ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠤᠨ ᠦᠵᠡᠭᠦᠯᠦᠯᠭᠡ—ᠰᠢ ᠾᠧ ᠰᠢᠶᠠᠩ᠄ ︽ᠰᠠᠶᠢᠨ ᠳᠠᠭᠤᠨ︾ ᠭᠡᠬᠦ ᠤᠨᠤᠯ ᠤᠨ ᠤᠬᠠᠭᠤᠯᠤᠨ ᠲᠠᠶᠢᠯᠪᠤᠷᠢᠯᠠᠯᠲᠠ
ᠨᠡᠶᠢᠲᠡᠯᠡᠭᠰᠡᠨ ᠴᠠᠭ᠄
2024/9/30
      ᠤᠢᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠰᠢ ᠾᠧ ᠰᠢᠶᠠᠩ ︽ᠠᠷᠠᠳ ᠲᠦᠮᠡᠨ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠵᠣᠷᠢᠭᠲᠠᠢ ᠪᠠᠷ ᠰᠢᠨ᠎ᠡ ᠶᠢ ᠡᠭᠦᠳᠬᠦ ᠶᠢ ᠡᠷᠢᠯᠬᠢᠯᠡᠵᠦ᠂ ︽ᠲᠤᠰᠬᠠᠢ ᠮᠡᠷᠭᠡᠵᠢᠯᠲᠡᠨ ᠤᠨᠤᠯ ᠢ ᠶᠠᠷᠢᠬᠤ᠂ ᠺᠠᠳ᠋ᠷ ᠲᠦᠷᠦ ᠶᠢᠨ ᠪᠤᠳᠤᠯᠭ᠎ᠠ ᠶᠢ ᠶᠠᠷᠢᠬᠤ᠂ ᠦᠯᠢᠭᠡᠷ ᠳᠠᠭᠤᠷᠢᠶᠠᠯ ᠢ ᠶᠠᠷᠢᠬᠤ᠂ ᠤᠯᠠᠨ ᠲᠦᠮᠡᠨ ᠬᠤᠪᠢᠷᠠᠯᠲᠠ ᠶᠢ ᠶᠠᠷᠢᠬᠤ︾ ᠪᠠᠷ ᠭᠤᠣᠯ ᠠᠭᠤᠯᠭ᠎ᠠ ᠪᠣᠯᠭᠠᠵᠤ᠂ ︽ᠰᠠᠶᠢᠨ ᠳᠠᠭᠤᠨ︾ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠨᠠᠷᠡᠲᠦ ᠲᠡᠮᠳᠡᠭᠲᠦ ᠶᠢ ᠪᠦᠬᠦ ᠬᠦᠴᠦᠨ ᠢᠶᠠᠷ ᠢᠶᠠᠨ ᠡᠭᠦᠳᠴᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠵᠠᠩ ᠳᠠᠳᠬᠠᠯ ᠢ ᠥᠭᠡᠷᠡᠴᠢᠯᠡᠬᠦ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠯᠢ ᠤᠯᠠᠨ ᠤᠯᠠᠨ ᠲᠦᠮᠡᠨ ᠲᠠᠢ ᠨᠢᠭᠲᠠ ᠬᠤᠯᠪᠣᠭ᠎ᠠ ᠲᠠᠢ᠂ ᠠᠩᠬᠠᠷᠤᠯ ᠤᠨ ᠬᠡᠮᠵᠢᠶ᠎ᠡ ᠥᠨᠳᠥᠷ ᠠᠭᠤᠯᠭ᠎ᠠ ᠶᠢᠨ ᠲᠣᠭᠤᠷᠢᠨ ᠳᠤ᠂ ︽ᠤᠨᠤᠯ + ᠡᠩᠨᠡᠭᠡ︾᠂ ︽ᠣᠨᠤᠯ + ᠦᠢᠯᠡᠴᠢᠯᠡᠭᠡ︾᠂ ︽ᠤᠨᠤᠯ + ᠵᠠᠬᠢᠶᠠᠯᠠᠭ᠎ᠠ︾᠂ ︽ᠤᠨᠤᠯ + ᠤᠳᠬ᠎ᠠ ᠤᠷᠠᠯᠢᠭ︾ ᠵᠡᠷᠭᠡ ᠤᠯᠠᠨ ᠵᠦᠢᠯ ᠤᠨ ᠤᠬᠠᠭᠤᠯᠤᠨ ᠲᠠᠶᠢᠯᠪᠤᠷᠢᠯᠠᠬᠤ ᠵᠠᠭᠪᠤᠷ ᠤᠨ ᠰᠢᠨ᠎ᠡ ᠶᠢ ᠡᠭᠦᠳᠴᠦ᠂ ︽ᠨᠤᠲᠤᠭ ᠤᠨ ᠦᠭᠡ︾᠂ ︽ᠶᠠᠷᠢᠶᠠᠨ ᠤ ᠦᠭᠡ︾ ᠪᠠᠷ ᠬᠠᠷᠢᠯᠴᠠᠨ ᠬᠥᠳᠡᠯᠦᠯᠴᠡᠬᠦ ᠮᠠᠶ᠋ᠢᠭ ᠤᠨ᠂ ᠰᠣᠯᠢᠯᠴᠠᠭᠠᠨ ᠤ ᠮᠠᠶ᠋ᠢᠭ ᠤᠨ ᠤᠬᠠᠭᠤᠯᠤᠨ ᠲᠠᠶᠢᠯᠪᠤᠷᠢᠯᠠᠬᠤ ᠠᠵᠢᠯ ᠢ ᠦᠷᠨᠢᠭᠦᠯᠵᠦ᠂ ᠤᠯᠠᠨ ᠲᠦᠮᠡᠨ ᠢ ᠰᠠᠭᠤᠬᠤ᠂ ᠰᠣᠨᠣᠰᠬᠤ ᠳᠤᠷᠠᠲᠠᠢ᠂ ᠰᠤᠷᠴᠤ ᠳᠡᠶᠢᠯᠬᠦ᠂ ᠠᠰᠢᠭ ᠬᠦᠷᠲᠡᠭᠡᠬᠦ ᠶᠢ ᠠᠬᠢᠭᠤᠯᠪᠠ᠃      ᠬᠠᠷᠢᠶᠠᠲᠤ ᠣᠷᠣᠨ ᠤ ᠠᠬᠠᠮᠠᠳ ᠱᠦᠵᠢ᠂ ᠠᠬᠠᠮᠠᠳ ᠨᠠᠮ ᠤᠨ ᠭᠡᠰᠢᠭᠦᠨ ᠤ ᠤᠯᠤᠰ ᠲᠥᠷᠥ ᠶᠢᠨ ᠳᠠᠪᠠᠭᠤᠯᠢᠭ ᠪᠠ ᠵᠠᠯᠠᠭᠤᠴᠤᠳ ᠤᠨ ᠬᠠᠮᠲᠤᠯᠢᠭ ᠤᠨ ᠲᠥᠪᠯᠡᠷᠡᠯ ᠤᠨ ᠳᠠᠪᠠᠭᠤᠯᠢᠭ ᠢ ᠭᠦᠢᠴᠡᠳ ᠠᠭᠤᠳᠠᠯᠵᠤ᠂ ᠪᠥᠬᠦ ᠰᠢᠶᠠᠩ ᠤᠨ ᠠᠬᠠᠮᠠᠳ ᠱᠦᠵᠢ᠂ ᠠᠬᠠᠮᠠᠳ ᠨᠠᠮ ᠤᠨ ᠭᠡᠰᠢᠭᠦᠨ ᠪᠠ ᠵᠠᠯᠠᠭᠤ ᠨᠠᠮ ᠤᠨ ᠭᠡᠰᠢᠭᠦᠨ᠂ ᠡᠪᠯᠡᠯ ᠤᠨ ᠭᠡᠰᠢᠭᠦᠨ ᠢᠶᠠᠷ ᠭᠤᠤᠯ ᠬᠠᠮᠲᠤᠯᠢᠭ ᠪᠣᠯᠭᠠᠵᠤ᠂ ︽ᠨᠢᠭᠡ ᠨᠠᠰᠤᠲᠠᠨ ᠨᠢᠭᠡ ᠵᠠᠯᠠᠭᠤ︾ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠵᠣᠬᠢᠶᠠᠨ ᠪᠠᠶᠢᠭᠤᠯᠪᠠ᠃ ᠨᠢᠭᠡ ᠵᠠᠯᠠᠭᠤ ᠨᠢ ᠳᠠᠷᠤᠢ ︽ᠵᠠᠯᠠᠭᠤ ᠶᠢᠨ ︿ᠴᠤᠭᠯᠠᠭᠠᠨ﹀ ᠤ ᠲᠤᠬᠠᠢ ᠶᠠᠷᠢᠬᠤ ︾ ᠤᠬᠠᠭᠤᠯᠤᠨ ᠲᠠᠶᠢᠯᠪᠤᠷᠢᠯᠠᠬᠤ ᠪᠠᠭ᠎ᠠ ᠠᠩᠬᠢ ᠪᠣᠯᠤᠨ᠎ᠠ᠂ ᠨᠢᠭᠡ ᠨᠠᠰᠤᠲᠠᠨ ᠨᠢ ︽ᠠᠬᠠᠮᠠᠳ ᠱᠦᠵᠢ︾ ᠶᠢᠨ ᠠᠵᠢᠯᠯᠠᠬᠤ ᠲᠠᠰᠤᠭ ᠪᠣᠯᠤᠨ᠎ᠠ᠂ ᠤᠬᠠᠭᠤᠯᠤᠨ ᠲᠠᠶᠢᠯᠪᠤᠷᠢᠯᠠᠬᠤ ᠠᠵᠢᠯ ︽ᠵᠠᠯᠠᠭᠤᠴᠤᠳ ᠤᠨ ᠵᠠᠮ︾ ᠢᠶᠠᠷ ᠵᠠᠮᠨᠠᠬᠤ ᠪᠠᠷ ᠪᠠᠷᠠᠬᠤ ᠦᠭᠡᠢ᠂ ᠨᠡᠩ ︽ᠴᠠᠭ ᠦᠶ᠎ᠡ ᠶᠢᠨ ᠦᠨᠦᠷ ᠠᠮᠲᠠ︾ ᠪᠠᠶᠢᠬᠤ ᠬᠡᠷᠡᠭᠲᠡᠢ᠃ ᠰᠦᠯᠵᠢᠶᠡᠨ ᠳᠡᠭᠡᠷ᠎ᠡ᠂ ᠠᠯᠪᠠᠨ ᠤ ᠲᠠᠯ᠎ᠠ ᠶᠢᠨ ᠤᠯᠠᠨ ᠨᠡᠶᠢᠲᠡ ᠶᠢᠨ ᠸᠢᠴᠠᠲ ᠲᠠᠪᠴᠠᠩ ᠳᠤ ︽ᠠᠴᠢ ᠡᠨᠡᠷᠢᠯ ᠳᠤ ᠲᠠᠯᠠᠷᠬᠠᠭᠰᠠᠨ ᠦᠯᠢᠭᠡᠷ ᠶᠠᠷᠢᠶ᠎ᠠ︾ ᠪᠤᠯᠤᠩ ᠭᠠᠷᠭᠠᠵᠤ᠂ ᠠᠬᠠᠮᠠᠳ ᠱᠦᠵᠢ ᠨᠠᠷ ᠥᠪᠡᠷ ᠤᠨ ᠪᠡᠶ᠎ᠡ  ᠶᠢᠨ ᠢᠶᠠᠨ ᠦᠩᠭᠡᠷᠡᠯᠲᠡ ᠪᠠ ᠲᠦᠷᠦᠭᠳᠡᠯ ᠲᠠᠢ ᠪᠠᠨ ᠤᠶᠠᠯᠳᠤᠭᠤᠯᠤᠨ ᠲᠦᠷᠦ ᠶᠢᠨ ᠪᠤᠳᠤᠯᠭ᠎ᠠ ᠂ ᠬᠤᠪᠢᠷᠠᠯᠲᠠ ᠶᠢ ᠶᠠᠷᠢᠵᠤ᠂ ᠤᠯᠠᠨ ᠲᠦᠮᠡᠨ ᠳᠤ ᠤᠨᠤᠯ ᠤᠨ ︽ᠰᠢᠮ᠎ᠡ ᠲᠡᠵᠢᠭᠡᠯ ᠤᠨ ᠴᠤᠭᠯᠠᠭᠠᠨ︾ ᠬᠦᠷᠭᠡᠪᠡ᠃ ᠪᠣᠳᠠᠳᠤ ᠴᠣᠭᠴᠠ ᠳᠤ᠂ ︽ᠵᠠᠯᠠᠭᠤᠴᠤᠳ ᠤᠨ ︿ᠴᠤᠭᠯᠠᠭᠠᠨ﹀ ᠤ ᠲᠤᠬᠠᠢ ᠶᠠᠷᠢᠬᠤ︾ ᠤᠬᠠᠭᠤᠯᠤᠨ ᠲᠠᠶᠢᠯᠪᠤᠷᠢᠯᠠᠬᠤ ᠪᠠᠭ᠎ᠠ ᠠᠩᠭᠢ ᠶᠢᠨ ᠬᠢᠨ ᠲᠣᠰᠬᠤᠨ ᠤ ᠡᠷᠦᠬᠡ ᠳᠤ ᠬᠦᠷᠴᠦ ᠠᠶᠤᠯ ᠦᠭᠡᠢ ᠦᠢᠯᠡᠳᠪᠦᠷᠢᠯᠡᠯ᠂ ᠵᠠᠩ ᠳᠠᠳᠬᠠᠯ ᠢ ᠥᠭᠡᠷᠡᠴᠢᠯᠡᠬᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠮᠢᠳᠤ ᠰᠣᠷᠭᠤᠭ ᠬᠡᠷᠡᠭ ᠤᠨ ᠵᠢᠱᠢᠶ᠎ᠡ ᠶᠢ ᠤᠯᠠᠨ ᠲᠦᠮᠡᠨ ᠤ ᠳᠡᠷᠭᠡᠳᠡ ᠠᠪᠴᠢᠷᠠᠵᠤ᠂ ᠤᠬᠠᠭᠤᠯᠤᠨ ᠲᠠᠶᠢᠯᠪᠤᠷᠢᠯᠠᠬᠤ ᠠᠵᠢᠯ ᠳᠤ ᠠᠮᠵᠢᠯᠲᠠ ᠪᠦᠲᠦᠮᠵᠢ ᠭᠠᠷᠭᠠᠪᠠ᠃      ᠬᠠᠷᠢᠶᠠᠲᠤ ᠣᠷᠣᠨ ᠤ ᠤᠳᠬ᠎ᠠ ᠤᠷᠠᠯᠢᠭ ᠤᠨ ᠪᠦᠯᠬᠦᠮ᠂ ᠤᠳᠬ᠎ᠠ ᠤᠷᠠᠯᠢᠭ ᠤᠨ ᠭᠤᠣᠯᠯᠠᠭᠴᠢ ᠬᠦᠴᠦᠨ᠂ ᠤᠳᠬ᠎ᠠ ᠤᠷᠠᠯᠢᠭ ᠤᠨ ᠳᠤᠷ᠎ᠠ ᠪᠠᠭ᠋ᠠᠲᠠᠶ ᠬᠥᠮᠦᠰ ᠢ ᠭᠦᠢᠴᠡᠳ ᠠᠭᠤᠳᠠᠯᠵᠤ᠂ ᠨᠢᠭᠡ ᠪᠦᠯᠦᠭ ᠲᠠᠶᠢᠰᠤᠨ ᠳᠤ ᠭᠠᠷᠴᠤ ᠲᠣᠭᠯᠠᠬᠤ᠂ ᠶᠠᠷᠢᠵᠤ ᠴᠢᠳᠠᠬᠤ ᠤᠷᠠᠨ ᠰᠠᠶᠢᠬᠠᠨ ᠤ ᠤᠬᠠᠭᠤᠯᠤᠨ ᠲᠠᠶᠢᠯᠪᠤᠷᠢᠯᠠᠭᠴᠢ ᠶᠢ ᠵᠣᠬᠢᠶᠠᠨ ᠪᠠᠶᠢᠭᠤᠯᠵᠤ᠂ ᠡᠯ᠎ᠡ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠳᠤ ᠲᠦᠰᠢᠭᠯᠡᠨ᠂ ᠣᠯᠠᠨ ᠲᠦᠮᠡᠨ ᠤ ᠰᠣᠨᠤᠰᠴᠤ ᠦᠵᠡᠬᠦ ᠳᠤᠷᠠᠲᠠᠶ ᠳᠠᠭᠤᠤ᠂ ᠪᠥᠵᠢᠭ᠂ ᠱᠤᠭ ᠵᠦᠴᠦᠭᠡ᠂ ᠴᠠᠷᠭᠢᠯ ᠬᠤᠯᠪᠣᠭ᠎ᠠ ᠵᠡᠷᠭᠡ ᠤᠳᠬ᠎ᠠ ᠤᠷᠠᠯᠢᠭ ᠤᠨ ᠬᠡᠯᠪᠡᠷᠢ ᠪᠠᠷ ᠴᠠᠭ ᠦᠶ᠎ᠡ ᠶᠢᠨ ᠭᠤᠤᠯ ᠬᠥᠭ ᠠᠶᠠᠰ ᠢ ᠴᠢᠩᠭ᠎ᠠ ᠡᠵᠡᠮᠳᠡᠵᠦ᠂ ᠵᠢᠵᠢᠭ ᠰᠡᠳᠦᠪ᠂ ᠵᠢᠵᠢᠭ ᠥᠯᠢᠭᠡᠷ᠂ ᠵᠢᠵᠢᠭ ᠬᠠᠷᠠᠭᠠᠰᠤ ᠪᠠᠷ ᠤᠬᠠᠭᠤᠯᠤᠨ ᠲᠠᠶᠢᠯᠪᠤᠷᠢᠯᠠᠵᠤ᠂ ᠠᠷᠠᠳ ᠣᠯᠠᠨ ᠢ ᠣᠶᠢᠯᠠᠭᠠᠵᠤ ᠳᠡᠶᠢᠯᠬᠦ᠂ ᠴᠡᠭᠡᠵᠢᠯᠡᠵᠦ ᠳᠡᠶᠢᠯᠬᠦ᠂ ᠰᠤᠷᠴᠦ ᠳᠡᠶᠢᠯᠬᠦ᠂ ᠨᠠᠩ ᠬᠢᠵᠦ ᠳᠡᠶᠢᠯᠬᠦ ᠪᠣᠯᠭᠠᠪᠠ᠃ ᠡᠭᠦᠨ ᠳᠤ᠂ ᠤᠳᠬ᠎ᠠ ᠤᠷᠠᠯᠢᠭ ᠤᠨ ᠠᠵᠢᠯ ᠬᠢᠭᠴᠢᠳ ᠤᠨ ᠥᠭᠡᠷᠡᠴᠢᠯᠡᠨ ᠨᠠᠶᠢᠷᠠᠭᠤᠯᠵᠤ ᠳᠠᠭᠤᠯᠠᠭᠰᠠᠨ ᠬᠤᠶᠠᠷ ᠬᠦᠮᠦᠨ ᠤ ᠡᠯᠭᠦᠯᠴᠡᠭᠡ ︽ᠲᠡᠮᠡᠭᠡ ᠲᠠᠲᠠᠬᠤ︾᠂ ᠴᠠᠷᠭᠢᠯ ᠬᠤᠯᠪᠣᠭ᠎ᠠ ︽ᠬᠡᠪ ᠵᠠᠩᠰᠢᠯ ᠢ ᠥᠭᠡᠷᠡᠴᠢᠯᠡᠵᠦ ᠦᠯᠢᠭᠡᠷ ᠳᠠᠭᠤᠷᠢᠶᠠᠯ ᠪᠣᠯᠬᠤ︾ ᠵᠡᠷᠭᠡ ᠣᠯᠠᠨ ᠲᠦᠮᠡᠨ ᠤ ᠳᠤᠷ᠎ᠠ ᠪᠠᠬ᠎ᠠ ᠶᠢ ᠶᠡᠬᠡᠳᠡ ᠲᠠᠲᠠᠵᠤ᠂ ᠣᠯᠠᠨ ᠲᠦᠮᠡᠨ ᠯᠦᠭᠡ ᠶᠢᠨ ᠵᠠᠶ ᠶᠢ ᠣᠶᠢᠷᠠᠲᠤᠭᠤᠯᠤᠭᠰᠠᠨ ᠢᠶᠠᠷ ᠪᠠᠷᠠᠬᠤ ᠥᠬᠡᠶ᠂ ᠪᠠᠰᠠ ᠤᠬᠠᠭᠤᠯᠤᠨ ᠲᠠᠶᠢᠯᠪᠤᠷᠢᠯᠠᠬᠤ ᠠᠭᠤᠷ ᠠᠮᠢᠰᠬᠤᠯ ᠢ ᠬᠥᠭᠵᠢᠶᠡᠨᠲᠡᠶ ᠪᠣᠯᠭᠠᠵᠤ᠂ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠯᠲᠠ ᠶᠢ ᠦᠨᠡᠨ ᠬᠦ ᠬᠥᠮᠦᠰ ᠤᠨ ᠰᠡᠳᠬᠢᠯ ᠳᠤ ᠬᠠᠳᠠᠩᠰᠢᠭᠤᠯᠵᠠᠶ᠃      ᠬᠠᠷᠢᠶ᠎ᠠ ᠣᠷᠣᠨ ᠤ ᠡᠯ᠎ᠡ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠲᠦᠰᠢᠭᠯᠡᠨ᠂ ᠤᠯᠠᠨ ᠲᠦᠮᠡᠨ ᠤ ᠵᠠᠬᠢᠶᠠᠯᠠᠭ᠎ᠠ ᠶᠢᠨ ᠬᠠᠭᠤᠳᠠᠰᠤ᠂ ᠦᠷᠳᠡᠭᠡ ᠭᠠᠵᠠᠷ ᠤᠨ ᠵᠠᠬᠢᠶᠠᠯᠠᠭ᠎ᠠ ᠶᠢ ᠬᠦᠯᠢᠶᠡᠨ ᠠᠪᠬᠤ᠂ ᠤᠬᠠᠭᠤᠯᠤᠨ ᠲᠠᠶᠢᠯᠪᠤᠷᠢᠯᠠᠬᠤ ᠳᠤ ᠬᠠᠭᠤᠳᠠᠰᠤ ᠲᠣᠮᠢᠯᠠᠬᠤ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠤᠷᠢᠳ ᠬᠤᠵᠢᠳ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ᠂ ᠵᠠᠯᠠᠭᠤ ᠺᠠᠳ᠋ᠷ᠂ ︽ᠨᠤᠲᠤᠭ ᠤᠨ ᠲᠤᠰᠬᠠᠢ ᠮᠡᠷᠭᠡᠵᠢᠯᠲᠡᠨ︾ ᠪᠣᠯᠤᠨ ︽ᠲᠠᠷᠢᠶᠠᠨ ᠭᠠᠵᠠᠷ ᠤᠨ ᠴᠢᠳᠠᠪᠤᠷᠢᠲᠠᠨ︾ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠭᠦᠨᠵᠡᠭᠡᠶᠢᠷᠡᠭᠦᠯᠵᠦ᠂ ︽ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠲᠤᠷᠰᠢᠯᠭ᠎ᠠ ᠶᠢ ᠬᠤᠪᠢᠶᠠᠯᠴᠠᠬᠤ︾᠂ ︽ᠲᠡᠵᠢᠭᠡᠨ ᠦᠷᠡᠵᠢᠭᠦᠯᠬᠦ ᠲᠠᠶᠢᠯᠤᠮᠵᠢ ᠶᠢᠨ ᠪᠣᠯᠪᠠᠰᠤᠷᠠᠯ︾ ᠵᠡᠷᠭᠡ 10 ᠭᠠᠷᠤᠢ ᠲᠠᠯᠠᠪᠤᠷ ᠮᠡᠷᠭᠡᠵᠢᠯ ᠤᠨ ᠴᠢᠨᠠᠷᠲᠠᠢ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠪᠡ᠃ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢ ᠨᠡᠩ ︽ᠮᠡᠷᠭᠡᠵᠢᠯ︾ ᠤᠨ ᠠᠭᠤᠯᠤᠭᠳᠠᠬᠤᠨ ᠲᠠᠢ ᠪᠣᠯᠭᠠᠵᠤ᠂ ᠣᠨᠤᠪᠴᠢᠲᠠᠢ ᠳᠤᠰᠤᠯᠭᠠᠨ ᠤᠰᠤᠯᠠᠬᠤ ᠶᠢ ᠪᠡᠶᠡᠯᠡᠭᠦᠯᠪᠡ᠃ ᠨᠠᠮ ᠤᠨ ᠡᠭᠦᠷ ᠠᠴᠠ ᠬᠤᠷᠰᠢᠶᠠᠵᠢᠯ ᠢ ᠳᠠᠭᠠᠭᠤᠯᠤᠨ ᠡᠷᠭᠢᠯᠡᠬᠦ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠢ ᠢᠳᠡᠪᠬᠢᠲᠡᠶ ᠵᠣᠯᠭᠠᠭᠤᠯᠵᠤ᠂ ᠲᠤᠰᠬᠠᠶ ᠮᠡᠷᠭᠡᠵᠢᠯᠲᠡᠨ ᠪᠠᠭᠰᠢ ᠶᠢ ᠤᠷᠢᠵᠤ᠂ ᠣᠯᠠᠨ ᠤᠳᠠᠭ᠎ᠠ ᠰᠦᠯᠵᠢᠶᠡᠨ ᠳᠡᠭᠡᠷ᠎ᠡ ᠪᠠ ᠪᠤᠳᠠᠳᠤ ᠴᠣᠭᠴᠠ ᠶᠢᠨ ᠲᠡᠵᠢᠭᠡᠯ ᠪᠣᠷᠳᠤᠭ᠎ᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠬᠤ ᠪᠠ ᠮᠥᠷᠳᠡᠨ ᠵᠢᠯᠣᠭᠤᠳᠴᠤ᠂ ᠲᠤᠬᠠᠶ ᠶᠢᠨ ᠲᠠᠯᠠᠪᠤᠷ ᠲᠤ ᠠᠯᠤᠰ ᠠᠴᠠ ︽ᠰᠤᠳᠠᠯ ᠢ ᠨᠢ ᠪᠠᠷᠢᠵᠤ ᠣᠨᠣᠰᠢᠯᠠᠬᠤ︾ ᠶᠢ ᠪᠡᠶᠡᠯᠡᠭᠦᠯᠵᠦ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠵᠤ᠂ ᠣᠷᠣᠯᠭ᠎ᠠ ᠶᠢ ᠳᠡᠭᠡᠭᠰᠢᠯᠡᠭᠦᠯᠪᠡ᠃      ᠰᠢ ᠾᠧ ᠰᠢᠶᠠᠩ ᠤᠨ ︽ᠰᠠᠶᠢᠨ ᠳᠠᠭᠤᠨ︾ ᠣᠨᠣᠯ ᠢ ᠤᠬᠠᠭᠤᠯᠤᠨ ᠲᠠᠶᠢᠯᠪᠤᠷᠢᠯᠠᠬᠤ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠨᠢ ᠪᠥᠬᠦ ᠰᠢᠶᠠᠩ ᠤᠨ ︽ᠨᠢᠭᠡ ᠨᠠᠰᠤᠲᠠᠨ ᠨᠢᠭᠡ ᠵᠠᠯᠠᠭᠤ︾ ᠡᠬᠢ ᠪᠠᠶᠠᠯᠢᠭ ᠢ ᠵᠦᠶ ᠵᠣᠬᠢᠰᠲᠠᠶ ᠨᠢᠭᠡᠳᠦᠯᠲᠡᠶ ᠲᠥᠯᠥᠪᠯᠡᠵᠦ᠂ ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠶᠢ ︽ᠬᠡᠨ ᠶᠠᠷᠢᠬᠤ︾᠂ ︽ᠬᠡᠷᠬᠢᠨ ᠶᠠᠷᠢᠬᠤ︾᠂ ︽ᠶᠠᠭᠤ ᠶᠠᠷᠢᠬᠤ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠣᠳᠣᠬᠠᠨ ᠳᠤ ᠨᠢᠭᠡᠨᠲᠡ ︽ᠰᠠᠶᠢᠨ ᠲᠠᠭᠤᠨ︾ ᠣᠨᠣᠯ ᠤᠨ ᠤᠬᠠᠭᠤᠯᠤᠨ ᠲᠠᠶᠢᠯᠪᠤᠷᠢᠯᠠᠬᠤ ᠨᠡᠷᠡᠲᠦ ᠲᠡᠮᠳᠡᠭᠲᠦ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠬᠠᠷᠢᠶ᠎ᠠ ᠣᠷᠣᠨ ᠤ ᠠᠬᠠᠮᠠᠳ ᠱᠦᠵᠢ᠂ ᠵᠠᠯᠠᠭᠤ ᠺᠠᠳ᠋ᠷ ᠵᠡᠷᠭᠡ ᠬᠥᠮᠦᠰ ᠢᠶᠠᠷ ᠭᠤᠤᠯ ᠪᠣᠯᠭᠠᠭᠰᠠᠨ ᠤᠬᠠᠭᠤᠯᠤᠨ ᠲᠠᠶᠢᠯᠪᠤᠷᠢᠯᠠᠬᠤ ᠡᠩᠨᠡᠭᠡ ᠪᠠᠷ ᠤᠯᠠᠨ ᠨᠡᠶᠢᠲᠡ ᠶᠢᠨ ᠸᠢᠴᠠᠲ ᠲᠠᠪᠴᠠᠩ᠂ ︽ᠲᠣᠰᠬᠤᠨ ᠪᠣᠯᠭᠠᠨ ᠳᠤ ᠳᠠᠭᠤᠷᠢᠰᠬᠤ︾ ᠵᠡᠷᠭᠡ ᠰᠦᠯᠵᠢᠶᠡᠨ ᠳᠡᠭᠡᠷᠡᠬᠢ ᠪᠠ ᠪᠤᠳᠠᠳᠤ ᠴᠣᠭᠴᠠ ᠶᠢᠨ ᠤᠬᠠᠭᠤᠯᠤᠨ ᠲᠠᠶᠢᠯᠪᠤᠷᠢᠯᠠᠬᠤ ᠠᠴᠢᠶᠠᠯᠠᠪᠤᠷᠢ ᠪᠠᠷ ᠲᠤᠯᠭᠠᠭᠤᠷᠢᠯᠠᠯ ᠪᠣᠯᠭᠠᠭᠰᠠᠨ ᠪᠣᠰᠤᠭ᠎ᠠ ᠴᠣᠭᠴᠠᠲᠤ ᠮᠠᠶ᠋ᠢᠭ ᠤᠨ᠂ ᠪᠦᠬᠦᠨ ᠢ ᠬᠠᠮᠤᠷᠤᠭᠰᠠᠨ ᠤᠨᠴᠠᠯᠢᠬᠳᠤ ᠤᠬᠠᠭᠤᠯᠤᠨ ᠲᠠᠶᠢᠯᠪᠤᠷᠢᠯᠠᠬᠤ ᠪᠠᠶᠢᠷᠢᠰᠢᠯ ᠢ ᠪᠣᠶ ᠪᠣᠯᠭᠠᠪᠠ᠃ ᠣᠲᠣ ᠪᠣᠯᠲᠠᠯ᠎ᠠ᠂ ︽ᠰᠠᠶᠢᠨ ᠳᠠᠭᠤᠨ︾ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠩᠭᠢ ᠶᠢᠨ ᠭᠡᠰᠢᠭᠦᠨ 38 ᠬᠥᠮᠦᠨ ︵ᠡᠭᠦᠨ ᠳᠤ 9 ᠠᠬᠠᠮᠠᠳ ᠱᠦᠵᠢ᠂ 19 ᠵᠠᠯᠠᠭᠤᠴᠤᠳ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠠᠶᠤᠯ ᠦᠭᠡᠢ ᠦᠢᠯᠡᠳᠪᠦᠷᠢᠯᠡᠯ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠵᠡᠷᠭᠡ ᠡᠯ᠎ᠡ ᠲᠦᠷᠦᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠡᠶᠢᠲᠡ 40 ᠭᠠᠷᠤᠢ ᠲᠠᠯᠠᠪᠤᠷ ᠥᠷᠨᠢᠭᠦᠯᠵᠦ᠂ 5000 ᠭᠠᠷᠤᠢ ᠬᠥᠮᠥᠨ ᠬᠦᠯᠢᠶᠡᠨ ᠠᠪᠴᠤ᠂ ᠤᠨᠤᠯ ᠤᠨ ᠦᠯᠢᠭᠡᠷ ᠢ ᠢᠯᠡ ᠲᠣᠳᠣ ᠪᠦᠲᠦᠮᠵᠢᠲᠡᠢ ᠰᠠᠶᠢᠲᠤᠷ ᠶᠠᠷᠢᠵᠤ᠂ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ︽ᠡᠴᠦᠰ ᠤᠨ ᠨᠢᠭᠡ ᠮᠧᠲᠷ︾ ᠢ ᠦᠨᠡᠨ ᠬᠦ ᠨᠡᠪᠲᠡᠷᠡᠭᠦᠯᠪᠡ᠃      ᠳᠠᠷᠠᠭᠠᠴᠢ ᠶᠢᠨ ᠠᠯᠬᠤᠮ ᠳᠤ᠂ ᠰᠢ ᠾᠧ ᠰᠢᠶᠠᠩ ᠤᠨ ︽ᠰᠠᠶᠢᠨ ᠳᠠᠭᠤᠨ︾ ᠪᠣᠯᠪᠠᠰᠤᠨ ᠤ ᠦᠢᠯᠡᠳᠦᠯᠭᠡ ᠶᠢᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠲᠦᠷᠦᠯ ᠵᠦᠢᠯ ᠨᠢ ᠦᠷᠭᠦᠯᠵᠢᠯᠡᠨ ᠴᠠᠭ ᠦᠶ᠎ᠡ ᠶᠢᠨ ᠰᠢᠨ᠎ᠡ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠪᠤᠵᠠᠭᠠᠶᠢᠷᠠᠭᠤᠯᠵᠤ᠂ ᠤᠬᠠᠭᠤᠯᠤᠨ ᠲᠠᠶᠢᠯᠪᠤᠷᠢᠯᠠᠬᠤ ᠬᠡᠯᠪᠡᠷᠢ ᠶᠢᠨ ᠰᠢᠨ᠎ᠡ ᠶᠢ ᠡᠭᠦᠳᠴᠦ᠂ ᠤᠯᠠᠨ ᠲᠦᠮᠡᠨ ᠤ ᠬᠡᠷᠡᠭᠴᠡᠭᠡ ᠶᠢ ᠣᠨᠤᠪᠴᠢᠲᠠᠢ ᠵᠣᠯᠭᠠᠭᠤᠯᠵᠤ᠂ ᠨᠠᠮ ᠤᠨ ᠲᠠᠭᠤᠨ ᠢ ᠬᠥᠳᠡᠭᠡ ᠲᠣᠰᠬᠤᠨ ᠤ ᠥᠨᠴᠥᠭ ᠪᠤᠯᠤᠩ ᠪᠣᠯᠭᠠᠨ ᠳᠤ ᠨᠡᠩ ᠴᠤᠤᠷᠢᠶᠠᠲᠤᠭᠤᠯᠬᠤ ᠶᠢ ᠠᠬᠢᠭᠤᠯᠵᠤ᠂ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢ ᠲᠠᠷᠢᠬᠢᠨ ᠳᠤ ᠬᠠᠳᠠᠩᠰᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号