ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠤᠨ ᠦᠵᠡᠭᠦᠯᠭᠡ — ᠰᠢᠶᠠᠤᠤ ᠸᠧᠨ ᠭᠦᠩ ᠰᠢᠶᠠᠩ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠡ ᠦᠩᠭᠡᠲᠦ ᠡᠬᠡ ᠭᠠᠵᠠᠷ ᠤᠨ ᠵᠡᠭᠦᠲᠦ ᠶᠢ ᠲᠡᠷᠭᠡᠯᠰᠢᠭᠦᠯᠦᠨ᠎ᠡ︾
ᠨᠡᠶᠢᠲᠡᠯᠡᠭᠰᠡᠨ ᠴᠠᠭ᠄
2024/9/30
      ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠡ ᠦᠩᠭᠡᠲᠦ ᠡᠬᠡ ᠭᠠᠵᠠᠷ ᠤᠨ ᠵᠡᠭᠦᠲᠦ ᠶᠢ ᠲᠡᠷᠭᠡᠯᠰᠢᠭᠦᠯᠦᠨ᠎ᠡ︾      ᠰᠢᠶᠤᠤ ᠸᠧᠨ ᠭᠦᠩ ᠲᠠᠷᠢᠶᠠᠯᠠᠩ ᠤᠨ ᠰᠢᠶᠠᠩ ᠪᠣᠯᠤᠭᠰᠠᠨ ᠤ ᠬᠤᠪᠢ ᠳᠤ᠂ ᠲᠠᠷᠢᠶᠠᠯᠠᠩ ᠢ ᠬᠥᠭᠵᠢᠭᠦᠯᠬᠦ ᠪᠠᠷ ᠭᠤᠣᠯ ᠰᠢᠵᠢᠮ ᠪᠣᠯᠭᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠲᠠᠷᠢᠶᠠᠴᠢᠳ ᠤᠨ ᠦᠢᠯᠡᠳᠪᠦᠷᠢᠯᠡᠯ ᠤᠨ ᠮᠡᠷᠭᠡᠵᠢᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠷᠢᠮᠠᠯ ᠤᠨ ᠲᠦᠷᠦᠯ ᠵᠦᠢᠯ ᠢ ᠥᠷᠭᠡᠳᠬᠡᠵᠡᠶ᠃ ᠤᠢᠢᠷ᠎ᠠ ᠶᠢᠨ ᠵᠢᠯ ᠠᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠠᠪᠠᠯᠭᠠᠨ ᠳᠣᠣᠷ᠎ᠠ᠂ ᠰᠢᠶᠤᠤ ᠸᠧᠨ ᠭᠦᠩ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠴᠠᠰᠤᠲᠤ ᠤᠳᠪᠠᠯᠠ᠂ ᠨᠣᠭᠤᠭᠠᠨ ᠲᠣᠯᠤᠭᠠᠶᠢᠲᠤ ᠰᠠᠷᠢᠮᠰᠠᠭ᠂ ᠬᠦᠬᠦᠷᠭᠡᠨ᠎ᠡ ᠶᠢᠨ ᠦᠨᠳᠦᠰᠦ ᠵᠡᠷᠭᠡ ᠲᠠᠷᠢᠮᠠᠯ ᠢ ᠶᠡᠬᠡᠪᠡᠷ ᠳᠡᠯᠭᠡᠷᠡᠭᠦᠯᠵᠦ᠂ ᠨᠡᠯᠢᠶᠡᠳ ᠰᠠᠶᠢᠨ ᠠᠰᠢᠭ ᠣᠷᠣᠯᠭ᠎ᠠ ᠣᠯᠵᠠᠢ᠃ ᠭᠡᠪᠡᠴᠦ ᠰᠢᠨ᠎ᠡ ᠲᠥᠷᠥᠯ ᠵᠦᠢᠯ ᠤᠨ ᠲᠠᠷᠢᠮᠠᠯ ᠨᠢ ᠶᠡᠷᠦ ᠨᠢ ᠬᠠᠮᠢᠶ᠎ᠠ ᠪᠥᠬᠦᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠯᠲᠠ ᠴᠢᠬᠤᠯᠠᠲᠠᠢ ᠪᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠮᠵᠢᠯᠭᠡ ᠪᠠᠷ ᠳᠠᠮᠵᠢᠭᠤᠯᠤᠨ᠂ ᠲᠠᠷᠢᠶᠠᠴᠢᠳ ᠲᠤ ᠲᠤᠰᠬᠠᠶ ᠮᠡᠷᠭᠡᠵᠢᠯ ᠤᠨ ᠪᠣᠯᠪᠠᠰᠤᠷᠠᠯ ᠪᠠ ᠵᠢᠯᠣᠭᠤᠳᠣᠯᠭ᠎ᠠ ᠬᠠᠩᠭᠠᠵᠤ᠂ ᠲᠠᠷᠢᠮᠠᠯ ᠤᠨ ᠤᠷ᠎ᠠ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠶᠤᠤ ᠸᠧᠨ ᠬᠥᠩ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠡᠭᠦᠨ ᠢᠶᠠᠷ ᠠᠵᠠ ᠲᠣᠬᠢᠶᠠᠯ ᠪᠣᠯᠭᠠᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠡ ᠦᠩᠭᠡᠲᠦ ᠡᠬᠡ ᠭᠠᠵᠠᠷ ᠤᠨ ᠵᠡᠭᠦᠲᠦ ᠶᠢ ᠲᠡᠷᠭᠡᠯᠰᠢᠭᠦᠯᠬᠦ︾ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠢ ᠥᠷᠨᠢᠭᠦᠯᠵᠦ᠂ ᠤᠨᠴᠠᠯᠢᠬᠳᠤ ᠲᠠᠷᠢᠮᠠᠯ ᠤᠨ ᠤᠬᠠᠭᠤᠯᠭ᠎ᠠ ᠶᠢ ᠴᠢᠩᠭᠠᠳᠬᠠᠨ᠂ ᠲᠠᠷᠢᠮᠠᠯ ᠤᠨ ᠮᠡᠷᠭᠡᠵᠢᠯ ᠤᠨ ᠬᠠᠮᠢᠶ᠎ᠠ ᠪᠥᠬᠦᠶ ᠪᠣᠯᠪᠠᠰᠤᠷᠠᠯ ᠢ ᠥᠷᠨᠢᠭᠦᠯᠵᠦ᠂ ᠲᠠᠷᠢᠶᠠᠨ ᠭᠠᠵᠠᠷ ᠲᠤ ᠢᠳᠡᠪᠬᠢᠲᠡᠶ ᠭᠦᠨᠵᠡᠭᠡᠶᠢᠷᠡᠨ ᠳᠠᠷᠢᠬᠤ ᠶᠢ ᠵᠢᠯᠣᠭᠤᠳᠴᠤ᠂ ᠤᠨᠴᠠᠯᠢᠬᠳᠤ ᠲᠠᠷᠢᠮᠠᠯ ᠳᠤ ᠴᠢᠳᠠᠯ ᠤᠨ ᠬᠢᠷᠢ ᠪᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠪᠠ᠃      ᠣᠨᠴᠠᠯᠢᠭᠲᠤ ᠲᠠᠷᠢᠮᠠᠯ ᠤᠨ ᠤᠬᠠᠭᠤᠯᠭ᠎ᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠪᠠ᠃ ᠬᠠᠪᠤᠷ ᠤᠨ ᠤᠯᠠᠷᠢᠯ ᠳᠤ ᠲᠠᠷᠢᠬᠤ᠂ ᠲᠠᠷᠢᠶᠠᠴᠢᠨ ᠡᠷᠦᠬᠡ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠣᠶᠢᠯᠠᠭᠠᠵᠤ᠂ ᠣᠨᠴᠠᠯᠢᠭᠲᠤ ᠲᠠᠷᠢᠮᠠᠯ ᠤᠨ ᠦᠢᠯᠡᠰ ᠤᠨ ᠴᠢᠨᠠᠷ ᠰᠠᠶᠢᠲᠠᠶ ᠶᠠᠪᠤᠭᠳᠠᠬᠤ ᠶᠢ ᠠᠬᠢᠭᠤᠯᠬᠤ ᠶᠢᠨ ᠲᠥᠯᠥᠭᠡ᠂ ᠥᠷᠭᠡᠨ ᠣᠯᠠᠨ ᠲᠠᠷᠢᠮᠠᠯ ᠤᠨ ᠡᠷᠦᠬᠡ ᠳᠤ ᠮᠡᠳᠡᠭᠡ ᠵᠠᠩᠭᠢ ᠶᠢᠨ ᠰᠣᠯᠢᠯᠴᠠᠭᠠᠨ ᠤ ᠲᠠᠪᠴᠠᠩ ᠪᠠᠶᠢᠭᠤᠯᠵᠤ᠂ ᠡᠯ᠎ᠡ ᠲᠣᠰᠬᠤᠨ ᠤ ᠠᠷᠠᠳ ᠤᠨ ᠵᠥᠪᠯᠡᠯ᠂ ᠲᠠᠷᠢᠮᠠᠯ ᠤᠨ ᠲᠣᠮᠣ ᠡᠷᠦᠬᠡ ᠠᠴᠠ ᠰᠣᠯᠢᠯᠴᠠᠨ ᠶᠠᠷᠢᠯᠴᠠᠵᠤ᠂ ᠲᠠᠷᠢᠮᠠᠯ ᠤᠨ ᠮᠡᠷᠭᠡᠵᠢᠯ ᠴᠢᠳᠠᠪᠤᠷᠢ ᠪᠠ ᠲᠤᠷᠰᠢᠯᠭ᠎ᠠ ᠶᠢ ᠰᠤᠷᠤᠯᠴᠠᠨ ᠬᠤᠪᠢᠶᠠᠯᠴᠠᠵᠤ᠂ ᠨᠠᠩ ᠰᠠᠶᠢᠨ ᠲᠠᠷᠢᠮᠠᠯ ᠤᠨ ᠠᠷᠭ᠎ᠠ ᠮᠠᠶ᠋ᠢᠭ ᠢ ᠰᠦᠪᠡᠭᠴᠢᠯᠡᠨ ᠬᠤᠪᠢᠶᠠᠯᠴᠠᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠫᠷᠤᠹᠧᠰᠰᠤᠷ ᠢ ᠤᠷᠢᠵᠤ ᠲᠤᠬᠠᠶ ᠶᠢᠨ ᠲᠠᠯᠠᠪᠤᠷ ᠲᠤ ᠲᠠᠷᠢᠶᠠᠯᠠᠩ ᠤᠨ ᠮᠡᠷᠭᠡᠵᠢᠯ ᠤᠨ ᠮᠡᠳᠡᠯᠭᠡ ᠶᠢᠨ ᠵᠢᠭᠠᠨ ᠰᠤᠷᠭᠠᠯᠲᠠ ᠬᠢᠯᠭᠡᠵᠦ᠂ ᠲᠠᠷᠢᠶᠠᠴᠢᠨ ᠡᠷᠦᠬᠡ ᠶᠢᠨ ᠲᠠᠷᠢᠮᠠᠯ ᠤᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠲᠠᠷᠠᠭᠠᠴᠢ ᠶᠢᠨ ᠠᠯᠬᠤᠮ ᠤᠨ ᠲᠠᠷᠢᠮᠠᠯ ᠤᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠪᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠲᠠᠷᠢᠶᠠᠴᠢᠨ ᠡᠷᠦᠬᠡ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ᠤᠨᠴᠠᠯᠢᠬᠳᠤ ᠲᠠᠷᠢᠮᠠᠯ ᠤᠨ ᠲᠠᠷᠢᠬᠤ ᠮᠡᠷᠭᠡᠵᠢᠯ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠵᠡᠷᠭᠡ ᠶᠢ ᠬᠦᠯᠢᠴᠡᠩᠭᠦᠢ ᠪᠠᠷ ᠲᠠᠶᠢᠯᠪᠤᠷᠢᠯᠠᠵᠤ᠂ ᠲᠣᠰᠬᠤᠨ ᠤ ᠠᠷᠠᠳ ᠤᠨ ᠵᠣᠷᠢᠭᠲᠠᠢ ᠪᠠᠷ ᠲᠤᠷᠰᠢᠬᠤ ᠶᠢ ᠵᠣᠷᠢᠭᠵᠢᠭᠤᠯᠪᠠ᠃      ᠲᠠᠷᠢᠮᠠᠯ ᠤᠨ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃ ᠵᠤᠨ ᠤ ᠶᠠᠭᠠᠷᠠᠤ ᠴᠠᠭ ᠲᠤ ᠲᠠᠷᠢᠮᠠᠯ ᠤᠨ ᠰᠠᠶᠢᠨ ᠰᠠᠶᠢᠬᠠᠨ ᠤᠷᠭᠤᠴᠠ ᠶᠢᠨ ᠪᠠᠶᠢᠳᠠᠯ ᠢ ᠪᠠᠲᠤᠯᠠᠵᠤ᠂ ᠨᠠᠮᠤᠷ ᠤᠨ ᠬᠤᠷᠢᠶᠠᠯᠲᠠ ᠶᠢᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠡᠯ᠎ᠡ ᠲᠣᠰᠬᠤᠨ ᠤ ᠲᠠᠷᠢᠮᠠᠯ ᠤᠨ ᠴᠢᠳᠠᠪᠤᠷᠢᠲᠠᠨ ᠢᠶᠠᠷ ᠪᠦᠷᠢᠯᠳᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠯᠤᠭᠤᠳᠤᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠵᠣᠬᠢᠶᠠᠨ ᠪᠠᠶᠢᠭᠤᠯᠵᠤ᠂ ᠲᠠᠷᠢᠶᠠᠨ ᠭᠠᠵᠠᠷ ᠲᠤ ᠭᠦᠨᠵᠡᠭᠡᠶᠢᠷᠡᠨ ᠡᠯ᠎ᠡ ᠲᠦᠷᠦᠯ ᠤᠨ ᠲᠠᠷᠢᠮᠠᠯ ᠤᠨ ᠤᠷᠭᠤᠯᠲᠠ ᠶᠢᠨ ᠪᠠᠶᠢᠳᠠᠯ᠂ ᠬᠥᠷᠥᠰᠥ ᠰᠢᠷᠣᠢ ᠶᠢᠨ ᠶᠠᠰᠤ ᠴᠢᠨᠠᠷ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠪᠠᠶᠢᠳᠠᠯ ᠵᠡᠷᠭᠡ ᠲᠠᠯ᠎ᠠ ᠶᠢᠨ ᠠᠰᠠᠭᠤᠳᠠᠯ ᠢ ᠪᠠᠶᠢᠴᠠᠭᠠᠨ ᠦᠵᠡᠵᠦ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤᠨᠢ ᠣᠶᠢᠯᠠᠭᠠᠬᠤ ᠶᠢᠨ ᠬᠠᠮᠲᠤ ᠴᠠᠭ ᠲᠤᠬᠠᠢ ᠳᠤᠨᠢ ᠰᠢᠢᠳᠪᠦᠷᠢᠯᠡᠪᠡ᠃ ᠲᠠᠷᠢᠮᠠᠯ ᠤᠨ ᠤᠷᠭᠤᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ ᠪᠣᠯᠪᠠᠰᠤᠷᠠᠩᠭᠤᠶ ᠪᠣᠯᠬᠤ᠂ ᠨᠢᠭᠡᠴᠢ ᠤᠨᠠᠯᠲᠠ ᠶᠢᠨ ᠦᠢᠯᠡᠳᠦᠯ ᠢ ᠦᠨᠡᠨ ᠬᠦ ᠪᠠᠳᠠᠷᠠᠭᠤᠯᠬᠤ ᠶᠢᠨ ᠲᠥᠯᠥᠭᠡ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠤᠰᠬᠠᠶ ᠮᠡᠷᠭᠡᠵᠢᠯ ᠤᠨ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠣᠤᠷ᠎ᠠ᠂ ︽ᠨᠢᠭᠡ ᠰᠦᠷᠴᠢᠨ ᠣᠯᠠᠨ ᠠᠬᠢᠭᠤᠯᠬᠤ︾ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠣᠯᠠᠨ ᠲᠦᠮᠡᠨ ᠳᠤ ᠲᠡᠭᠦᠨ ᠤ ᠴᠢᠬᠤᠯᠠ ᠴᠢᠨᠠᠷ ᠢ ᠲᠠᠶᠢᠯᠪᠤᠷᠢᠯᠠᠨ ᠥᠭᠴᠦ᠂ ᠲᠠᠷᠢᠶᠠᠴᠢᠨ ᠡᠷᠦᠬᠡ ᠶᠢ ᠬᠠᠪᠰᠤᠷᠤᠨ ᠬᠤᠯᠪᠣᠭᠳᠠᠯ ᠪᠥᠬᠦᠶ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠤᠷᠣᠬᠠᠶ ᠶᠢᠨ ᠬᠥᠨᠥᠭᠡᠯ ᠢ ᠪᠠᠭᠠᠰᠬᠠᠬᠤ ᠶᠢᠨ ᠬᠠᠮᠲᠤ ᠪᠠᠰᠠ ᠲᠠᠷᠢᠮᠠᠯ ᠡᠷᠲᠡ ᠪᠣᠯᠪᠠᠰᠤᠷᠠᠵᠤ᠂ ᠠᠮᠤ ᠪᠤᠳᠠᠭᠠᠨ ᠤ ᠡᠯᠪᠡᠭ ᠬᠤᠷᠢᠶᠠᠯᠲᠠ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃      ᠲᠠᠷᠢᠶᠠᠨ ᠭᠠᠵᠠᠷ ᠲᠤ ᠬᠦᠨᠵᠡᠭᠡᠶᠢᠷᠡᠨ ᠲᠠᠷᠢᠶᠠᠯᠠᠩ ᠤᠨ ᠡᠯᠪᠡᠭ ᠬᠤᠷᠢᠶᠠᠯᠲᠠ ᠣᠯᠬᠤ ᠳᠤ ᠬᠦᠴᠦ ᠨᠡᠮᠡᠷᠢᠯᠡᠪᠡ ᠃ ᠨᠠᠮᠤᠷ ᠤᠨ ᠬᠤᠷᠢᠶᠠᠯᠲᠠ ᠶᠢᠨ ᠣᠢᠶ᠎ᠠ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠠᠷᠢᠶᠠᠨ ᠭᠠᠵᠠᠷ ᠲᠤ ᠭᠦᠨᠵᠡᠭᠡᠶᠢᠷᠡᠨ᠂ ᠲᠠᠷᠢᠶᠠᠴᠢᠳ ᠲᠤ ᠲᠤᠰᠠᠯᠠᠬᠤ ᠨᠠᠮᠤᠷ ᠤᠨ ᠬᠤᠷᠢᠶᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠠᠨᠴᠤᠢ ᠱᠢᠮᠠᠯᠠᠨ᠂ ᠲᠥᠮᠥᠰᠥ ᠣᠷᠪᠠᠯᠠᠨ ᠣᠭᠤᠲᠠᠯᠠᠵᠤ᠂ ᠰᠣᠩᠭᠢᠨ᠎ᠠ᠂ ᠰᠠᠷᠢᠮᠰᠠᠭ ᠭᠠᠷᠭᠠᠵᠤ᠂ ᠲᠠᠷᠢᠶᠠᠯᠠᠬᠤ ᠠᠵᠢᠯ ᠢ ᠪᠡᠶᠡᠴᠢᠯᠡᠨ ᠣᠶᠢᠯᠠᠭᠠᠬᠤ ᠶᠠᠪᠤᠴᠠ ᠳᠤ᠂ ᠬᠥᠳᠡᠯᠮᠦᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠲᠤᠯ ᠢ ᠣᠶᠢᠯᠠᠭᠠᠵᠤ᠂ ᠲᠠᠷᠢᠶᠠᠴᠢᠨ ᠨᠠᠶᠢᠵᠠ ᠨᠠᠷ ᠲᠠᠢ ᠬᠠᠮᠲᠤ ᠨᠠᠮᠤᠷ ᠤᠨ ᠬᠤᠷᠢᠶᠠᠯᠲᠠ ᠶᠢᠨ ︽ᠡᠯᠪᠡᠭ ᠬᠤᠷᠢᠶᠠᠯᠲᠠ︾ ᠶᠢᠨ ᠦᠵᠡᠮᠵᠢ ᠶᠢ ᠵᠢᠷᠤᠭᠯᠠᠪᠠ᠃ ᠡᠭᠦᠨ ᠤ ᠬᠠᠮᠲᠤ᠂ ᠨᠠᠮᠤᠷ ᠤᠨ ᠬᠤᠷᠢᠶᠠᠯᠲᠠ ᠶᠢᠨ ᠠᠵᠢᠯ ᠤᠨ ᠥᠨᠳᠥᠷ ᠪᠦᠲᠦᠮᠵᠢᠲᠡᠶ᠂ ᠰᠢᠨᠵᠢᠯᠡᠬᠦ ᠤᠬᠠᠭᠠᠨᠴᠢ ᠪᠠᠷ ᠶᠠᠪᠤᠭᠳᠠᠬᠤ ᠶᠢ ᠦᠨᠡᠨ ᠬᠦ ᠪᠠᠲᠤᠯᠠᠵᠤ᠂ ᠲᠠᠷᠢᠮᠠᠯ ᠤᠨ ᠬᠤᠷᠢᠶᠠᠯᠲᠠ ᠶᠢᠨ ᠶᠠᠰᠤ ᠴᠢᠨᠠᠷ ᠪᠠ ᠤᠨᠠᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ ᠮᠡᠷᠭᠡᠵᠢᠯ ᠤᠨ ᠵᠢᠯᠣᠭᠤᠳᠤᠭᠴᠢᠳ ᠴᠦ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠲᠤᠬᠠᠶ ᠶᠢᠨ ᠲᠠᠯᠠᠪᠤᠷ ᠲᠤ ᠲᠠᠷᠢᠶᠠᠴᠢᠳ ᠤᠨ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠥᠪᠡᠷ ᠤᠨ ᠪᠡᠶ᠎ᠡ ᠪᠠᠷ ᠢᠶᠠᠨ ᠮᠡᠷᠭᠡᠵᠢᠯ ᠤᠨ ᠵᠢᠱᠢᠶ᠎ᠡ ᠦᠵᠡᠭᠦᠯᠵᠦ᠂ ᠲᠠᠷᠢᠶᠠᠯᠠᠩ ᠤᠨ ᠡᠯᠪᠡᠭ ᠬᠤᠷᠢᠶᠠᠯᠲᠠ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠲᠡᠶ ᠮᠡᠷᠭᠡᠵᠢᠯ ᠤᠨ ᠳᠡᠮᠵᠢᠯᠭᠡ ᠬᠠᠩᠭᠠᠪᠠ᠃      ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠡ ᠦᠩᠭᠡᠲᠦ ᠡᠬᠡ ᠭᠠᠵᠠᠷ ᠤᠨ ᠵᠡᠭᠦᠲᠦ ᠶᠢ ᠲᠡᠷᠭᠡᠯᠰᠢᠭᠦᠯᠬᠦ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠭᠤᠤᠯ ᠪᠣᠯᠭᠠᠵᠤ᠂ ᠣᠷᠣᠨ ᠨᠤᠲᠤᠭ ᠤᠨ ᠣᠨᠴᠠᠯᠢᠭᠲᠤ ᠲᠠᠷᠢᠮᠠᠯ ᠲᠠᠢ ᠤᠶᠠᠯᠳᠤᠭᠤᠯᠤᠨ᠂ ᠪᠥᠬᠦ ᠲᠠᠯ᠎ᠠ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠪᠠ᠃ 2022 ᠣᠨ ᠳᠤ ᠰᠢᠶᠤᠤ ᠸᠧᠨ ᠭᠦᠩ ᠰᠢᠶᠠᠩ 1340 ᠮᠦ ᠭᠠᠵᠠᠷ ᠰᠢᠷᠣᠢ ᠶᠢ ᠰᠢᠯᠵᠢᠭᠦᠯᠦᠨ ᠬᠦᠬᠦᠷᠭᠡᠨ᠎ᠡ ᠶᠢᠨ ᠦᠨᠳᠦᠰᠦ ᠲᠠᠷᠢᠵᠤ᠂ ᠮᠦ ᠪᠦᠷᠢ ᠶᠢᠨ ᠦᠢᠯᠡᠳᠬᠦᠨ ᠤ ᠦᠷᠳᠡᠭ 3000 ᠲᠥᠭᠦᠷᠢᠭ ᠠᠴᠠ ᠳᠡᠭᠡᠭᠰᠢ ᠳᠤ ᠬᠦᠷᠴᠦ᠂ ᠡᠷᠬᠢᠨ ᠲᠣᠭᠤᠷᠢᠨ ᠤ 30 ᠭᠠᠷᠤᠢ ᠲᠠᠷᠢᠶᠠᠴᠢᠨ ᠡᠷᠦᠬᠡ ᠶᠢ ᠲᠠᠶᠢᠴᠢᠯᠠᠨ ᠬᠥᠳᠡᠯᠮᠦᠷᠢ ᠪᠠᠷ ᠣᠷᠣᠯᠭ᠎ᠠ ᠶᠢ ᠨᠢ ᠨᠡᠮᠡᠭᠳᠡᠭᠦᠯᠵᠦ᠂ ᠡᠷᠦᠬᠡ ᠪᠦᠷᠢ ᠶᠢᠨ ᠬᠥᠯᠥᠰᠥᠨ ᠠᠵᠢᠯ ᠬᠢᠵᠦ ᠪᠠᠶᠢᠭ᠎ᠠ ᠣᠷᠣᠯᠭ᠎ᠠ ᠶᠢ ᠳᠤᠮᠳᠠᠴᠢ ᠪᠠᠷ 1 ᠲᠦᠮᠡᠨ ᠲᠥᠭᠦᠷᠢᠭ ᠠᠴᠠ ᠳᠡᠭᠡᠭᠰᠢ ᠨᠡᠮᠡᠭᠳᠡᠭᠦᠯᠵᠦ᠂ ᠪᠦᠬᠦ ᠰᠢᠶᠠᠩ ᠤᠨ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠠᠬᠢᠭᠤᠯᠵᠤ ᠨᠡᠯᠢᠶᠡᠳ ᠰᠠᠶᠢᠨ ᠦᠷ᠎ᠡ ᠪᠦᠲᠦᠮᠵᠢ ᠤᠯᠪᠠ᠃ 2023 ᠣᠨ ᠳᠤ᠂ ᠰᠢᠶᠤᠤ ᠸᠧᠨ ᠭᠦᠩ ᠰᠢᠶᠠᠩ ᠲᠠᠷᠢᠶᠠᠴᠢᠨ ᠡᠷᠦᠬᠡ ᠳᠤ ᠬᠦᠬᠦᠷᠭᠡᠨ᠎ᠡ ᠶᠢᠨ ᠦᠨᠳᠦᠰᠦ ᠲᠠᠷᠢᠬᠤ ᠶᠢ ᠤᠬᠠᠭᠤᠯᠤᠨ ᠳᠡᠯᠭᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠤᠨᠴᠢᠨ᠂ ᠴᠢᠨ᠋ᠸ᠎ᠠ ᠶᠢᠨ ᠬᠠᠯᠢᠭᠤ᠂ ᠬᠤᠷᠳᠤᠨ ᠴᠠᠭᠠᠨ ᠵᠡᠷᠭᠡ ᠤᠯᠠᠨ ᠨᠠᠰᠤᠲᠤ ᠬᠢᠲᠠᠳ ᠡᠮ ᠤᠨ ᠮᠠᠲ᠋ᠧᠷᠢᠶᠠᠯ ᠳᠠᠷᠢᠵᠤ᠂ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠢ ᠠᠵᠤ ᠦᠢᠯᠡᠰᠵᠢᠯᠲᠡ᠂ ᠬᠡᠪᠴᠢᠶᠡᠵᠢᠯᠲᠡ ᠪᠠ ᠰᠢᠨᠵᠢᠯᠡᠬᠦ ᠤᠬᠠᠭᠠᠨᠴᠢᠯᠠᠯᠲᠠ ᠲᠡᠶᠢᠰᠢ ᠬᠥᠭᠵᠢᠭᠦᠯᠬᠦ ᠶᠢ ᠠᠬᠢᠭᠤᠯᠵᠤ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠨᠡᠮᠡᠯᠲᠡ ᠦᠷᠳᠡᠭ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠢ ᠠᠵᠤ ᠦᠢᠯᠡᠰ ᠤᠨ ᠬᠥᠭᠵᠢᠯᠲᠡ ᠶᠢᠨ ᠳᠤᠮᠳᠠ ᠡᠷᠴᠢ ᠵᠣᠷᠢᠭ ᠲᠡᠭᠦᠯᠳᠡᠷ᠂ ᠵᠣᠭᠤᠰ ᠮᠥᠩᠭᠦ ᠲᠠᠢ᠂ ᠪᠠᠶᠠᠵᠢᠵᠤ ᠴᠢᠳᠠᠬᠤ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃      ᠤᠷᠲᠤ ᠤᠳᠠᠭᠠᠨ ᠠᠶᠠᠨ ᠵᠠᠮ ᠳᠤ᠂ ᠭᠠᠭᠴᠠ ᠬᠦ ᠲᠡᠮᠡᠴᠡᠯ ᠬᠡᠷᠡᠭᠲᠡᠢ᠃ ᠳᠠᠷᠠᠭᠠᠴᠢ ᠶᠢᠨ ᠠᠯᠬᠤᠮ ᠳᠤ᠂ ᠰᠢᠶᠤᠤ ᠸᠧᠨ ᠭᠦᠩ ᠰᠢᠶᠠᠩ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠡ ᠦᠩᠭᠡᠲᠦ ᠡᠬᠡ ᠭᠠᠵᠠᠷ ᠤᠨ ᠵᠡᠭᠦᠲᠦ ᠶᠢ ᠲᠡᠷᠭᠡᠯᠰᠢᠭᠦᠯᠬᠦ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠢ ᠦᠷᠭᠦᠯᠵᠢᠯᠡᠨ ᠠᠬᠢᠭᠤᠯᠵᠤ᠂ ᠦᠢᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠯᠣᠭᠤᠳᠬᠤ ᠬᠦᠴᠦᠨ ᠢ ᠴᠢᠩᠭᠠᠳᠬᠠᠵᠤ᠂ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠤᠯᠠᠨ ᠲᠠᠷᠢᠶᠠᠴᠢᠨ ᠲᠦᠮᠡᠨ ᠳᠤ ᠦᠢᠯᠡᠴᠢᠯᠡᠬᠦ ᠪᠠᠷ ᠵᠣᠷᠢᠯᠲᠠ ᠪᠣᠯᠭᠠᠵᠤ᠂ ᠤᠨᠴᠠᠯᠢᠬᠳᠤ ᠲᠠᠷᠢᠮᠠᠯ ᠤᠨ ᠲᠦᠷᠦᠯ ᠵᠦᠢᠯ ᠤᠨ ᠲᠠᠰᠤᠷᠠᠯᠲᠠ ᠦᠭᠡᠢ ᠤᠷᠤᠭᠰᠢ ᠬᠥᠭᠵᠢᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠤᠴᠢ ᠶᠢᠨ ᠭᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号