᠠᠮᠠᠷ | ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠪᠤᠢ︖ | ᠰᠤᠷᠪᠤᠯᠵᠢᠯᠠᠭᠳᠠᠭᠴᠢ᠄ | ︵ᠨᠢᠭᠡ︶ ᠬᠢᠨᠠᠨ ᠬᠡᠮᠵᠢᠯᠲᠡ ᠶᠢ ᠠᠳᠬᠤᠵᠤ᠂ ᠠᠵᠢᠯᠯᠠᠭᠠᠨ ᠢ ᠪᠠᠲᠤᠯᠠᠨ᠂ ᠠᠵᠤ ᠦᠢᠯᠡᠳᠪᠦᠷᠢ ᠶᠢᠨ ᠠᠵᠤ | ᠠᠬᠤᠢ ᠯᠠᠪᠳᠠᠭᠤᠨ ᠪᠦᠭᠡᠳ ᠬᠦᠴᠦᠲᠡᠢ ᠪᠠᠶᠢᠪᠠ | ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠢ ᠣᠨᠣᠪᠴᠢᠲᠠᠶ ᠠᠳᠬᠤᠵᠤ᠂ ᠠᠵᠤ | ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠢ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠪᠠᠲᠤᠯᠠᠵᠤ᠂ | ᠨᠡᠮᠡᠭᠳᠡᠯ ᠤᠨ ︽ᠠᠵᠢᠯ︾ ᠢ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢ | ᠪᠠᠲᠤᠯᠠᠪᠠ᠃ ᠳᠡᠭᠡᠳᠦ ᠱᠠᠲᠤᠨ ᠤ ᠨᠢᠭᠡᠳᠦᠯᠲᠡᠶ ᠪᠦᠷᠢᠳᠬᠡᠯ ᠤᠨ ᠪᠠᠶᠢᠳᠠᠯ᠄ ᠠᠵᠤ ᠦᠢᠯᠡᠳᠪᠦᠷᠢ ᠶᠢᠨ ᠠᠵᠤ | ᠠᠬᠤᠶᠢᠯᠠᠯ ᠰᠢᠨ᠎ᠡ ᠪᠠᠷ ᠪᠠᠶᠢᠭᠤᠯᠤᠭᠳᠠᠭᠰᠠᠨ ᠲᠤᠭ᠎ᠠ ᠬᠡᠮᠵᠢᠶ᠎ᠡ ᠨᠡᠶᠢᠲᠡ 4 ᠪᠠᠶᠢᠵᠤ᠂ ᠲᠣᠰ ᠲᠣᠰ ᠳ᠋ᠠ ᠴᠢᠶᠠᠨ | ᠪᠥᠸᠧ᠂ ᠮᠧᠩ ᠳ᠋ᠠ ᠮᠠᠯ ᠠᠵᠤ ᠠᠬᠤᠶ ᠶᠢᠨ ᠮᠢᠬ᠎ᠠ᠂ ᠯᠢ ᠴᠢᠶᠠᠩ ᠠᠵᠤ ᠦᠢᠯᠡᠳᠪᠦᠷᠢ ᠠᠷᠠᠯᠵᠢᠶ᠎ᠠ᠂ ᠪᠦᠦ ᠬᠤᠩ | ᠠᠭᠤᠷᠬᠠᠶ ᠶᠢᠨ ᠦᠢᠯᠡᠰ ᠪᠣᠯᠤᠨ᠎ᠠ᠃ ᠠᠵᠤ ᠠᠬᠤᠶ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠄ | 2024 ᠣᠨ ᠤ 6 ᠳ᠋ᠤᠭᠠᠷ ᠰᠠᠷ᠎ᠠ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ 8.09 ᠳ᠋ᠦᠩᠰᠢᠭᠤᠷ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 42.83 % ᠪᠠᠷ ᠨᠡᠮᠡᠭᠳᠡᠪᠡ᠃ 2024 ᠣᠨ ᠤ 1 — 6 ᠳ᠋ᠤᠭᠠᠷ | ᠰᠠᠷ᠎ᠠ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 35. | 31 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ ᠪᠠᠨ 16.46% ᠪᠠᠷ ᠨᠡᠮᠡᠭᠳᠡᠪᠡ᠃ 2024 ᠣᠨ ᠤ 6 ᠳ᠋ᠤᠭᠠᠷ ᠰᠠᠷ᠎ᠠ ᠶᠢᠨ | ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠴᠡᠪᠡᠷ ᠡᠨᠧᠷᠭᠢ ᠶᠢᠨ ᠠᠵᠤ ᠠᠬᠤᠶᠢᠯᠠᠯ ᠨᠡᠶᠢᠲᠡ 38.5 ᠳ᠋ᠦᠩᠰᠢᠭᠤᠷ | ᠺᠢᠯᠣᠸᠠᠲ ᠴᠠᠭ ᠴᠠᠬᠢᠯᠭᠠᠨ ᠭᠠᠷᠭᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 51.1 ᠳ᠋ᠦᠩᠰᠢᠭᠤᠷ | ᠺᠢᠯᠣᠸᠠᠲ ᠴᠠᠭ ᠠᠴᠠ 24.66 % ᠪᠠᠷ ᠪᠠᠭᠤᠷᠠᠪᠠ᠃ | ︵ᠬᠤᠶᠠᠷ︶ ᠲᠥᠷᠥᠯ ᠵᠦᠢᠯ ᠢ ᠠᠳᠬᠤᠵᠤ᠂ ᠬᠥᠭᠵᠢᠯᠲᠡ ᠶᠢ ᠠᠬᠢᠭᠤᠯᠤᠨ᠂ ᠠᠵᠤ ᠦᠢᠯᠡᠳᠪᠦᠷᠢ ᠶᠢᠨ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠡ | ᠨᠢᠭᠡ ᠳᠤ᠂ ᠮᠠᠨ ᠤ ᠲᠣᠪᠴᠢᠶ᠎ᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 5 ᠠᠵᠤ ᠦᠢᠯᠡᠳᠪᠦᠷᠢ ᠶᠢᠨ | ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠡᠭᠦᠨ ᠳᠤ ᠦᠷᠭᠦᠯᠵᠢᠯᠡᠨ ᠪᠠᠶᠢᠭᠤᠯᠬᠤ ᠲᠥᠷᠥᠯ ᠵᠦᠢᠯ 2᠂ | ᠰᠢᠨ᠎ᠡ ᠪᠠᠷ ᠪᠠᠶᠢᠭᠤᠯᠬᠤ ᠲᠥᠷᠥᠯ ᠵᠦᠢᠯ 3 ᠪᠣᠶ᠃ ᠬᠤᠶᠠᠷ ᠲᠡᠮᠦᠷ ᠤᠨ ᠬᠠᠶᠢᠯᠤᠰᠢ ᠶᠢᠨ ᠲᠥᠷᠥᠯ ᠵᠦᠢᠯ ᠢ | ᠳᠠᠭᠠᠭᠠᠴᠢᠯᠠᠨ ᠬᠠᠷᠢᠯᠴᠠᠪᠠ᠃ 1. ᠦᠷᠭᠦᠯᠵᠢᠯᠡᠨ ᠪᠠᠶᠢᠭᠤᠯᠬᠤ ᠲᠥᠷᠥᠯ ᠵᠦᠢᠯ᠄ ① ᠪᠤᠭᠤᠲᠤ ᠶᠢᠨ ᠪᠣᠯᠣᠳ | ᠲᠡᠮᠦᠷ ᠤᠨ ᠰᠠᠨ ᠾᠧ ᠮᠢᠩ ᠠᠭᠤᠷᠬᠠᠶ ᠶᠢᠨ ᠦᠢᠯᠡᠰ ᠤᠨ ᠵᠢᠯ ᠤᠨ ᠭᠠᠷᠤᠯᠲᠠ 150 ᠲᠦᠮᠡᠨ ᠲᠣᠨ ᠲᠡᠮᠦᠷ ᠤᠨ | ᠠᠭᠤᠷᠬᠠᠶ ᠶᠢᠨ ᠠᠭᠤᠷᠬᠠᠶ ᠮᠠᠯᠲᠠᠬᠤ ᠲᠥᠷᠥᠯ ᠵᠦᠢᠯ᠃ ② ᠬᠠᠢ ᠳ᠋ᠠ ᠰᠢᠨ᠎ᠡ ᠮᠠᠲ᠋ᠧᠷᠢᠶᠠᠯ ᠤᠨ ᠵᠢᠯ ᠤᠨ | ᠭᠠᠷᠤᠯᠲᠠ ᠨᠢ 3 ᠲᠦᠮᠡᠨ ᠲᠣᠨ ᠯᠢᠲ᠋ᠢ ᠢᠶᠣᠨ ᠤ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠤᠨ ᠲᠥᠷᠥᠯ ᠵᠦᠢᠯ | ᠃ 2. ᠰᠢᠨ᠎ᠡ ᠪᠠᠷ ᠪᠠᠶᠢᠭᠤᠯᠬᠤ ᠲᠥᠷᠥᠯ ᠵᠦᠢᠯ᠄ ① ᠼᠧ ᠴᠧᠩ ᠤᠯᠠᠭᠠᠨᠲᠤᠯᠤᠭᠠᠢ ᠶᠢᠨ ᠵᠡᠰ ᠨᠢᠺᠧᠯ | ᠠᠭᠤᠷᠬᠠᠢ ᠶᠢᠨ 45 ᠲᠦᠮᠡᠨ ᠲᠣᠨ / ᠵᠢᠯ ᠮᠠᠯᠲᠠᠨ ᠰᠣᠩᠭᠤᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃ | ② ᠯᠧᠢ ᠰᠢᠨ ᠠᠭᠤᠷᠬᠠᠢ ᠶᠢᠨ ᠦᠢᠯᠡᠰ ᠤᠨ ᠬᠠᠷ᠎ᠠ ᠤᠪᠤᠭ᠎ᠠ ᠠᠭᠤᠷᠬᠠᠢ ᠶᠢᠨ ᠣᠷᠣᠨ ᠤ ᠰᠠᠶᠢᠷᠭᠠᠯ ᠬᠤᠳᠳᠤᠭ | ᠲᠡᠮᠦᠷ ᠤᠨ ᠠᠭᠤᠷᠬᠠᠢ ᠶᠢᠨ ᠵᠢᠯ ᠳᠤ 30 ᠲᠦᠮᠡᠨ ᠲᠣᠨ ᠲᠡᠮᠦᠷ ᠤᠨ ᠬᠦᠳᠡᠷ ᠮᠠᠯᠲᠠᠬᠤ ᠪᠠ ᠢᠵᠢ ᠪᠦᠷᠢᠳᠦᠭᠦᠯᠦᠨ | ᠰᠣᠩᠭᠤᠬᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃ ③ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠡᠬᠢ ᠪᠠᠶᠠᠯᠢᠭ ᠤᠨ ᠪᠣᠬᠢᠷᠲᠤᠯ ᠥᠬᠡᠶ ᠡᠮᠬᠢᠯᠡᠨ ᠨᠡᠶᠢᠯᠡᠭᠦᠯᠵᠦ ᠠᠰᠢᠭᠯᠠᠬᠤ ᠲᠥᠷᠥᠯ | ᠵᠦᠢᠯ᠃ ᠪᠦᠷ ᠡᠮᠬᠢ ᠵᠢᠷᠤᠮ ᠲᠠᠢ ᠶᠠᠪᠤᠭᠳᠠᠵᠤ ᠪᠣᠢ᠃ 3. ᠬᠤᠶᠠᠷ ᠲᠡᠮᠦᠷ ᠤᠨ ᠬᠠᠶᠢᠯᠤᠰᠢ ᠶᠢᠨ ᠲᠥᠷᠥᠯ ᠵᠦᠢᠯ᠄ | ① ᠲᠦᠸᠧ ᠬᠤᠩ ᠲᠡᠮᠦᠷ ᠤᠨ ᠬᠠᠶᠢᠯᠤᠰᠢ ᠶᠢᠨ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠤᠨ ᠴᠢᠨᠠᠷ ᠰᠠᠶᠢᠲᠠᠢ | ᠬᠥᠭᠵᠢᠬᠦ ᠲᠥᠷᠥᠯ ᠵᠦᠢᠯ᠃ ② ᠴᠢᠶᠦ᠋ᠨ ᠰᠢᠶᠠᠨ ᠪᠣᠬᠢᠷᠲᠤᠯ ᠥᠬᠡᠶ ᠬᠠᠶᠢᠯᠤᠰᠢ ᠶᠢᠨ ᠲᠥᠷᠥᠯ ᠵᠦᠢᠯ᠃ | ᠬᠤᠶᠠᠷ ᠲᠤ᠂ ᠮᠡᠳᠡᠭᠡ ᠵᠠᠩᠭᠢᠵᠢᠯᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠶᠡᠭᠡ ᠪᠠᠷ ᠠᠬᠢᠭᠤᠯᠪᠠ᠄ | ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠵᠥᠪᠰᠢᠶᠡᠷᠡᠭᠰᠡᠨ 37 ᠰᠠᠭᠤᠷᠢ 5G | ᠲᠡᠮᠦᠷ ᠰᠤᠪᠤᠷᠭ᠎ᠠ ᠶᠢᠨ ᠲᠥᠷᠥᠯ ᠵᠦᠢᠯ ᠢ ᠳᠠᠭᠠᠵᠤ᠂ ᠣᠳᠣᠬᠠᠨ ᠳᠤ ᠷᠠᠳᠢᠣ᠋ ᠲᠧᠯᠸᠢᠰ ᠤᠨ ᠺᠣᠮᠫᠠᠨᠢ ᠠᠴᠠ | ᠳᠠᠭᠠᠭᠠᠴᠢᠯᠠᠨ ᠪᠠᠶᠢᠭᠤᠯᠤᠭᠰᠠᠨ 30 ᠰᠠᠭᠤᠷᠢ ᠥᠷᠲᠡᠭᠡ ᠠᠴᠠ ᠨᠢᠭᠡᠨᠲᠡ 5 ᠰᠠᠭᠤᠷᠢ ᠶᠢ ᠨᠢ ᠪᠡᠶᠡᠯᠡᠭᠦᠯᠪᠡ︔ | ᠪᠠᠯᠭᠠᠰᠤ ᠲᠤᠭᠤᠷᠢᠭ ᠤᠨ ᠵᠠᠮ ᠱᠤᠭᠤᠮ ᠢ ᠴᠡᠭᠴᠡᠯᠡᠨ ᠵᠠᠰᠠᠬᠤ ᠠᠵᠢᠯ ᠪᠠ ᠬᠤᠭᠤᠯᠠᠢ ᠱᠤᠭᠤᠮ ᠤᠨ ᠭᠠᠵᠠᠷ | ᠳᠣᠣᠷᠠᠬᠢ ᠠᠵᠢᠯ ᠢ ᠠᠯᠬᠤᠮ ᠠᠯᠬᠤᠮ ᠢᠶᠠᠷ ᠠᠬᠢᠭᠤᠯᠵᠤ᠂ ᠣᠳᠣᠬᠠᠨ ᠳᠤ ᠨᠢᠭᠡᠨᠲᠡ ᠶᠡᠷᠦᠩᠬᠡᠢ ᠠᠵᠢᠯ ᠤᠨ | ᠬᠡᠮᠵᠢᠶ᠎ᠡ ᠶᠢᠨ 70% ᠠᠴᠠ ᠳᠡᠭᠡᠭᠰᠢᠬᠢ ᠶᠢ ᠨᠢ ᠪᠡᠶᠡᠯᠡᠭᠦᠯᠪᠡ᠃ ᠭᠤᠷᠪᠠ ᠳᠤ᠂ ᠪᠣᠬᠢᠷᠲᠤᠯ ᠥᠬᠡᠶ ᠵᠢᠱᠢᠶ᠎ᠡ | ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠪᠡ᠄ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠪᠣᠬᠢᠷᠲᠤᠯ ᠥᠬᠡᠶ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ | ᠠᠬᠢᠭᠤᠯᠵᠤ᠂ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠡᠨᠧᠷᠭᠢ ᠠᠷᠪᠢᠯᠠᠬᠤ ᠤᠰᠤ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠥᠷᠨᠢᠭᠦᠯᠬᠦ ᠶᠢ ᠵᠣᠷᠢᠭᠵᠢᠭᠤᠯᠵᠤ᠂ ᠱᠢ ᠪᠦᠦ ᠲᠡᠮᠦᠷ ᠤᠨ | ᠠᠭᠤᠷᠬᠠᠶ ᠶᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠬᠡᠯᠪᠡᠷᠢ ᠶᠢᠨ ᠬᠡᠪ ᠳᠠᠭᠤᠷᠢᠶᠠᠯ ᠤᠨ | ᠠᠵᠤ ᠠᠬᠤᠶᠢᠯᠠᠯ ᠢ ᠭᠤᠶᠤᠴᠢᠯᠠᠨ ᠮᠡᠳᠡᠭᠦᠯᠪᠡ᠃ | ︵ᠭᠤᠷᠪᠠ︶ ᠠᠵᠠ ᠲᠣᠬᠢᠶᠠᠯ ᠢ ᠠᠳᠬᠤᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠠᠵᠢᠯ ᠢ ᠲᠠᠰᠤᠷᠠᠯᠲᠠ ᠦᠭᠡᠢ ᠲᠦᠷᠭᠡᠳᠭᠡᠪᠡ | ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠶᠢ ᠶᠡᠭᠡ ᠪᠠᠷ ᠠᠬᠢᠭᠤᠯᠵᠤ᠂ ᠪᠣᠬᠢᠷᠲᠤᠯ ᠦᠭᠡᠢ ᠥᠨᠳᠥᠷ ᠠᠴᠢᠶᠠᠯᠠᠪᠤᠷᠢ ᠲᠠᠢ ᠡᠨᠧᠷᠭᠢ | ᠪᠠ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠢ ᠣᠷᠣᠭᠤᠯᠤᠨ ᠠᠪᠴᠢᠷᠠᠬᠤ ᠪᠠᠷ ᠭᠤᠣᠯᠳᠠᠯᠭ᠎ᠠ ᠲᠠᠢ | ᠠᠵᠢᠯ ᠪᠣᠯᠭᠠᠪᠠ᠃ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2024 ᠣᠨ ᠤ ︿ᠬᠤᠣᠰ ᠬᠡᠯᠬᠢᠶ᠎ᠡ﹀ | ᠪᠠᠷ ᠬᠥᠳᠡᠯᠭᠡᠭᠦᠷ ᠪᠣᠯᠭᠠᠵᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠥᠰᠦᠯ︾ ᠤᠨ | ᠱᠠᠭᠠᠷᠳᠠᠯᠭ᠎ᠠ ᠶᠢ ᠦᠨᠳᠦᠰᠦᠯᠡᠨ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ ᠪᠣᠬᠢᠷᠲᠤᠯ ᠥᠬᠡᠶ ᠲᠡᠮᠦᠷᠯᠢᠭ ᠬᠠᠶᠢᠯᠤᠭᠤᠯᠬᠤ ᠠᠵᠤ ᠦᠢᠯᠡᠰ ᠤᠨ ᠬᠡᠯᠬᠢᠶ᠎ᠡ ᠵᠢᠴᠢ | ᠹᠯᠣᠷ ᠤᠨ ᠬᠢᠮᠢ ᠶᠢᠨ ᠠᠵᠤ ᠦᠢᠯᠡᠳᠪᠦᠷᠢ ᠪᠠ ᠪᠠᠯ ᠴᠢᠯᠠᠭᠤᠨ ᠤ ᠲᠠᠯᠠᠰᠲᠤ ᠴᠠᠬᠢᠭᠤᠷ ᠤᠨ ᠰᠢᠨ᠎ᠡ ᠮᠠᠲ᠋ᠧᠷᠢᠶᠠᠯ ᠤᠨ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠲᠦᠷᠦᠭᠦᠯᠡᠨ ᠬᠠᠷᠢᠭᠤᠴᠠᠪᠠ᠃ ᠣᠳᠣᠬᠠᠨ ᠳᠤ᠂ 3 ᠤᠳᠠᠭ᠎ᠠ | ᠭᠠᠳᠠᠭᠰᠢ ᠭᠠᠷᠴᠤ ᠬᠤᠳᠠᠯᠳᠤᠭᠠᠴᠢᠨ ᠤᠷᠢᠵᠤ᠂ ᠱᠠᠩᠬᠠᠶ ᠶᠢᠨ ᠴᠢᠶᠦ᠋ᠨ ᠰᠢᠶᠠᠨ ᠲᠡᠮᠦᠷ ᠤᠨ ᠬᠠᠶᠢᠯᠤᠰᠢ ᠶᠢᠨ | ᠲᠥᠷᠥᠯ ᠵᠦᠢᠯ᠂ ᠱᠠᠨᠰᠢ ᠶᠢᠨ ᠭᠠᠵᠠᠷ ᠰᠢᠨᠵᠢᠯᠡᠭᠡ ᠠᠭᠤᠷᠬᠠᠶ ᠶᠢᠨ ᠪᠦᠯᠦᠭᠯᠡᠯ ᠤᠨ ᠬᠠᠶᠢᠯᠤᠰᠢ ᠴᠢᠯᠠᠭᠤᠨ ᠤ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ ᠲᠥᠷᠥᠯ ᠵᠦᠢᠯ᠂ ᠸᠠᠨ ᠵᠥᠩ ᠸᠧᠶ ᠶᠧ ᠬᠠᠶᠢᠯᠤᠰᠢ ᠶᠢᠨ ᠡᠬᠢ ᠪᠠᠶᠠᠯᠢᠭ ᠢ | ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠨᠢᠭᠡᠨᠲᠡ ᠤᠷᠢᠵᠤ ᠠᠪᠴᠢᠷᠠᠪᠠ᠃ | ︵ᠲᠦᠷᠪᠡ︶ ᠰᠢᠨ᠎ᠡ ᠶᠢ ᠡᠭᠦᠳᠬᠦ ᠶᠢ ᠠᠳᠬᠤᠵᠤ᠂ ᠳᠠᠪᠠᠭᠤᠯᠢᠭ ᠢᠶᠠᠨ ᠨᠡᠮᠡᠭᠳᠡᠭᠦᠯᠦᠨ᠂ ᠠᠵᠤ | ᠠᠬᠤᠶᠢᠯᠠᠯ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠪᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠲᠠᠰᠤᠷᠠᠯᠲᠠ ᠦᠭᠡᠢ | ᠠᠬᠢᠭᠤᠯᠪᠠ᠃ ᠨᠢᠭᠡ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢ ᠲᠠᠰᠤᠷᠠᠯᠲᠠ ᠦᠭᠡᠢ | ᠨᠡᠮᠡᠭᠳᠡᠭᠦᠯᠪᠡ᠃ 1 — 6 ᠳ᠋ᠤᠭᠠᠷ ᠰᠠᠷ᠎ᠠ ᠳᠤ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠵᠠᠷᠤᠳᠠᠯ 1963 ᠲᠦᠮᠡᠨ ᠲᠥᠭᠦᠷᠢᠭ ᠪᠠᠶᠢᠵᠤ᠂ ᠨᠡᠮᠡᠭᠳᠡᠯ ᠤᠨ ᠬᠤᠷᠳᠤᠴᠠ ᠨᠢ 317.66% | ᠪᠠᠶᠢᠪᠠ᠂ ᠡᠭᠦᠨ ᠳᠤ ᠮᠡᠷᠭᠡᠵᠢᠯ ᠤᠨ ᠰᠤᠳᠤᠯᠭᠠᠨ ᠪᠠ ᠨᠡᠭᠡᠭᠡᠯᠲᠡ 1784 ᠲᠦᠮᠡᠨ ᠲᠥᠭᠦᠷᠢᠭ ᠪᠠᠶᠢᠵᠤ᠂ | ᠨᠡᠮᠡᠭᠳᠡᠯ ᠤᠨ ᠬᠤᠷᠳᠤᠴᠠ ᠨᠢ 423.17% ᠪᠠᠶᠢᠪᠠ᠃ ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ | ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠪᠡ᠃ ᠸᠧᠨ ᠬᠦᠩ ᠰᠢᠶᠠᠩ ᠤᠨ ᠪᠠᠶᠢᠳᠠᠯ᠂ ᠲᠢᠶᠠᠨ ᠴᠤᠸᠠᠩ ᠬᠤᠨᠴᠢᠷ ᠤᠨ | ᠺᠣᠮᠫᠠᠨᠢ ᠶᠢᠨ ᠶᠡᠷᠦᠩᠬᠡᠢ ᠵᠠᠬᠢᠷᠭ᠎ᠠ ᠳᠤ 2024 ᠣᠨ ᠤ ᠠᠩᠬᠠᠳᠠᠭᠴᠢ ᠪᠦᠯᠦᠭ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾ ᠶᠢᠨ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠬᠡᠷᠡᠭᠴᠡᠭᠡ ᠶᠢ ᠨᠡᠶᠢᠲᠡ 4 ᠵᠦᠢᠯ ᠴᠤᠭᠯᠠᠭᠤᠯᠪᠠ᠃ ᠭᠤᠷᠪᠠ ᠳᠤ᠂ ᠰᠤᠳᠤᠯᠤᠨ ᠨᠡᠭᠡᠭᠡᠬᠦ ᠶᠢ | ᠴᠢᠩᠭᠠᠳᠬᠠᠪᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠢᠶᠠᠨ ᠴᠤᠸᠠᠩ ᠬᠢᠲᠠᠳ ᠡᠮ ᠤᠨ | ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ ᠠᠮᠵᠢᠯᠲᠠ ᠲᠠᠢ ᠮᠠᠭᠠᠳᠯᠠᠨ | ᠲᠣᠭᠲᠠᠭᠠᠬᠤ ᠶᠢ ᠠᠬᠢᠭᠤᠯᠪᠠ᠃ ᠲᠦᠷᠪᠡ ᠳᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠪᠠ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠷᠥᠯ ᠵᠦᠢᠯ ᠢᠶᠠᠷ ᠭᠠᠷᠳᠠᠴᠠ ᠪᠣᠯᠭᠠᠵᠤ᠂ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ | ᠬᠢᠭᠡᠳ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢ | ᠢᠳᠡᠪᠬᠢᠲᠡᠶ ᠪᠠᠷ ᠵᠣᠬᠢᠶᠠᠨ ᠪᠠᠶᠢᠭᠤᠯᠤᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠥᠷᠨᠢᠭᠦᠯᠵᠦ᠂ | ᠾᠧᠪᠸᠢ ᠶᠢᠨ ᠵᠡᠭᠦᠨ ᠬᠡᠰᠡᠭ ᠤᠨ ᠱᠦᠢᠨᠢ ᠬᠢᠭᠡᠳ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠡᠭᠡ ᠰᠤᠷᠭᠠᠭᠤᠯᠢ ᠶᠢᠨ ᠮᠣᠳᠣ ᠰᠢᠷᠣᠢ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠯᠤᠭ᠎ᠠ ᠶᠢᠨ | ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠶᠢ ᠠᠬᠢᠭᠤᠯᠵᠤ᠂ ᠥᠪᠥᠷ ᠮᠣᠩᠭᠤᠯ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠮᠠᠰᠢᠨ ᠮᠧᠬᠠᠨᠢᠭ ᠤᠨ ᠳᠡᠭᠡᠳᠦ | ᠰᠤᠷᠭᠠᠭᠤᠯᠢ ᠶᠢᠨ ᠢᠦᠢ ᠳ᠋ᠣᠺᠲ᠋ᠣᠷ ᠤᠨ ᠪᠦᠯᠬᠦᠮ ᠢ ᠵᠣᠬᠢᠶᠠᠨ ᠪᠠᠶᠢᠭᠤᠯᠵᠤ ᠲᠤᠰ ᠲᠤᠰ ᠾᠧᠪᠸᠢ ᠶᠢᠨ ᠵᠡᠭᠦᠨ | ᠬᠡᠰᠡᠭ ᠤᠨ ᠱᠦᠢᠨᠢ ᠬᠢᠭᠡᠳ ᠬᠤᠩ ᠬᠤᠩ ᠰᠦᠯᠢᠶᠣᠣ ᠳᠤ ᠪᠠᠶᠢᠴᠠᠭᠠᠨ ᠰᠤᠳᠤᠯᠤᠯᠲᠠ ᠬᠢᠪᠡ᠃ ᠲᠠᠪᠤ ᠳᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠪᠠ᠃ ᠠᠵᠤ ᠠᠬᠤᠶᠢᠯᠠᠯ᠂ | ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠬᠠᠨᠳᠤᠭᠤᠯᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠢ ᠴᠤᠭᠯᠠᠭᠤᠯᠵᠤ᠂ ᠨᠡᠶᠢᠲᠡ 10 ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠡᠳᠦᠪ ᠢ ᠰᠤᠳᠤᠯᠤᠨ ᠨᠡᠭᠡᠭᠡᠵᠦ᠂ ᠡᠭᠦᠨ ᠳᠤ 2 ᠠᠮᠢ ᠠᠬᠤᠶ ᠣᠷᠴᠢᠨ ᠲᠣᠭᠤᠷᠢᠨ ᠤ ᠲᠥᠷᠥᠯ᠂ | 5 ᠡᠨᠧᠷᠭᠢ ᠬᠠᠳᠠᠭᠠᠯᠠᠬᠤ ᠲᠥᠷᠥᠯ᠂ 3 ᠦᠷ᠎ᠡ ᠶᠢᠨ ᠦᠢᠯᠡᠰ ᠪᠣᠶ᠃ ᠵᠢᠷᠭᠤᠭ᠎ᠠ ᠳᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠤᠨ ᠬᠡᠷᠡᠭᠵᠢᠭᠦᠯᠦᠯᠲᠡ ᠶᠢ ᠠᠬᠢᠭᠤᠯᠪᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ | ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠲᠥᠰᠦᠯ ᠢ ᠲᠣᠭᠲᠠᠭᠠᠵᠤ᠂ 5 ᠴᠢᠭᠯᠡᠯ 9 | ᠲᠠᠯ᠎ᠠ ᠶᠢᠨ ᠲᠣᠭᠤᠷᠢᠨ ᠳᠤ ᠬᠠᠷᠠᠯᠲᠠ ᠡᠭᠦᠷᠭᠡ ᠪᠠᠨ ᠳᠤᠷᠠᠳᠴᠤ᠂ 10 ᠭᠤᠤᠯᠳᠠᠯᠭ᠎ᠠ ᠲᠠᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ︵ᠲᠠᠪᠤ︶ ᠰᠢᠨᠵᠢᠯᠡᠬᠦ ᠤᠬᠠᠭᠠᠨ ᠤ ᠲᠥᠭᠡᠮᠡᠯᠵᠢᠭᠦᠯᠦᠯ ᠢ ᠠᠳᠬᠤᠵᠤ᠂ ᠪᠠᠶᠢᠭᠤᠯᠤᠯᠲᠠ ᠶᠢ ᠴᠢᠩᠭᠠᠳᠬᠠᠨ᠂ | ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠪᠡ | ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠵᠦ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠬᠦᠴᠦᠨ ᠨᠡᠮᠡᠷᠢᠯᠡᠪᠡ᠃ ᠨᠢᠭᠡ ᠳᠤ᠂ ᠭᠤᠤᠯ ᠰᠡᠳᠦᠪᠲᠦ | ᠠᠵᠢᠯᠯᠠᠭ᠎ᠠ ᠶᠢ ᠥᠷᠨᠢᠭᠦᠯᠪᠡ᠃ ᠠᠶᠢᠪᠠᠭ᠎ᠠ ᠵᠡᠭᠡᠯᠢ ᠶᠢᠨ ᠨᠡᠶᠢᠭᠡᠮ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠷᠳᠣᠨ ᠳᠤ ︽ᠰᠢᠨᠵᠢᠯᠡᠬᠦ ᠤᠬᠠᠭᠠᠨ ᠮᠡᠷᠭᠡᠵᠢᠯ ᠲᠠᠢ ᠲᠡᠭᠦᠰ ᠰᠠᠶᠢᠬᠠᠨ ᠤᠴᠠᠷᠠᠵᠤ᠂ ᠣᠶᠤᠨᠴᠢ | ᠨᠢᠭᠤᠴᠠ ᠵᠦᠢᠯᠡᠰ ᠢ ᠬᠠᠶᠢᠨ ᠰᠦᠪᠡᠭᠴᠢᠯᠡᠬᠦ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ︽ᠮᠠᠰᠢᠨ | ᠨᠣᠬᠠᠢ︾ ᠶᠢ ᠠᠩᠬ᠎ᠠ ᠤᠳᠠᠭ᠎ᠠ ᠳᠡᠯᠭᠡᠨ ᠦᠵᠡᠭᠦᠯᠵᠦ᠂ ᠨᠢᠯᠬᠠᠰ᠂ ᠵᠠᠯᠠᠭᠤᠴᠤᠳ ᠪᠠᠭᠠᠴᠤᠳ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠳᠤᠷ᠎ᠠ ᠰᠣᠨᠢᠷᠬᠠᠯ ᠢ ᠨᠢ ᠲᠠᠲᠠᠵᠠᠢ᠃ ᠬᠤᠶᠠᠷ ᠲᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠷᠳᠣᠨ ᠢ ᠦᠷᠭᠦᠯᠵᠢᠯᠡᠨ ᠨᠡᠬᠡᠬᠡᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ 2 | ᠳ᠋ᠤᠭᠠᠷ ᠰᠠᠷ᠎ᠠ ᠶᠢᠨ 13 ᠤ ᠡᠳᠦᠷ ᠡᠭᠦᠳᠡ ᠪᠠᠨ ᠨᠡᠭᠡᠭᠡᠭᠰᠡᠨ ᠠᠴᠠ ᠨᠠᠭᠠᠰᠢ᠂ ᠲᠣᠭᠤᠷᠢᠨ ᠦᠵᠡᠭᠰᠡᠨ ᠬᠥᠮᠦᠨ ᠤ | ᠲᠤᠭ᠎ᠠ ᠨᠡᠶᠢᠳᠡ 2000 ᠭᠠᠷᠤᠢ ᠬᠥᠮᠦᠨ ᠤᠳᠠᠭ᠎ᠠ ᠳᠤ ᠬᠦᠷᠴᠡᠢ᠃ ᠭᠤᠷᠪᠠ ᠳᠤ᠂ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠪᠠ᠃ 2023 ᠣᠨ ᠤ ︽ᠰᠢᠨᠵᠢᠯᠡᠬᠦ ᠤᠬᠠᠭᠠᠨ ᠤ ᠲᠥᠭᠡᠮᠡᠯᠵᠢᠭᠦᠯᠦᠯ ᠤᠨ | ᠳᠤᠮᠳᠠᠳᠤ ᠤᠯᠤᠰ︾ ᠤᠨ ᠬᠡᠷᠡᠭᠯᠡᠯᠲᠡ ᠶᠢ ᠳᠡᠯᠭᠡᠷᠡᠭᠦᠯᠬᠦ᠂ ᠮᠡᠳᠡᠭᠡ ᠵᠠᠩᠭᠢᠴᠢᠳ ᠤᠨ ᠡᠩᠨᠡᠭᠡᠨ ᠤ ᠪᠠᠶᠢᠭᠤᠯᠤᠯᠲᠠ | ᠵᠡᠷᠭᠡ ᠠᠵᠢᠯ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠯᠪᠠᠨ | ᠲᠢᠩᠬᠢᠮ ᠤᠨ ᠮᠠᠭᠲᠠᠭᠠᠯ ᠰᠠᠶᠢᠰᠢᠶᠠᠯ ᠢ ᠤᠯᠪᠠ᠃ ᠳᠥᠷᠪᠡ ᠳᠤ᠂ ᠰᠢᠨᠵᠢᠯᠡᠬᠦ ᠤᠬᠠᠭᠠᠨ ᠤ ᠲᠥᠭᠡᠮᠡᠯᠵᠢᠭᠦᠯᠦᠯ ᠤᠨ | ᠤᠬᠠᠭᠤᠯᠭ᠎ᠠ ᠶᠢ ᠶᠡᠭᠡ ᠪᠠᠷ ᠬᠢᠪᠡ᠃ 2024 ᠣᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠪᠥᠬᠦ ᠬᠤᠰᠢᠭᠤᠨ ᠤ ᠭᠤᠴᠢᠳᠤᠭᠠᠷ | ᠬᠤᠭᠤᠴᠠᠭᠠᠨ ᠤ ᠰᠢᠨᠵᠢᠯᠡᠬᠦ ᠤᠬᠠᠭᠠᠨ ᠤ ᠲᠥᠭᠡᠮᠡᠯᠵᠢᠭᠦᠯᠦᠯ ᠤᠨ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ ᠵᠢᠴᠢ | ᠪᠥᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠡᠳᠦᠷ ᠤᠨ ᠠᠵᠢᠯᠯᠠᠭ᠎ᠠ ᠶᠢᠨ | ᠲᠣᠭᠤᠷᠢᠨ ᠳᠤ ᠰᠢᠨᠵᠢᠯᠡᠬᠦ ᠤᠬᠠᠭᠠᠨ ᠤ ᠲᠥᠭᠡᠮᠡᠯᠵᠢᠭᠦᠯᠦᠯ ᠤᠨ ᠲᠡᠷᠭᠡ ᠶᠢᠨ ᠰᠤᠷᠭᠠᠭᠤᠯᠢ ᠶᠢᠨ ᠬᠦᠷᠢᠶᠡᠨ ᠳᠤ | ᠣᠷᠣᠬᠤ᠂ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ | ᠲᠣᠬᠤᠨᠢᠭᠤᠯᠬᠤ ᠵᠡᠷᠭᠡ ᠲᠠᠪᠤᠨ ᠵᠦᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠣᠯᠠᠨ ᠲᠦᠮᠡᠨ ᠤ | ᠣᠷᠣᠯᠴᠠᠯᠭ᠎ᠠ 3000 ᠭᠠᠷᠤᠶ ᠬᠥᠮᠦᠨ ᠤᠳᠠᠭ᠎ᠠ ᠳᠤ ᠬᠦᠷᠴᠡᠶ᠃ | ︵ᠵᠢᠷᠭᠤᠭ᠎ᠠ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠷ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠪᠡ | ᠣᠯᠠᠨ ᠲᠦᠮᠡᠨ ᠳᠤ ᠦᠢᠯᠡᠴᠢᠯᠡᠬᠦ ᠦᠵᠡᠯ ᠤᠬᠠᠮᠰᠠᠷ ᠪᠣᠯᠤᠨ ᠬᠠᠷᠢᠭᠤᠴᠠᠯᠭ᠎ᠠ ᠪᠠᠨ ᠴᠢᠩᠭᠠᠳᠬᠠᠵᠤ᠂ | ᠠᠰᠠᠭᠤᠳᠠᠯ ᠢ ᠢᠯᠡᠭᠦᠬᠡᠨ ᠪᠣᠳᠣᠯᠬᠢᠯᠠᠵᠤ ᠢᠯᠡᠭᠦᠬᠡᠨ ᠰᠡᠳᠭᠢᠪᠡ᠃ ᠨᠢᠭᠡ ᠳᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ︽ᠤᠴᠢᠷ ᠦᠭᠡᠢ ᠪᠣᠯ ᠬᠠᠷᠰᠢᠯᠠᠬᠤ ᠦᠭᠡᠢ᠂ ᠴᠠᠭ ᠢᠮᠠᠭᠲᠠ | ᠬᠠᠵᠠᠭᠤ ᠳᠤ ᠨᠢ ᠪᠠᠶᠢᠬᠤ᠂ ᠬᠢᠵᠠᠭᠠᠯᠠᠰᠢ ᠦᠭᠡᠢ ᠰᠠᠶᠢᠲᠤᠷ ᠬᠠᠷᠠᠭᠠᠯᠵᠠᠬᠤ︾ ᠦᠢᠯᠡᠴᠢᠯᠡᠭᠡᠨ ᠤ | ᠣᠶᠢᠯᠠᠭᠠᠭᠳᠠᠬᠤᠨ ᠢ ᠪᠣᠳᠠᠲᠠᠢ ᠠᠵᠢᠯᠯᠠᠭ᠎ᠠ ᠳᠤᠮᠳᠠ ᠪᠠᠨ ᠨᠠᠶᠢᠳᠠᠪᠤᠷᠢᠵᠢᠭᠤᠯᠵᠤ᠂ ᠤᠯᠠᠨ ᠠᠷᠭ᠎ᠠ ᠵᠠᠮ ᠢᠶᠠᠷ ᠠᠵᠤ | ᠠᠬᠤᠶᠢᠯᠠᠯ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠳᠤ ᠦᠢᠯᠡᠴᠢᠯᠡᠬᠦ ︽ | ᠳᠤᠯᠠᠭᠠᠴᠠ︾ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠢᠳᠡᠪᠬᠢᠲᠡᠢ ᠪᠠᠷ ᠵᠠᠬᠢᠶᠠᠯᠠᠭ᠎ᠠ ᠶᠢᠨ ᠬᠠᠭᠤᠳᠠᠰᠤ | ᠡᠷᠢᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠠᠬᠢᠭᠤᠯᠪᠠ᠃ | ᠣᠳᠣᠬᠠᠨ ᠳᠤ ᠪᠣᠯᠲᠠᠯ᠎ᠠ ᠥᠪᠡᠷᠲᠡᠭᠡᠨ ᠵᠠᠰᠠᠬᠤ ᠣᠷᠣᠨ ᠠᠴᠠ ᠨᠡᠶᠢᠲᠡ 305 ᠲᠦᠮᠡᠨ ᠲᠥᠭᠦᠷᠢᠭ ᠤᠨ ᠪᠠᠯᠠ | ᠮᠥᠩᠭᠦ ᠴᠢᠷᠮᠠᠶᠢᠨ ᠣᠯᠵᠤ᠂ ᠪᠤᠭᠤᠲᠤ ᠬᠤᠲᠠ ᠠᠴᠠ 35 ᠲᠦᠮᠡᠨ ᠲᠥᠭᠦᠷᠢᠭ ᠤᠨ ᠪᠠᠯᠠ ᠮᠥᠩᠭᠦ ᠴᠢᠷᠮᠠᠶᠢᠨ | ᠤᠯᠬᠤ ᠶᠢᠨ ᠬᠠᠮᠲᠤ 300 ᠲᠦᠮᠡᠨ ᠲᠥᠭᠦᠷᠢᠭ ᠤᠨ ᠥᠷᠲᠡᠭ ᠪᠥᠬᠦᠶ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠵᠡᠭᠦᠯᠭᠡ ᠶᠢᠨ ᠪᠣᠳᠠᠰ ᠤᠨ ᠲᠥᠬᠦᠭᠡᠷᠦᠮᠵᠢ ᠶᠢ ᠴᠢᠷᠮᠠᠶᠢᠨ ᠣᠯᠪᠠ᠃ ᠬᠤᠶᠠᠷ ᠲᠤ᠂ ︽ | ᠭᠦᠢᠴᠡᠳᠬᠡᠬᠦ︾ ︽ᠬᠠᠪᠰᠤᠷᠤᠨ ᠭᠦᠢᠴᠡᠳᠬᠡᠬᠦ︾ ᠡᠷᠴᠢᠮ ᠢ ᠴᠢᠩᠭᠠᠷᠠᠭᠤᠯᠪᠠ᠃ ᠲᠣᠰ ᠵᠢᠯ ᠳᠤ ᠮᠠᠨ ᠤ | ᠲᠣᠪᠴᠢᠶ᠎ᠠ ᠨᠢᠭᠡᠨᠲᠡ 11 ᠠᠵᠤ ᠠᠬᠤᠶᠢᠯᠠᠯ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠥᠷᠥᠯ | ᠵᠦᠢᠯ ᠤᠨ ᠳᠠᠩᠰᠠᠯᠠᠭᠤᠯᠬᠤ ᠦᠢᠯᠡᠴᠢᠯᠡᠭᠡ ᠶᠢ ᠬᠠᠩᠭᠠᠵᠤ᠂ ᠨᠡᠶᠢᠲᠡ 16 ᠠᠵᠤ ᠦᠢᠯᠡᠳᠪᠦᠷᠢ ᠶᠢᠨ ᠮᠡᠷᠭᠡᠵᠢᠯ ᠤᠨ | ᠲᠥᠷᠥᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠬᠠᠩᠭᠠᠪᠠ᠃ | ︵ᠵᠢᠷᠭᠤᠭ᠎ᠠ︶ ᠳᠠᠯᠳᠠ ᠭᠡᠮ ᠢ ᠠᠳᠬᠤᠵᠤ᠂ ᠲᠦᠭᠰᠢᠭᠦᠷᠢ ᠶᠢ ᠰᠡᠷᠭᠡᠶᠢᠯᠡᠨ᠂ ᠬᠤᠷᠢᠭ᠎ᠠ ᠱᠤᠭᠤᠮ ᠤᠨ | ᠠᠰᠠᠭᠤᠳᠠᠯ ᠢ ᠪᠠᠲᠤ ᠰᠠᠬᠢᠵᠤ ᠪᠤᠲᠠᠲᠠᠶᠢᠵᠢᠭᠤᠯᠪᠠ | ᠠᠶᠤᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠢ ᠴᠢᠩᠭᠠᠷᠠᠭᠤᠯᠤᠨ᠂ ᠠᠶᠤᠯᠭᠦᠢ ᠦᠢᠯᠡᠳᠪᠦᠷᠢᠯᠡᠯ ᠤᠨ | ᠡᠳᠦᠷ ᠲᠤᠲᠤᠮ ᠤᠨ ᠠᠵᠢᠯ ᠢ ᠴᠢᠩᠭᠠᠳᠬᠠᠪᠠ᠃ ᠡᠯ᠎ᠡ ᠴᠠᠭ᠂ ᠵᠠᠩᠭᠢᠯᠠᠭ᠎ᠠ ᠶᠢᠨ ᠴᠡᠭ ᠪᠣᠯᠤᠨ ᠡᠳᠦᠷ ᠲᠤᠲᠤᠮ ᠤᠨ | ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠪᠡ᠃ | ᠬᠠᠷᠢᠶ᠎ᠠ ᠣᠷᠣᠨ ᠤ ᠰᠢᠨ᠎ᠡ ᠡᠨᠧᠷᠭᠢ ᠶᠢᠨ ᠠᠵᠤ ᠠᠬᠤᠶᠢᠯᠠᠯ ᠳᠤ ᠨᠡᠶᠢᠲᠡ 22 ᠤᠳᠠᠭ᠎ᠠ ᠪᠠᠶᠢᠴᠠᠭᠠᠯᠲᠠ ᠬᠢᠵᠦ᠂ | 22 ᠬᠤᠪᠢ ᠳᠠᠯᠳᠠ ᠭᠡᠮ ᠤᠨ ᠮᠡᠳᠡᠭᠳᠡᠯ ᠤᠨ ᠪᠢᠴᠢᠭ ᠪᠠᠭᠤᠯᠭᠠᠵᠤ᠂ 48 ᠵᠤᠷᠪᠤᠰ ᠠᠰᠠᠭᠤᠳᠠᠯ ᠤᠨ ᠳᠠᠯᠳᠠ | ᠭᠡᠮ ᠢ ᠢᠯᠡᠷᠡᠭᠦᠯᠵᠦ᠂ 48 ᠵᠤᠷᠪᠤᠰ ᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ | 100% ᠳᠤ ᠬᠦᠷᠪᠡ᠃ ᠠᠷᠠᠳ ᠤᠨ ᠬᠡᠷᠡᠭᠯᠡᠭᠡᠨ ᠤ ᠳᠡᠯᠪᠡᠴᠢᠯᠲᠡ ᠮᠠᠶ᠋ᠢᠭ ᠤᠨ ᠠᠵᠤ ᠠᠬᠤᠶᠢᠯᠠᠯ ᠳᠤ 8 ᠤᠳᠠᠭ᠎ᠠ | ᠪᠠᠶᠢᠴᠠᠭᠠᠯᠲᠠ ᠬᠢᠵᠦ᠂ 7 ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠤ᠂ 14 ᠵᠤᠷᠪᠤᠰ ᠳᠠᠯᠳᠠ | ᠭᠡᠮ ᠤᠨ ᠠᠰᠠᠭᠤᠳᠠᠯ ᠢ ᠢᠯᠡᠷᠡᠭᠦᠯᠵᠦ᠂ 14 ᠵᠤᠷᠪᠤᠰ ᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ | ᠰᠠᠶᠢᠵᠢᠷᠠᠭᠤᠯᠤᠭᠰᠠᠨ ᠨᠣᠷᠮ᠎ᠠ 100% ᠳᠤ ᠬᠦᠷᠪᠡ᠃ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠪᠣᠯᠣᠨ | ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠳ ᠢ ᠵᠣᠬᠢᠶᠠᠨ ᠪᠠᠶᠢᠭᠤᠯᠤᠨ ᠠᠶᠤᠯᠭᠦᠢ ᠦᠢᠯᠡᠳᠪᠦᠷᠢᠯᠡᠯ ᠤᠨ | ᠪᠣᠯᠪᠠᠰᠤᠷᠠᠯ ᠤᠨ ᠬᠤᠷᠠᠯ ᠢ 1 ᠤᠳᠠᠭ᠎ᠠ ᠬᠤᠷᠠᠯᠳᠤᠭᠤᠯᠪᠠ᠃ | ᠬᠥᠲᠦᠯᠦᠭᠴᠢ᠄ | ᠳᠠᠷᠠᠭᠠᠴᠢ ᠶᠢᠨ ᠠᠯᠬᠤᠮ ᠳᠤ ᠶᠠᠮᠠᠷ ᠲᠥᠯᠥᠪᠯᠡᠭᠡ ᠲᠠᠢ ᠪᠤᠢ︖ | ᠰᠤᠷᠪᠤᠯᠵᠢᠯᠠᠭᠳᠠᠭᠴᠢ᠄ | ︵ᠨᠢᠭᠡ︶ ᠠᠵᠤ ᠠᠬᠤᠢ ᠶᠢᠨ ᠠᠵᠢᠯᠯᠠᠭᠠᠨ ᠤ ᠬᠢᠨᠠᠨ ᠬᠡᠮᠵᠢᠯᠲᠡ ᠶᠢ ᠴᠢᠩᠭᠠᠳᠬᠠᠵᠤ᠂ ᠠᠵᠤ ᠠᠬᠤᠢ ᠶᠢᠨ | ᠳᠣᠭᠲᠠᠭᠤᠨ ᠬᠦᠭᠵᠢᠯᠲᠡ ᠶᠢ ᠪᠠᠲᠤᠯᠠᠨ᠎ᠠ | ᠨᠢᠭᠡ ᠳᠤ᠂ ᠠᠵᠤ ᠦᠢᠯᠡᠳᠪᠦᠷᠢ ᠶᠢᠨ ᠦᠨ᠎ᠡ ᠶᠢᠨ ᠪᠠᠭᠤᠷᠠᠯᠲᠠ ᠶᠢ ᠠᠷᠭᠠᠴᠠᠭᠠᠵᠤ᠂ ᠦᠨ᠎ᠡ ᠶᠢᠨ ᠬᠢᠨᠠᠨ | ᠬᠡᠮᠵᠢᠯᠲᠡ ᠶᠢ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠠᠷᠭ᠎ᠠ | ᠪᠤᠳᠤᠯᠭ᠎ᠠ ᠶᠢ ᠨᠢ ᠰᠢᠯᠢᠳᠡᠭᠵᠢᠭᠦᠯᠦᠨ ᠵᠠᠬᠢᠶᠠᠯᠠᠭ᠎ᠠ ᠶᠢᠨ ᠬᠠᠭᠤᠳᠠᠰᠤ ᠡᠷᠢᠨ᠎ᠡ᠃ ᠬᠤᠶᠠᠷ ᠲᠤ᠂ ᠠᠵᠤ | ᠠᠬᠤᠶᠢᠯᠠᠯ ᠤᠨ ᠠᠵᠢᠯᠯᠠᠭᠠᠨ ᠤ ᠬᠢᠨᠠᠨ ᠬᠡᠮᠵᠢᠯᠲᠡ ᠶᠢ ᠴᠢᠩᠭᠠᠳᠬᠠᠵᠤ᠂ ᠶᠢᠨ ᠡᠸ᠋ ᠪᠦᠸᠧ ᠹᠯᠣᠷ ᠤᠨ ᠬᠢᠮᠢ ᠶᠢᠨ | ᠠᠵᠤ ᠦᠢᠯᠡᠳᠪᠦᠷᠢ᠂ ᠱᠢ ᠪᠣᠤ ᠲᠡᠮᠦᠷ ᠤᠨ ᠠᠭᠤᠷᠬᠠᠢ᠂ ᠪᠦᠦ ᠰᠢᠨ ᠣᠨᠴᠠ ᠪᠣᠯᠣᠳ ᠵᠡᠷᠭᠡ ᠭᠤᠣᠯᠳᠠᠯᠭ᠎ᠠ ᠲᠠᠢ | ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠦᠴᠦᠨ ᠵᠦᠢᠯ ᠢ ᠦᠨᠡᠨ ᠬᠦ ᠪᠠᠲᠤᠯᠠᠵᠤ᠂ ᠰᠥᠭᠡᠷᠭᠦ ᠨᠡᠮᠡᠭᠳᠡᠯ ᠤᠨ | ᠠᠵᠤ ᠠᠬᠤᠶᠢᠯᠠᠯ ᠳᠤ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ | ᠦᠢᠯᠡᠳᠪᠦᠷᠢᠯᠡᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠨ᠎ᠡ᠃ ᠭᠤᠷᠪᠠ ᠳᠤ᠂ ᠰᠢᠨ᠎ᠡ | ᠨᠡᠮᠡᠭᠳᠡᠯ ᠤᠨ ᠴᠡᠭ ᠢ ᠴᠢᠩᠭ᠎ᠠ ᠠᠳᠬᠤᠵᠤ᠂ ᠣᠳᠣᠬᠢ ᠪᠠᠶᠢᠳᠠᠯ ᠢ ᠦᠨᠳᠦᠰᠦᠯᠡᠨ ᠬᠦᠴᠢᠷ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠵᠦ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠶᠢᠨ | ᠬᠠᠮᠲᠤ ᠳᠡᠭᠡᠳᠦ ᠲᠡᠰ ᠤᠨ ᠪᠠ ᠲᠦᠭᠦᠬᠡᠢ ᠮᠠᠲ᠋ᠧᠷᠢᠶᠠᠯ ᠤᠨ ᠭᠠᠷᠤᠯᠲᠠ ᠪᠠᠨ ᠨᠡᠮᠡᠭᠳᠡᠭᠦᠯᠬᠦ ᠶᠢ ᠠᠬᠢᠭᠤᠯᠵᠤ᠂ ᠶᠢᠨ | ᠡᠸ᠋ ᠪᠦᠸᠧ ᠹᠯᠣᠷ ᠤᠨ ᠬᠢᠮᠢ ᠶᠢᠨ ᠠᠵᠤ ᠦᠢᠯᠡᠳᠪᠦᠷᠢ ᠪᠠᠷ ᠲᠣᠯᠣᠭᠠᠶᠢᠯᠠᠭᠴᠢ ᠪᠣᠯᠭᠠᠵᠤ᠂ ᠦᠢᠯᠡᠳᠪᠦᠷᠢᠯᠡᠯ ᠤᠨ | ᠴᠢᠳᠠᠪᠤᠷᠢ ᠶᠢ ᠥᠷᠭᠡᠳᠬᠡᠵᠦ᠂ ᠳᠣᠣᠷ᠎ᠠ ᠬᠠᠭᠠᠰ ᠵᠢᠯ ᠤᠨ ᠨᠡᠮᠡᠭᠳᠡᠯ ᠤᠨ ᠬᠠᠨᠳᠤᠰᠢ ᠪᠣᠯᠭᠠᠨ᠎ᠠ᠃ | ︵ᠬᠤᠶᠠᠷ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠣᠳᠣ ᠦᠶ᠎ᠡ ᠶᠢᠨ ᠠᠵᠤ ᠦᠢᠯᠡᠳᠪᠦᠷᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ | ᠨᠢᠭᠡ ᠳᠤ᠂ ᠲᠥᠷᠥᠯ ᠵᠦᠢᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠶᠢᠯᠠᠯ ᠢ ᠣᠨᠣᠪᠴᠢᠲᠠᠶ | ᠬᠠᠪᠰᠤᠷᠤᠨ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠪᠠᠯᠠ ᠲᠣᠬᠢᠷᠠᠭᠤᠯᠭ᠎ᠠ ᠵᠡᠷᠭᠡ ᠡᠯ᠎ᠡ ᠲᠥᠷᠥᠯ ᠤᠨ ᠠᠰᠠᠭᠤᠳᠠᠯ ᠢ | ᠰᠢᠢᠳᠪᠦᠷᠢᠯᠡᠨ᠎ᠡ᠃ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠶᠢ ᠠᠬᠢᠭᠤᠯᠵᠤ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠢᠩᠬᠢᠮ ᠢ ᠢᠳᠡᠪᠬᠢᠲᠡᠶ ᠵᠣᠬᠢᠴᠠᠭᠤᠯᠵᠤ ᠪᠠᠶᠢᠭᠠᠳ ᠥᠨᠳᠥᠷ ᠲᠦᠪᠰᠢᠨ ᠪᠥᠬᠦᠶ | ᠬᠦᠷᠢᠶᠡᠯᠡᠩ ᠲᠣᠭᠤᠷᠢᠭ ᠲᠤ ᠲᠤᠰᠬᠠᠶ ᠪᠠᠯᠠ ᠮᠥᠩᠭᠦ ᠶᠢ 2 ᠳ᠋ᠦᠩᠰᠢᠭᠤᠷ ᠲᠥᠭᠦᠷᠢᠭ ᠡᠭᠦᠳᠦᠨ ᠪᠠᠶᠢᠭᠤᠯᠬᠤ ᠪᠠᠷ | ᠴᠢᠷᠮᠠᠶᠢᠵᠤ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠪᠠᠲᠤᠯᠠᠨ᠂ | ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠶᠠᠷ ᠲᠤ᠂ ᠳᠠᠯᠳᠠ ᠬᠦᠴᠦᠨ ᠢ ᠪᠤᠶᠢᠵᠢᠭᠤᠯᠵᠤ᠂ ᠰᠢᠨ᠎ᠡ ᠬᠡᠮᠵᠢᠶ᠎ᠡ ᠶᠢ ᠰᠦᠪᠡᠭᠴᠢᠯᠡᠨ᠎ᠡ᠃ ᠲᠡᠮᠦᠷ ᠤᠨ | ᠬᠠᠶᠢᠯᠤᠰᠢ ᠶᠢᠨ ᠭᠦᠢᠴᠡᠳᠭᠡᠯ ᠲᠣᠭᠠᠨ ᠤ ᠤᠴᠢᠷ ᠶᠠᠪᠤᠳᠠᠯ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ | ᠲᠣᠭᠤᠷᠢᠭ ᠤᠨ ᠲᠣᠭᠤᠷᠢᠭ ᠢ ᠥᠷᠭᠡᠳᠭᠡᠬᠦ ᠵᠦᠢᠯᠡᠰ ᠢ ᠠᠩᠬᠠᠷᠤᠨ᠎ᠠ᠃ ᠤᠯᠤᠰ ᠠᠴᠠ ᠶᠡᠭᠡ ᠬᠡᠪᠴᠢᠶᠡᠨ ᠤ ᠲᠣᠨᠤᠭ | ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ᠂ | ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠮᠠᠰᠢᠨ ᠢ ᠣᠷᠣᠯᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠠᠵᠠ ᠲᠣᠬᠢᠶᠠᠯ ᠢ ᠠᠳᠬᠤᠵᠤ᠂ ᠮᠢᠩ ᠶᠠᠩ ᠴᠠᠬᠢᠯᠭᠠᠨ ᠤ ᠬᠦᠴᠦᠳᠡᠯ ᠥᠭᠡᠷᠡᠴᠢᠯᠡᠭᠴᠢ ᠶᠢᠨ ᠬᠥᠯᠳᠡᠭᠡᠬᠦ᠂ ᠺᠧ | ᠰᠢᠨ ᠱᠣ᠋ ᡁᠢ ᠬᠦᠷᠳᠦ ᠦᠢᠯᠡᠳᠬᠦ ᠵᠡᠷᠭᠡ ᠨᠢᠭᠡ ᠪᠦᠯᠦᠭ ᠪᠦᠲᠦᠭᠡᠨ ᠪᠠᠶᠢᠭᠤᠯᠤᠯᠲᠠ ᠨᠢ ᠲᠦᠷᠭᠡᠨ᠂ ᠤᠰᠤᠨ ᠤ | ᠬᠤᠷᠣᠭᠳᠠᠭᠤᠯᠤᠯ ᠪᠠᠭ᠎ᠠ᠂ ᠦᠢᠯᠡᠳᠬᠦᠨ ᠤ ᠦᠷᠳᠡᠭ ᠨᠢ ᠶᠡᠭᠡ ᠲᠥᠷᠥᠯ ᠵᠦᠶ᠋ᠯ ᠢ ᠣᠷᠣᠭᠤᠯᠤᠨ ᠠᠪᠴᠢᠷᠠᠬᠤ ᠪᠠ | ᠨᠠᠶᠢᠳᠠᠪᠤᠷᠢᠵᠢᠭᠤᠯᠬᠤ ᠶᠢ ᠲᠦᠷᠭᠡᠳᠬᠡᠨ᠎ᠡ᠃ ᠭᠤᠷᠪᠠ ᠳᠤ᠂ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠤᠨ | ᠠᠬᠢᠴᠠ ᠶᠢ ᠲᠦᠷᠭᠡᠳᠬᠡᠬᠦ ᠪᠠᠷ ᠴᠢᠷᠮᠠᠶᠢᠵᠤ᠂ ᠲᠣᠭᠲᠠᠭᠰᠠᠨ ᠴᠠᠭ ᠲᠤ ᠪᠠᠨ ᠠᠵᠢᠯ ᠢᠶᠠᠨ ᠳᠠᠭᠤᠰᠬᠠᠵᠤ | ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠵᠣᠬᠢᠴᠠᠭᠤᠯᠬᠤ | ᠦᠢᠯᠡᠴᠢᠯᠡᠭᠡ ᠶᠢ ᠴᠢᠩᠭᠠᠷᠠᠭᠤᠯᠵᠤ᠂ ᠼᠧ ᠴᠧᠩ ᠤᠯᠠᠭᠠᠨᠲᠤᠯᠤᠭᠠᠢ ᠶᠢᠨ ᠵᠡᠰ ᠨᠢᠺᠧᠯ ᠤᠨ ᠠᠭᠤᠷᠬᠠᠢ᠂ ᠯᠸᠢ ᠰᠢᠨ | ᠠᠭᠤᠷᠬᠠᠢ ᠶᠢᠨ ᠦᠢᠯᠡᠰ ᠵᠡᠷᠭᠡ ᠲᠦᠷᠦᠯ ᠵᠦᠢᠯ ᠢ ᠡᠷᠲᠡᠬᠡᠨ ᠪᠠᠶᠢᠭᠤᠯᠤᠨ ᠪᠦᠲᠦᠭᠡᠵᠦ ᠦᠷ᠎ᠡ ᠠᠰᠢᠭ ᠣᠯᠬᠤ ᠶᠢ | ᠠᠬᠢᠭᠤᠯᠤᠨ᠎ᠠ᠃ | ︵ᠭᠤᠷᠪᠠ︶ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠬᠥᠲᠥᠯᠥᠨ ᠵᠢᠯᠣᠭᠤᠳᠴᠤ᠂ ᠠᠵᠤ ᠦᠢᠯᠡᠰ ᠤᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠤᠨ᠎ᠠ | ᠨᠢᠭᠡ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠨᠡᠪᠴᠢᠭᠦᠯᠬᠦ ᠶᠢᠨ | ᠬᠠᠮᠲᠤ ᠨᠠᠷᠢᠯᠢᠭ ᠣᠨᠣᠪᠴᠢᠲᠠᠢ ᠪᠠᠷ ᠪᠤᠶᠢᠵᠢᠭᠤᠯᠵᠤ᠂ ᠵᠢᠯ ᠤᠨ ᠳᠣᠲᠣᠷ᠎ᠠ ᠤᠯᠤᠰ ᠤᠨ ᠲᠠᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ 10 ᠠᠴᠠ ᠳᠡᠭᠡᠭᠰᠢᠬᠢ ᠠᠵᠤ ᠠᠬᠤᠶᠢᠯᠠᠯ ᠢ ᠳᠠᠩᠰᠠᠯᠠᠭᠤᠯᠬᠤ ᠶᠢ | ᠴᠢᠷᠮᠠᠶᠢᠨ ᠠᠬᠢᠭᠤᠯᠵᠤ᠂ 5 ᠠᠴᠠ ᠳᠡᠭᠡᠭᠰᠢᠬᠢ ᠠᠵᠤ ᠠᠬᠤᠶᠢᠯᠠᠯ ᠢ ᠪᠣᠶᠢᠵᠢᠭᠤᠯᠵᠤ ᠪᠤᠭᠤᠲᠤ ᠬᠤᠲᠠ ᠶᠢᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠨᠥᠭᠡᠴᠡᠯᠡᠬᠦ ᠬᠥᠮᠥᠷᠭᠡ ᠳᠤ ᠣᠷᠤᠭᠤᠯᠤᠨ᠎ᠠ᠃ ᠬᠤᠶᠠᠷ ᠲᠤ᠂ | ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠎ᠠ᠃ ᠲᠢᠶᠠᠨ ᠴᠤᠸᠠᠩ ᠺᠣᠮᠫᠠᠨᠢ ᠶᠢᠨ ᠥᠪᠡᠷᠲᠡᠭᠡᠨ ᠵᠠᠰᠠᠬᠤ ᠣᠷᠣᠨ ᠤ | ᠲᠡᠰ ᠤᠨ ᠬᠤᠨᠴᠢᠷ ᠲᠠᠷᠢᠵᠤ ᠤᠷᠭᠤᠭᠤᠯᠬᠤ ᠰᠤᠳᠤᠯᠤᠨ ᠨᠡᠭᠡᠭᠡᠬᠦ ᠲᠥᠪ ᠢ ᠭᠤᠶᠤᠴᠢᠯᠠᠨ ᠮᠡᠳᠡᠭᠦᠯᠬᠦ ᠶᠢ | ᠠᠬᠢᠭᠤᠯᠵᠤ᠂ ᠳ᠋ᠠ ᠮᠥᠸᠧ ᠰᠢᠤᠸᠠᠢ ᠪᠤᠤ ᠮᠠ᠂ ᠶᠢᠨ ᠧ ᠪᠦᠸᠧ ᠶᠢᠨ ᠪᠤᠭᠤᠲᠤ ᠬᠤᠲᠠ ᠶᠢᠨ ᠰᠤᠳᠤᠯᠤᠨ | ᠨᠡᠭᠡᠭᠡᠬᠦ ᠲᠥᠪ ᠢ ᠭᠤᠶᠤᠴᠢᠯᠠᠨ ᠮᠡᠳᠡᠭᠦᠯᠬᠦ ᠶᠢ ᠠᠬᠢᠭᠤᠯᠤᠨ᠎ᠠ᠃ ᠵᠢᠯ ᠤᠨ ᠳᠣᠲᠣᠷ᠎ᠠ ᠥᠪᠡᠷᠲᠡᠭᠡᠨ ᠵᠠᠰᠠᠬᠤ | ᠣᠷᠣᠨ ᠤ ᠲᠠᠰ᠂ ᠪᠤᠭᠤᠲᠤ ᠬᠤᠲᠠ ᠶᠢᠨ ᠳᠡᠰ ᠤᠨ ᠰᠢᠨ᠎ᠡ ᠶᠢ ᠡᠭᠦᠳᠬᠦ ᠲᠠᠪᠴᠠᠩ ᠢ 2 ᠠᠴᠠ ᠳᠡᠭᠡᠭᠰᠢ᠂ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ 2 ᠠᠴᠠ ᠳᠡᠭᠡᠭᠰᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 1 ᠠᠴᠠ ᠳᠡᠭᠡᠭᠰᠢ ᠪᠠᠶᠢᠭᠤᠯᠬᠤ ᠪᠠᠷ ᠴᠢᠷᠮᠠᠶᠢᠨ᠎ᠠ᠃ ᠭᠤᠷᠪᠠ ᠳᠤ᠂ | ᠰᠤᠳᠤᠯᠤᠨ ᠨᠡᠭᠡᠭᠡᠬᠦ ᠰᠡᠳᠦᠪ ᠤᠨ ᠨᠥᠭᠡᠴᠡ ᠶᠢᠨ ᠬᠥᠮᠥᠷᠭᠡ ᠶᠢ ᠪᠠᠶᠢᠭᠤᠯᠤᠨ᠎ᠠ᠃ ᠲᠥᠷᠥᠯ ᠵᠦᠢᠯ ᠢ ᠨᠠᠷᠢᠯᠢᠭ | ᠣᠨᠣᠪᠴᠢᠲᠠᠢ ᠪᠠᠷ ᠬᠦᠷᠭᠡᠵᠦ᠂ ᠮᠠᠨ ᠤ ᠬᠤᠰᠢᠭᠤᠨ ᠤ ᠠᠵᠤ ᠠᠬᠤᠶᠢᠯᠠᠯ ᠤᠨ ᠣᠨᠴᠠ ᠲᠣᠮᠢᠯᠠᠭᠳᠠᠭᠰᠠᠳ ᠤᠨ | ᠠᠵᠢᠯ ᠤᠨ ᠥᠷᠲᠡᠭᠡ ᠶᠢᠨ ᠴᠢᠳᠠᠪᠤᠷᠢᠲᠠᠨ ᠤ ᠡᠬᠢ ᠪᠠᠶᠠᠯᠢᠭ ᠲᠤ ᠲᠦᠰᠢᠭᠯᠡᠨ᠂ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠠᠯᠠ ᠮᠥᠩᠭᠦ ᠤᠯᠬᠤ ᠳᠤ ᠬᠦᠴᠦᠨ ᠨᠡᠮᠡᠷᠢᠯᠡᠨ᠎ᠡ᠃ ᠳᠥᠷᠪᠡ ᠳᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ᠃ ᠮᠠᠨ ᠤ ᠬᠤᠰᠢᠭᠤᠨ ᠤ ᠮᠠᠯ ᠠᠵᠤ | ᠠᠬᠤᠶ ᠶᠢᠨ ᠠᠵᠤ ᠦᠢᠯᠡᠰ ᠤᠨ ᠲᠣᠭᠤᠷᠢᠨ ᠳᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠪᠠᠶᠢᠭᠤᠯᠤᠮᠵᠢ ᠶᠢ | ᠬᠡᠷᠡᠭᠯᠡᠬᠦ ᠮᠡᠷᠭᠡᠵᠢᠯ ᠤᠨ ᠬᠤᠯᠪᠣᠭ᠎ᠠ ᠶᠢ ᠲᠦᠷᠦᠭᠦᠯᠡᠨ ᠪᠠᠶᠢᠭᠤᠯᠬᠤ ᠶᠢ ᠠᠬᠢᠭᠤᠯᠤᠨ᠎ᠠ᠃ ᠰᠢᠨ᠎ᠡ ᠡᠨᠧᠷᠭᠢ ᠶᠢᠨ | ᠪᠣᠬᠢᠷᠲᠤᠯ ᠦᠭᠡᠢ ᠤᠰᠤᠲᠥ᠋ᠷᠥᠭᠴᠢ ᠶᠢᠨ ᠮᠡᠷᠭᠡᠵᠢᠯ᠂ ᠤᠰᠤᠲᠥ᠋ᠷᠥᠭᠴᠢ ᠶᠢᠨ ᠡᠨᠧᠷᠭᠢ ᠬᠠᠳᠠᠭᠠᠯᠠᠬᠤ ᠲᠡᠭᠡᠭᠡᠪᠦᠷᠢᠯᠡᠬᠦ | ᠮᠡᠷᠭᠡᠵᠢᠯ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠲᠣᠭᠤᠷᠢᠨ ᠳᠤ᠂ ᠬᠤᠸᠠ ᠳ᠋ᠢᠶᠠᠨ ᠤᠰᠤᠲᠥ᠋ᠷᠥᠭᠴᠢ ᠦᠢᠯᠡᠳᠬᠦ᠂ | ᠱᠦᠢ ᠮᠦ ᠮᠢᠩ ᠲᠦᠸᠧ ᠵᠡᠷᠭᠡ ᠠᠵᠤ ᠠᠬᠤᠶᠢᠯᠠᠯ ᠤᠨ ᠰᠦᠵᠧᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠶᠡᠭᠡ ᠰᠤᠷᠭᠠᠭᠤᠯᠢ ᠶᠢᠨ ᠠᠺᠠᠳᠧᠮᠢᠴᠢ ᠶᠢᠨ ᠪᠦᠯᠬᠦᠮ ᠯᠦᠭᠡ ᠴᠢᠳᠠᠪᠤᠷᠢᠲᠠᠨ᠂ ᠮᠡᠷᠭᠡᠵᠢᠯ ᠤᠨ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠶᠢ ᠲᠦᠯᠬᠢᠨ ᠠᠬᠢᠭᠤᠯᠤᠨ᠎ᠠ᠃ ᠲᠠᠪᠤ ᠳᠤ᠂ ᠣᠷᠳᠣᠨ ᠪᠠ ᠰᠤᠷᠭᠠᠭᠤᠯᠢ ᠶᠢᠨ | ᠬᠠᠮᠲᠤᠷᠠᠯᠴᠠᠭ᠎ᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠤ ᠲᠥᠭᠡᠮᠡᠯᠵᠢᠭᠦᠯᠦᠯ ᠤᠨ ᠦᠢᠯᠡᠳᠦᠯᠭᠡ ᠶᠢᠨ | ᠠᠵᠢᠯᠯᠠᠭ᠎ᠠ ᠶᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪ | ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠵᠢᠷᠭᠤᠭ᠎ᠠ ᠳᠤ᠂ ᠰᠢᠨᠵᠢᠯᠡᠬᠦ ᠤᠬᠠᠭᠠᠨ ᠤ ᠲᠥᠭᠡᠮᠡᠯᠵᠢᠭᠦᠯᠦᠯ ᠤᠨ | ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠶᠢ | ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ᠂ ᠠᠵᠤ ᠠᠬᠤᠶᠢᠯᠠᠯ ᠪᠣᠯᠤᠨ ᠦᠨᠳᠦᠰᠦᠨ ᠱᠠᠲᠤᠨ ᠳᠤ | ᠲᠦᠭᠡᠮᠡᠯᠵᠢᠭᠦᠯᠦᠨ᠎ᠡ᠃ ᠲᠤᠯᠤᠭ᠎ᠠ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ | ᠰᠢᠪᠲᠤᠯᠬᠤ︾ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ᠃ ᠰᠢᠨ᠎ᠡ ᠠᠵᠤ ᠦᠢᠯᠡᠰ ᠰᠢᠨ᠎ᠡ | ᠤᠷᠤᠯᠳᠤᠭᠠᠨ ᠤ ᠵᠠᠮ ᠢ ᠬᠦᠴᠦᠯᠡᠨ ᠪᠤᠶᠢᠵᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶ | ᠪᠣᠯᠭᠠᠵᠤ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭᠠᠨ ᠤ ᠪᠠᠶᠢᠭᠤᠯᠤᠯᠲᠠ ᠶᠢ ᠬᠥᠲᠥᠯᠦᠨ ᠳᠠᠭᠠᠭᠤᠯᠵᠤ | ᠂ ᠮᠠᠨ ᠤ ᠬᠤᠰᠢᠭᠤ ᠶᠢ ᠪᠥᠬᠦ ᠣᠷᠣᠨ ᠳᠤ ᠲᠡᠷᠢᠭᠦᠨ ᠳᠤ ᠣᠷᠤᠭᠤᠯᠬᠤ᠂ ᠳᠡᠭᠡᠳᠦ ᠤᠷᠤᠰᠬᠠᠯ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠠᠷ ᠴᠢᠷᠮᠠᠶᠢᠨ᠎ᠠ᠃ | ︵ᠲᠦᠷᠪᠡ︶ ᠠᠶᠤᠯᠭᠦᠢ ᠦᠢᠯᠡᠳᠪᠦᠷᠢᠯᠡᠯ ᠢ ᠴᠢᠩᠭ᠎ᠠ ᠨᠠᠶᠢᠲᠠᠪᠤᠷᠢᠵᠢᠭᠤᠯᠵᠤ᠂ ᠪᠠᠶᠢᠩᠭᠤᠵᠢᠭᠰᠠᠨ | ᠪᠠᠶᠢᠴᠠᠭᠠᠬᠤ ᠲᠣᠭᠲᠠᠴᠠ ᠶᠢ ᠪᠠᠶᠢᠭᠤᠯᠤᠨ᠎ᠠ | ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ | ᠥᠭᠦᠯᠡᠯᠲᠡ ᠵᠢᠴᠢ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠤᠯᠢ ᠴᠠᠭᠠᠵᠠ ᠲᠦᠷᠦ ᠶᠢᠨ ᠪᠤᠳᠤᠯᠭ᠎ᠠ ᠶᠢ | ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠨᠤᠯ ᠢ ᠪᠣᠳᠠᠲᠠᠢ ᠲᠠᠢ ᠤᠶᠠᠯᠳᠤᠭᠤᠯᠬᠤ ᠠᠵᠢᠯ ᠢ ᠰᠠᠶᠢᠲᠤᠷ | ᠬᠢᠨ᠎ᠡ᠃ ᠬᠤᠶᠠᠷ ᠲᠤ᠂ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠬᠥᠮᠦᠵᠢᠯ ᠢ ᠴᠢᠩᠭ᠎ᠠ ᠠᠳᠬᠤᠵᠤ᠂ ᠠᠵᠤ | ᠠᠬᠤᠶᠢᠯᠠᠯ ᠤᠨ ᠭᠤᠣᠯ ᠬᠠᠷᠢᠭᠤᠴᠠᠯᠭᠠᠲᠠᠨ ᠪᠣᠯᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠠᠵᠢᠯᠳᠠᠨ ᠢ ᠱᠠᠯᠠᠪᠳᠠᠭᠤᠯᠵᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ᠂ ᠪᠦᠬᠦ ᠠᠵᠢᠯᠳᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠤᠨ | ᠰᠤᠷᠤᠯᠴᠠᠯᠭ᠎ᠠ ᠶᠢ ᠦᠨᠡᠨ ᠬᠦ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢ ᠦᠨᠡᠨ ᠬᠦ ᠴᠢᠩᠭᠠᠷᠠᠭᠤᠯᠵᠤ᠂ | ᠠᠶᠤᠯᠭᠦᠢ ᠠᠵᠢᠯᠯᠠᠭᠠᠨ ᠤ ᠤᠷ᠎ᠠ ᠴᠢᠳᠠᠪᠤᠷᠢ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠭᠤᠷᠪᠠ ᠳᠤ᠂ ᠳᠠᠯᠳᠠ ᠭᠡᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ | ᠦᠷᠭᠦᠯᠵᠢᠯᠡᠨ ᠮᠥᠷᠳᠡᠵᠦ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ | ᠪᠡᠶᠡᠯᠡᠭᠦᠯᠦᠨ᠎ᠡ᠃ ᠳᠥᠷᠪᠡ ᠳᠤ᠂ ︽ᠭᠤᠷᠪᠠᠨ ᠬᠠᠮᠢᠶᠠᠷᠤᠯᠲᠠ ᠭᠤᠷᠪᠠᠨ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ | ᠶᠣᠰᠣᠭᠠᠷ᠂ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠴᠢᠩᠭ᠎ᠠ | ᠠᠩᠬᠠᠷᠴᠤ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠨᠡᠨ ᠬᠦ ᠬᠠᠮᠢᠶᠠᠷᠴᠤ ᠴᠢᠩᠭ᠎ᠠ | ᠬᠠᠮᠢᠶᠠᠷᠬᠤ ᠶᠢ ᠪᠣᠳᠠᠲᠠᠶᠢᠵᠢᠭᠤᠯᠵᠤ᠂ ᠦᠨᠡᠨ ᠬᠦ ᠪᠠᠶᠢᠴᠠᠭᠠᠵᠤ ᠴᠢᠩᠭ᠎ᠠ ᠪᠠᠶᠢᠴᠠᠭᠠᠬᠤ ᠶᠢ ᠪᠤᠲᠠᠲᠠᠶᠢᠵᠢᠭᠤᠯᠤᠨ᠎ᠠ᠃ | ᠲᠠᠪᠤ ᠳᠤ᠂ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠶᠢᠭᠤᠯᠤᠯᠲᠠ ᠶᠢ ᠲᠦᠷᠭᠡᠳᠬᠡᠵᠦ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠢᠳᠡᠪᠬᠢᠲᠡᠶ ᠪᠠᠷ ᠨᠥᠬᠦᠴᠡᠯ ᠪᠦᠷᠢᠳᠦᠭᠦᠯᠵᠦ ᠪᠠᠶᠢᠭᠠᠳ | ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠤᠨ ᠴᠢᠮᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠨᠡᠮᠡᠭᠳᠡᠭᠦᠯᠬᠦ ᠶᠢ ᠳᠡᠮᠵᠢᠨ᠎ᠡ᠃ | ᠨᠢᠭᠡᠳᠦᠮᠡᠯ ᠬᠤᠯᠪᠣᠭ᠎ᠠ᠂ ᠰᠢᠯᠵᠢᠮᠡᠯ ᠬᠤᠯᠪᠣᠭ᠎ᠠ᠂ ᠴᠠᠬᠢᠯᠭᠠᠨ ᠬᠤᠯᠪᠣᠭᠠᠨ ᠤ ᠺᠣᠮᠫᠠᠨᠢ ᠶᠢᠨ ᠳᠣᠬᠢᠶ᠎ᠠ ᠰᠠᠴᠤᠷᠠᠭᠤᠯᠬᠤ | ᠬᠠᠷᠠᠭᠠᠰᠤ ᠳᠤ ᠲᠣᠬᠢᠷᠠᠭᠤᠯᠤᠯᠲᠠ ᠬᠢᠬᠦ ᠪᠠᠷ ᠳᠠᠮᠵᠢᠭᠤᠯᠤᠨ ᠴᠢᠮᠡᠭᠡ ᠬᠤᠯᠪᠣᠭᠠᠨ ᠤ ᠶᠠᠰᠤ ᠴᠢᠨᠠᠷ ᠵᠢᠴᠢ ᠬᠠᠮᠤᠷᠬᠤ | ᠬᠡᠪᠴᠢᠶ᠎ᠡ ᠶᠢ ᠰᠠᠶᠢᠵᠢᠷᠠᠭᠤᠯᠵᠤ᠂ ᠳᠣᠬᠢᠶ᠎ᠠ ᠶᠢ ᠤᠯᠠᠮ ᠨᠢᠭᠡ ᠠᠯᠬᠤᠮ ᠨᠥᠬᠦᠪᠥᠷᠢᠯᠡᠨ᠂ 4G ᠰᠦᠯᠵᠢᠶᠡᠨ ᠤ | ᠬᠠᠮᠤᠷᠬᠤ ᠬᠡᠪᠴᠢᠶ᠎ᠡ ᠪᠠ ᠭᠦᠨᠴᠡ ᠶᠢ ᠥᠷᠭᠡᠳᠬᠡᠵᠦ᠂ 5G ᠰᠦᠯᠵᠢᠶᠡᠨ ᠤ ᠰᠤᠮᠤ ᠰᠢᠶᠠᠩ ᠪᠠᠯᠭᠠᠰᠤ ᠵᠢᠴᠢ | ᠴᠢᠬᠤᠯᠠ ᠵᠠᠮ ᠬᠠᠷᠢᠯᠴᠠᠭᠠᠨ ᠤ ᠱᠤᠭᠤᠮ ᠪᠠ ᠵᠢᠭᠤᠯᠴᠢᠯᠠᠯ ᠤᠨ ᠦᠵᠡᠮᠵᠢ ᠶᠢᠨ ᠭᠠᠵᠠᠷ ᠤᠨ ᠬᠠᠮᠤᠷᠬᠤ ᠬᠡᠪᠴᠢᠶ᠎ᠡ ᠶᠢ | ᠠᠬᠢᠭᠤᠯᠤᠨ᠎ᠠ᠃ | ︵ᠲᠠᠪᠤ︶ ︽ᠳᠥᠷᠪᠡᠨ ᠪᠦᠬᠦ ᠠᠵᠢᠯ ᠤᠨ ᠠᠷᠭ᠎ᠠ︾ ᠶᠢ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ | ᠲᠣᠰ ᠭᠠᠵᠠᠷ ᠣᠷᠣᠨ ᠤ ᠤᠰᠤ ᠴᠠᠬᠢᠯᠭᠠᠨ ᠴᠥᠭᠡᠨ ᠪᠠᠶᠢᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠨᠢᠭᠡ ᠪᠦᠯᠦᠭ ᠴᠠᠬᠢᠯᠭᠠᠨ ᠶᠡᠭᠡ᠂ ᠤᠰᠤ ᠪᠠᠭ᠎ᠠ ᠬᠡᠷᠡᠭᠯᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠭᠤᠯᠤᠭᠳᠠᠴᠠ ᠪᠠᠷ ᠥᠨᠳᠥᠷ ᠲᠥᠷᠥᠯ ᠵᠦᠢᠯ ᠢ ᠰᠦᠪᠡᠭᠴᠢᠯᠡᠨ᠎ᠡ᠃ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠲᠤ ᠲᠦᠰᠢᠭᠯᠡᠨ᠂ ᠪᠤᠭᠤᠲᠤ ᠬᠤᠲᠠ ᠹᠯᠣᠷ | ᠴᠠᠬᠢᠭᠤᠷ ᠤᠨ ᠠᠵᠤ ᠦᠢᠯᠡᠰ ᠤᠨ ᠠᠵᠠ ᠲᠣᠬᠢᠶᠠᠯ ᠢ ᠪᠣᠶ ᠪᠣᠯᠭᠠᠬᠤ ᠪᠠᠷ ᠴᠢᠷᠮᠠᠶᠢᠵᠤ᠂ ᠨᠢᠭᠡ ᠪᠦᠯᠦᠭ ᠹᠯᠣᠷ ᠤᠨ | ᠬᠢᠮᠢ ᠶᠢᠨ ᠠᠵᠤ ᠦᠢᠯᠡᠳᠪᠦᠷᠢ ᠶᠢᠨ ᠳᠣᠤᠷᠠᠳᠤ ᠤᠷᠤᠰᠬᠠᠯ ᠤᠨ ᠦᠢᠯᠡᠳᠬᠦᠨ᠂ ᠣᠶᠤᠨᠴᠢ ᠦᠢᠯᠡᠳᠬᠡᠯ ᠵᠡᠷᠭᠡ | ᠲᠥᠷᠥᠯ ᠵᠦᠢᠯ ᠳᠤ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠨ᠎ᠠ᠃ ︽ᠳᠥᠷᠪᠡᠨ ᠪᠦᠬᠦ ᠠᠵᠢᠯ ᠤᠨ ᠠᠷᠭ᠎ᠠ︾ | ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠦᠷ᠎ᠡ ᠪᠦᠲᠦᠮᠵᠢ ᠪᠠ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠨᠢᠭᠡ ᠳᠤ᠂ ᠪᠥᠬᠦ ᠦᠶᠡᠯᠡᠯ ᠤᠨ ᠬᠤᠭᠤᠴᠠᠭᠠᠨ ᠳᠤ | ᠬᠦᠴᠦᠯᠡᠵᠦ᠂ ︽ᠠᠷᠭ᠎ᠠ ᠪᠠ ᠦᠷ᠎ᠡ ᠠᠰᠢᠭ ᠢ ᠨᠢᠭᠡ ᠴᠤᠭᠴᠠᠵᠢᠭᠤᠯᠬᠤ︾ ᠲᠣᠭᠲᠠᠴᠠ ᠶᠢ ᠬᠠᠶᠢᠨ ᠰᠦᠪᠡᠭᠴᠢᠯᠡᠵᠦ | ᠂ ᠰᠣᠩᠭᠤᠯᠲᠠ ᠶᠢᠨ ᠲᠥᠷᠥᠯ ᠵᠦᠢᠯ᠂ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠳᠠᠩᠰᠠᠯᠠᠭᠤᠯᠬᠤ᠂ ᠬᠢᠨᠠᠨ | ᠵᠥᠪᠰᠢᠶᠡᠷᠡᠬᠦ ᠪᠠ ᠰᠠᠭᠤᠷᠢ ᠶᠢ ᠢᠵᠢ ᠪᠥᠷᠢᠳᠦᠭᠦᠯᠬᠦ ᠵᠡᠷᠭᠡ ᠲᠠᠪᠤᠨ ᠲᠠᠯ᠎ᠠ ᠪᠠᠷ ᠤᠷᠢᠳᠠᠴᠢ ᠦᠢᠯᠡᠴᠢᠯᠡᠭᠡ ᠬᠠᠩᠭᠠᠵᠤ | ᠂ ︽ᠲᠤᠰᠢᠶᠠᠬᠤ ᠪᠠ ᠭᠥᠯᠢᠶᠡᠨ ᠠᠪᠬᠤ︾ ᠶᠢ ︽ᠵᠡᠷᠭᠡ ᠪᠠᠷ ᠤᠷᠤᠭᠰᠢᠯᠠᠬᠤ︾ ᠪᠣᠯᠭᠠᠨ ᠬᠤᠪᠢᠷᠠᠭᠤᠯᠤᠨ᠎ᠠ᠃ | ᠬᠤᠶᠠᠷ ᠲᠤ᠂ ᠪᠥᠬᠦ ᠬᠦᠴᠦᠨ ᠵᠦᠢᠯ ᠳᠤ ᠪᠠᠲᠤᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ | ᠲᠥᠷᠥᠯ ᠵᠦᠢᠯ ᠢ ᠠᠬᠢᠭᠤᠯᠬᠤ ᠲᠤᠰᠬᠠᠢ ᠠᠩᠭᠢ ᠶᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠳ ᠠᠳᠠᠯᠢ ᠰᠡᠳᠦᠪ ᠢ | ᠬᠠᠮᠲᠤ ᠪᠠᠷ ᠬᠠᠷᠢᠭᠤᠯᠵᠤ᠂ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠣᠷᠴᠢᠨ ᠲᠣᠭᠤᠷᠢᠨ ᠤ ᠨᠥᠯᠥᠭᠡᠯᠡᠯ ᠤᠨ | ᠦᠨᠡᠯᠡᠯᠲᠡ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠦᠨ ᠵᠦᠢᠯ ᠤᠨ ᠪᠠᠲᠤᠯᠠᠭ᠎ᠠ ᠶᠢᠨ | ᠠᠰᠠᠭᠤᠳᠠᠯ ᠢ ᠬᠠᠮᠲᠤ ᠪᠠᠷ ᠰᠢᠢᠳᠪᠦᠷᠢᠯᠡᠨ᠎ᠡ᠃ ᠭᠤᠷᠪᠠ ᠳᠤ᠂ ᠪᠥᠬᠦ ᠶᠠᠪᠤᠴᠠ ᠶᠢᠨ ᠬᠤᠷᠳᠤᠴᠠ ᠶᠢ ᠲᠦᠷᠭᠡᠳᠬᠡᠵᠦ | ᠂ ᠲᠤᠰᠬᠠᠶ ᠠᠩᠭᠢ ᠶᠢᠨ ᠵᠢᠯᠣᠭᠤᠳᠬᠤ ᠲᠦᠷᠢᠮ ᠢ ᠪᠠᠶᠢᠭᠤᠯᠤᠨ᠂ ᠲᠣᠬᠢᠷᠠᠭᠤᠯᠤᠯᠲᠠ ᠪᠠ ᠲᠥᠷᠥᠯ ᠵᠦᠢᠯ ᠤᠨ | ᠲᠤᠬᠠᠶ ᠶᠢᠨ ᠲᠠᠯᠠᠪᠤᠷ ᠲᠤ ᠠᠵᠢᠯᠯᠠᠬᠤ ᠶᠢ ᠠᠬᠢᠭᠤᠯᠤᠨ᠎ᠠ᠃ ᠳᠡᠭᠡᠷ᠎ᠡ ᠠᠴᠠ ᠳᠣᠷᠣᠭᠰᠢ᠂ ᠵᠠᠩᠭᠢᠯᠠᠭ᠎ᠠ ᠶᠢᠨ ᠴᠡᠭ ᠢ | ᠴᠢᠩᠭ᠎ᠠ ᠠᠩᠬᠠᠷᠴᠤ᠂ ᠪᠣᠶ ᠪᠥᠬᠦᠶ ᠡᠭᠦᠷᠭᠡ ᠶᠢᠨ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ | ᠲᠥᠷᠥᠯ ᠵᠦᠢᠯ ᠢ ᠲᠦᠷᠭᠡᠨ ᠳᠠᠩᠰᠠᠯᠠᠭᠤᠯᠬᠤ᠂ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠶᠢ | ᠪᠡᠶᠡᠯᠡᠭᠦᠯᠦᠨ᠎ᠡ᠃ ᠲᠦᠷᠪᠡ ᠳᠤ᠂ ᠪᠦᠬᠦ ᠲᠠᠯ᠎ᠠ ᠪᠠᠷ ᠠᠬᠢᠭᠤᠯᠵᠤ᠂ ᠬᠤᠰᠢᠭᠤᠨ ᠤ ᠤᠳᠤᠷᠢᠳᠤᠯᠭ᠎ᠠ ᠳᠠᠭᠠᠭᠠᠴᠢᠯᠠᠨ | ᠬᠤᠯᠪᠣᠭᠠᠯᠠᠬᠤ ᠲᠦᠷᠢᠮ ᠢ ᠬᠡᠷᠡᠭᠵᠢᠭᠦᠯᠬᠦ᠂ ᠲᠦᠷᠦᠯ ᠵᠦᠢᠯ ᠤᠨ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠬᠦ᠂ | ᠤᠯᠠᠨ ᠨᠡᠶᠢᠲᠡ ᠶᠢᠨ ᠦᠢᠯᠡᠴᠢᠯᠡᠭᠡ ᠶᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠶᠢ | ᠠᠪᠴᠤ᠂ ᠤᠳᠤᠷᠢᠳᠬᠤ ᠤᠶᠤᠨ ᠴᠢᠳᠠᠯ ᠢᠶᠠᠨ ᠲᠦᠷᠦᠯ ᠵᠦᠢᠯ ᠲᠡᠶᠢᠰᠢ ᠲᠥᠪᠯᠡᠷᠡᠭᠦᠯᠬᠦ᠂ ᠬᠤᠯᠪᠣᠭᠳᠠᠯ ᠪᠦᠬᠦᠢ | ᠲᠦᠷᠦ ᠶᠢᠨ ᠪᠤᠳᠤᠯᠭ᠎ᠠ ᠶᠢ ᠲᠦᠷᠦᠯ ᠵᠦᠢᠯ ᠲᠡᠶᠢᠰᠢ ᠬᠡᠯᠪᠠᠶᠢᠯᠭᠡᠬᠦ᠂ ᠵᠥᠭᠡᠯᠡᠨ ᠬᠠᠲᠠᠭᠤ ᠣᠷᠴᠢᠨ ᠲᠣᠭᠤᠷᠢᠨ ᠢᠶᠠᠷ | ᠲᠦᠷᠦᠯ ᠵᠦᠢᠯ ᠳᠤ ᠦᠢᠯᠡᠴᠢᠯᠡᠬᠦ ᠶᠢ ᠪᠡᠶᠡᠯᠡᠭᠦᠯᠦᠨ᠎ᠡ᠃ | ᠳᠠᠷᠬᠠᠨ ᠮᠣᠣᠮᠢᠩᠭᠠᠨ ᠬᠤᠯᠪᠣᠭᠠᠲᠤ ᠬᠤᠰᠢᠭᠤᠨ ᠤ ᠠᠵᠤ ᠦᠢᠯᠡᠳᠪᠦᠷᠢ | ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ | 2024 ᠣᠨ ᠤ 8 ᠳ᠋ᠤᠭᠠᠷ ᠰᠠᠷ᠎ᠠ ᠶᠢᠨ 27 ᠤ ᠡᠳᠦᠷ | |