ᠴᠠᠭᠳᠠᠨ ᠪᠠᠶᠢᠴᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2024/9/30
      ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠭᠳᠠᠨ ᠪᠠᠶᠢᠴᠠᠭᠠᠬᠤ ᠠᠵᠢᠯ ᠤᠨ ᠲᠦᠷᠢᠮ︾ ᠤᠨ ᠲᠣᠭᠲᠠᠭᠠᠯ ᠢ ᠦᠨᠳᠦᠰᠦᠯᠡᠨ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠨᠡᠶᠢᠲᠡ 4 ᠴᠠᠭᠳᠠᠨ ᠪᠠᠶᠢᠴᠠᠭᠠᠬᠤ ᠳᠤᠭᠤᠶᠢᠯᠠᠩ ᠲᠣᠮᠢᠯᠠᠵᠤ᠂ 2024 ᠣᠨ ᠤ 9 ᠳ᠋ᠦ᠋ᠭᠡᠷ ᠰᠠᠷ᠎ᠠ ᠶᠢᠨ 23 ᠤ ᠡᠳᠦᠷ ᠠᠴᠠ 11 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠠᠷᠬᠠᠨ ᠰᠤᠮᠤ ᠵᠡᠷᠭᠡ 4 ᠭᠠᠵᠠᠷ ᠣᠷᠣᠨ ᠤ ᠨᠢᠭᠡᠴᠢ ᠳᠤ ᠪᠠᠶᠢᠩᠭᠤ ᠶᠢᠨ ᠴᠠᠭᠳᠠᠨ ᠪᠠᠶᠢᠴᠠᠭᠠᠯᠲᠠ ᠬᠢᠵᠦ᠂ ᠰᠢ ᠾᠧ ᠰᠢᠶᠠᠩ ᠤᠨ ᠬᠠᠷᠢᠶ᠎ᠠ ᠴᠠᠩ ᠬᠠᠨ᠂ ᠴᠢᠶᠠᠨ ᠾᠧ᠂ ᠰᠢᠷᠠᠸᠡᠩᠬᠢ᠂ ᠰᠢᠷᠠᠬᠠᠨᠳᠠ᠂ ᠳᠡᠯ ᠤᠨ ᠭᠤᠤ ᠵᠡᠷᠭᠡ 5 ᠵᠠᠰᠠᠭ ᠵᠠᠬᠢᠷᠭᠠᠨ ᠤ ᠲᠣᠰᠬᠤᠨ᠂ ᠴᠠᠭᠠᠨᠬᠠᠳᠠ ᠰᠣᠮᠤ ᠶᠢᠨ ᠬᠠᠷᠢᠶ᠎ᠠ ᠬᠠᠳᠠ᠂ ᠨᠠᠷᠠᠨᠪᠤᠯᠠᠭ᠂ ᠪᠠᠶᠠᠨᠰᠠᠶᠢᠬᠠᠨ᠂ ᠲᠡᠭᠷᠢ ᠨᠠᠭᠤᠷ ᠵᠡᠷᠭᠡ 4 ᠭᠠᠴᠠᠭ᠎ᠠ ᠳᠤ ︽ᠰᠤᠮᠤ ︵ᠰᠢᠶᠠᠩ ᠪᠠᠯᠭᠠᠰᠤ︶ ᠶᠢᠨ ᠨᠠᠮ ᠤᠨ ᠬᠤᠷᠢᠶᠠᠨ ᠤ ᠬᠦᠴᠦᠨ ᠢᠶᠠᠨ ᠵᠣᠬᠢᠶᠠᠨ ᠪᠠᠶᠢᠭᠤᠯᠬᠤ ᠳᠤ ᠡᠷᠬᠡ ᠣᠯᠭᠤᠵᠤ ᠴᠠᠭᠳᠠᠨ ᠪᠠᠶᠢᠴᠠᠭᠠᠬᠤ︾ ᠠᠵᠢᠯᠯᠠᠭ᠎ᠠ ᠥᠷᠨᠢᠭᠦᠯᠪᠡ᠃      ᠲᠣᠰ ᠤᠳᠠᠭᠠᠨ ᠤ ᠴᠠᠭᠳᠠᠨ ᠪᠠᠶᠢᠴᠠᠭᠠᠯᠲᠠ ᠨᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠵᠢᠴᠢ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠵᠢᠴᠢ ᠴᠠᠭᠳᠠᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠲᠠᠯ᠎ᠠ ᠪᠠᠷ ᠬᠢᠨᠠᠯᠲᠠ ᠲᠠᠯᠪᠢᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠡᠯ᠎ᠡ ᠭᠠᠵᠠᠷ ᠣᠷᠣᠨ ᠨᠢᠭᠡᠴᠢ ᠳᠤ ᠬᠢᠨᠠᠯᠲᠠ ᠲᠠᠯᠪᠢᠪᠠ︔ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠣᠰᠬᠤᠨ ︵ᠭᠠᠴᠠᠭ᠎ᠠ︶ ᠳᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ᠂ ᠨᠠᠮ ᠤᠨ ᠭᠡᠰᠢᠭᠦᠨ ᠺᠠᠳ᠋ᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠠ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠪᠠᠶᠢᠳᠠᠯ ᠵᠢᠴᠢ ᠴᠠᠭᠳᠠᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠬᠢᠨᠠᠯᠲᠠ ᠲᠠᠯᠪᠢᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠡᠯ᠎ᠡ ᠲᠣᠰᠬᠤᠨ ︵ᠭᠠᠴᠠᠭ᠎ᠠ︶ ᠳᠤ ᠬᠢᠨᠠᠯᠲᠠ ᠲᠠᠯᠪᠢᠪᠠ᠃ ᠴᠠᠭᠳᠠᠨ ᠪᠠᠶᠢᠴᠠᠭᠠᠬᠤ ᠳᠤᠭᠤᠶᠢᠯᠠᠩ ᠨᠢ ᠭᠤᠤᠯᠳᠠᠭᠤ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠠᠷᠬᠠᠨ ᠰᠤᠮᠤ ᠵᠡᠷᠭᠡ 4 ᠭᠠᠵᠠᠷ ᠣᠷᠣᠨ ᠤ ᠨᠢᠭᠡᠴᠢ ᠶᠢᠨ ᠤᠳᠤᠷᠢᠳᠬᠤ ᠪᠠᠭ ᠵᠢᠴᠢ ᠲᠡᠭᠦᠨ ᠤ ᠭᠡᠰᠢᠭᠦᠨ᠂ ᠬᠠᠷᠢᠶ᠎ᠠ ᠨᠢᠭᠡᠴᠢ ︵ᠳᠣᠲᠣᠭᠠᠳᠤ ᠪᠠᠶᠢᠭᠤᠯᠤᠮᠵᠢ︶ ᠶᠢᠨ ᠭᠤᠤᠯ ᠬᠠᠷᠢᠭᠤᠴᠠᠯᠭᠠᠲᠠᠨ ᠪᠣᠯᠤᠨ ᠴᠢᠬᠤᠯᠠ ᠠᠵᠢᠯ ᠤᠨ ᠪᠠᠶᠢᠷᠢ ᠶᠢᠨ ᠺᠠᠳ᠋ᠷ ᠤᠨ ᠠᠰᠠᠭᠤᠳᠠᠯ ᠢ ᠲᠤᠰᠬᠠᠬᠤ ᠵᠢᠴᠢ ᠰᠢ ᠾᠧ ᠰᠢᠶᠠᠩ ᠤᠨ ᠬᠠᠷᠢᠶ᠎ᠠ ᠴᠠᠩ ᠬᠠᠨ᠂ ᠴᠢᠶᠠᠨ ᠾᠧ᠂ ᠰᠢᠷᠠᠸᠡᠩᠬᠢ᠂ ᠰᠢᠷᠠᠬᠠᠨᠳᠠ᠂ ᠳᠡᠯ ᠤᠨ ᠭᠤᠤ ᠵᠡᠷᠭᠡ 5 ᠵᠠᠰᠠᠭ ᠵᠠᠬᠢᠷᠭᠠᠨ ᠤ ᠲᠣᠰᠬᠤᠨ ᠢ ᠲᠤᠰᠬᠠᠵᠤ᠂ ᠴᠠᠭᠠᠨᠬᠠᠳᠠ ᠰᠤᠮᠤ ᠶᠢᠨ ᠬᠠᠷᠢᠶ᠎ᠠ ᠬᠠᠳᠠ᠂ ᠨᠠᠷᠠᠨᠪᠤᠯᠠᠭ᠂ ᠪᠠᠶᠠᠨᠰᠠᠶᠢᠬᠠᠨ᠂ ᠲᠩᠷᠢ ᠨᠠᠭᠤᠷ ᠵᠡᠷᠭᠡ 4 ᠭᠠᠴᠠᠭᠠᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠵᠢᠴᠢ ᠲᠡᠭᠦᠨ ᠤ ᠭᠡᠰᠢᠭᠦᠨ ᠤ ᠠᠰᠠᠭᠤᠳᠠᠯ ᠢ ᠲᠤᠰᠬᠠᠬᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠴᠠᠭᠳᠠᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃   ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ᠄      ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ᠂ ᠠᠷᠠᠳ ᠤᠨ ᠪᠠᠶᠢᠴᠠᠭᠠᠬᠤ ᠬᠤᠷᠢᠶᠠᠨ ᠳᠤ ᠪᠠᠶᠢᠩᠭᠤ ᠶᠢᠨ ᠴᠠᠭᠳᠠᠨ ᠪᠠᠶᠢᠴᠠᠭᠠᠯᠲᠠ ᠬᠢᠪᠡ᠃      ᠵᠢᠵᠢᠭᠦᠷᠯᠡᠬᠦ ᠤᠲᠠᠰᠤ᠄ 15547311001      ᠢᠮᠧᠯ᠄ dmqwdyxcz@163.com᠃      ᠴᠠᠭᠳᠠᠨ ᠪᠠᠶᠢᠴᠠᠭᠠᠬᠤ ᠰᠠᠨᠠᠯ ᠤᠨ ᠬᠠᠶᠢᠷᠴᠠᠭ ᠪᠠᠶᠢᠭᠤᠯᠤᠭᠰᠠᠨ ᠭᠠᠵᠠᠷ᠄ 1. ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠰᠠᠭᠤᠷᠢᠨ ᠭᠠᠵᠠᠷ ︵ᠤᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠪᠴᠢᠶᠠᠨ ᠤ ᠳᠥᠷᠪᠡᠳᠦᠭᠡᠷ ᠳᠠᠪᠬᠤᠷᠯᠢᠭ ᠤᠨ ᠵᠡᠭᠦᠨ ᠲᠠᠯ᠎ᠠ︶ ᠤᠨ ᠨᠢᠭᠡᠳᠦᠭᠡᠷ ᠠᠰᠠᠷ ᠤᠨ ᠡᠭᠦᠳᠡᠨ ᠲᠢᠩᠬᠢᠮ︔ 2. ᠬᠤᠰᠢᠭᠤᠨ ᠤ ᠨᠠᠮ ᠤᠨ ᠬᠤᠷᠢᠶᠠᠨ ᠤ ᠶᠡᠭᠡ ᠬᠦᠷᠢᠶᠡᠨ ᠤ ᠡᠭᠦᠳᠡᠨ ᠤ ᠵᠡᠭᠦᠨ ᠲᠠᠯ᠎ᠠ︔ 3. ᠠᠷᠠᠳ ᠤᠨ ᠪᠠᠶᠢᠴᠠᠭᠠᠬᠤ ᠬᠤᠷᠢᠶᠠᠨ ᠤ ᠬᠦᠷᠢᠶᠡᠨ ᠤ ᠬᠡᠷᠡᠮ ᠤᠨ ᠵᠡᠭᠦᠨ ᠲᠠᠯ᠎ᠠ᠃ ᠰᠤᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠰᠠᠭᠤᠷᠢᠨ ᠭᠠᠵᠠᠷ᠃   ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ᠄      ᠠᠷᠠᠳ ᠤᠨ ᠰᠢᠭᠦᠬᠦ ᠬᠤᠷᠢᠶ᠎ᠠ᠂ ᠳᠠᠷᠬᠠᠨ ᠰᠤᠮᠤ ᠳᠤ ᠪᠠᠶᠢᠩᠭᠤ ᠶᠢᠨ ᠴᠠᠭᠳᠠᠨ ᠪᠠᠶᠢᠴᠠᠭᠠᠯᠲᠠ ᠬᠢᠪᠡ᠃      ᠵᠢᠵᠢᠭᠦᠷᠯᠡᠬᠦ ᠤᠲᠠᠰᠤ᠄ 15547311002      ᠢᠮᠧᠯ᠄ dmqwdexcz@163.com᠃      ᠴᠠᠭᠳᠠᠨ ᠪᠠᠶᠢᠴᠠᠭᠠᠬᠤ ᠰᠠᠨᠠᠯ ᠤᠨ ᠬᠠᠶᠢᠷᠴᠠᠭ ᠪᠠᠶᠢᠭᠤᠯᠤᠭᠰᠠᠨ ᠭᠠᠵᠠᠷ᠄ 1. ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠰᠠᠭᠤᠷᠢᠨ ᠭᠠᠵᠠᠷ ︵ᠤᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠪᠴᠢᠶᠠᠨ ᠤ ᠳᠥᠷᠪᠡᠳᠦᠭᠡᠷ ᠳᠠᠪᠬᠤᠷᠯᠢᠭ ᠤᠨ ᠵᠡᠭᠦᠨ ᠲᠠᠯ᠎ᠠ︶ ᠤᠨ ᠨᠢᠭᠡᠳᠦᠭᠡᠷ ᠳᠠᠪᠬᠤᠷᠯᠢᠭ ᠤᠨ ᠡᠭᠦᠳᠡᠨ ᠲᠢᠩᠬᠢᠮ︔ 2. ᠠᠷᠠᠳ ᠤᠨ ᠰᠢᠭᠦᠬᠦ ᠬᠤᠷᠢᠶᠠᠨ ᠤ ᠶᠡᠭᠡ ᠡᠭᠦᠳᠡ ᠶᠢᠨ ᠵᠡᠭᠦᠨ ᠲᠠᠯ᠎ᠠ︔ 3. ᠳᠠᠷᠬᠠᠨ ᠰᠤᠮᠤ ᠶᠢᠨ ᠠᠷᠠᠳ ᠤᠨ ᠵᠠᠰᠠᠭ ᠤᠨ ᠣᠷᠳᠣᠨ ᠤ ᠨᠢᠭᠡᠳᠦᠭᠡᠷ ᠳᠠᠪᠬᠤᠷᠯᠢᠭ ᠤᠨ ᠡᠭᠦᠳᠡᠨ ᠲᠢᠩᠬᠢᠮ᠃ ᠰᠤᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠰᠠᠭᠤᠷᠢᠨ ᠭᠠᠵᠠᠷ᠃   ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ᠄       ᠰᠢ ᠾᠧ ᠰᠢᠶᠠᠩ ᠤᠨ ᠬᠠᠷᠢᠶ᠎ᠠ ᠴᠠᠩ ᠬᠠᠨ᠂ ᠴᠢᠶᠠᠨ ᠾᠧ᠂ ᠰᠢᠷᠠᠸᠡᠩᠬᠢ᠂ ᠰᠢᠷᠠᠬᠠᠨᠳᠠ᠂ ᠳᠡᠯ ᠤᠨ ᠭᠤᠤ ᠵᠡᠷᠭᠡ 5 ᠵᠠᠰᠠᠭ ᠵᠠᠬᠢᠷᠭᠠᠨ ᠤ ᠲᠣᠰᠬᠤᠨ ᠳᠤ ︽ᠰᠤᠮᠤ ︵ᠰᠢᠶᠠᠩ ᠪᠠᠯᠭᠠᠰᠤ︶ ᠶᠢᠨ ᠨᠠᠮ ᠤᠨ ᠬᠤᠷᠢᠶᠠᠨ ᠤ ᠬᠦᠴᠦᠨ ᠢᠶᠠᠨ ᠵᠣᠬᠢᠶᠠᠨ ᠪᠠᠶᠢᠭᠤᠯᠬᠤ ᠳᠤ ᠡᠷᠬᠡ ᠣᠯᠭᠤᠵᠤ ᠴᠠᠭᠳᠠᠨ ᠪᠠᠶᠢᠴᠠᠭᠠᠬᠤ︾ ᠠᠵᠢᠯᠯᠠᠭ᠎ᠠ ᠥᠷᠨᠢᠭᠦᠯᠪᠡ᠃       ᠵᠢᠵᠢᠭᠦᠷᠯᠡᠬᠦ ᠤᠲᠠᠰᠤ᠄ 15547311653      ᠢᠮᠧᠯ᠄ dmqwdsxcz@163.com᠃      ᠴᠠᠭᠳᠠᠨ ᠪᠠᠶᠢᠴᠠᠭᠠᠬᠤ ᠰᠠᠨᠠᠯ ᠤᠨ ᠬᠠᠶᠢᠷᠴᠠᠭ ᠪᠠᠶᠢᠭᠤᠯᠤᠭᠰᠠᠨ ᠭᠠᠵᠠᠷ᠄ 1. ᠰᠢ ᠾᠧ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠠᠰᠠᠷ ᠤᠨ ᠡᠭᠦᠳᠡ︔ 2. ᠴᠢᠶᠠᠨ ᠾᠧ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡ︔ 3. ᠴᠠᠩ ᠬᠠᠨ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡ︔ 4. ᠳᠡᠯ ᠤᠨ ᠭᠤᠤ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡ︔ 5. ᠰᠢᠷᠠᠸᠡᠩᠬᠢ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡ︔ 6. ᠰᠢᠷᠠᠬᠠᠨᠳᠠ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡ︔ ᠰᠤᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ ᠰᠢ ᠾᠧ ᠰᠢᠶᠠᠩ ᠤᠨ ᠠᠷᠠᠳ ᠤᠨ ᠵᠠᠰᠠᠭ ᠤᠨ ᠣᠷᠳᠣᠨ ᠤ 1 ᠳ᠋ᠦ᠋ᠭᠡᠷ ᠳᠠᠪᠬᠤᠷᠯᠢᠭ ᠤᠨ 109 ᠳ᠋ᠦ᠋ᠭᠡᠷ ᠥᠷᠥᠭᠡ᠃   ᠳᠥᠷᠪᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ᠄      ᠴᠠᠭᠠᠨᠬᠠᠳᠠ ᠰᠤᠮᠤ ᠶᠢᠨ ᠬᠠᠷᠢᠶ᠎ᠠ ᠬᠠᠳᠠ᠂ ᠨᠠᠷᠠᠨᠪᠤᠯᠠᠭ᠂ ᠪᠠᠶᠠᠨᠰᠠᠶᠢᠬᠠᠨ᠂ ᠲᠩᠷᠢ ᠨᠠᠭᠤᠷ ᠵᠡᠷᠭᠡ 4 ᠭᠠᠴᠠᠭ᠎ᠠ ᠳᠤ ︽ᠰᠤᠮᠤ ︵ᠰᠢᠶᠠᠩ ᠪᠠᠯᠭᠠᠰᠤ︶ ᠶᠢᠨ ᠨᠠᠮ ᠤᠨ ᠬᠤᠷᠢᠶᠠᠨ ᠤ ᠬᠦᠴᠦᠨ ᠢᠶᠠᠨ ᠵᠣᠬᠢᠶᠠᠨ ᠪᠠᠶᠢᠭᠤᠯᠬᠤ ᠳᠤ ᠡᠷᠬᠡ ᠣᠯᠭᠤᠵᠤ ᠴᠠᠭᠳᠠᠨ ᠪᠠᠶᠢᠴᠠᠭᠠᠬᠤ︾ ᠠᠵᠢᠯᠯᠠᠭ᠎ᠠ ᠥᠷᠨᠢᠭᠦᠯᠪᠡ᠃      ᠵᠢᠵᠢᠭᠦᠷᠯᠡᠬᠦ ᠤᠲᠠᠰᠤ᠄ 15547311593᠃      ᠢᠮᠧᠯ᠄ dmqwdsxcz@163.com᠃      ᠴᠠᠭᠳᠠᠨ ᠪᠠᠶᠢᠴᠠᠭᠠᠬᠤ ᠰᠠᠨᠠᠯ ᠤᠨ ᠬᠠᠶᠢᠷᠴᠠᠭ ᠪᠠᠶᠢᠭᠤᠯᠤᠭᠰᠠᠨ ᠭᠠᠵᠠᠷ᠄ 1. ᠴᠠᠭᠠᠨᠬᠠᠳᠠ ᠰᠤᠮᠤ ᠶᠢᠨ ᠠᠷᠠᠳ ᠤᠨ ᠵᠠᠰᠠᠭ ᠤᠨ ᠣᠷᠳᠣᠨ ᠤ ᠡᠭᠦᠳᠡᠨ ᠤ ᠪᠠᠷᠠᠭᠤᠨ ᠲᠠᠯ᠎ᠠ︔ 2. ᠬᠠᠳᠠ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡ︔ 3. ᠨᠠᠷᠠᠨᠪᠤᠯᠠᠭ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡ︔ 4. ᠲᠩᠷᠢ ᠨᠠᠭᠤᠷ ᠭᠠᠴᠠᠭ᠎ᠠ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡ︔ 5. ᠪᠠᠶᠠᠨᠰᠠᠶᠢᠬᠠᠨ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡ︔ ᠰᠤᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ ᠴᠠᠭᠠᠨᠬᠠᠳᠠ ᠰᠤᠮᠤ ᠶᠢᠨ ᠠᠷᠠᠳ ᠤᠨ ᠵᠠᠰᠠᠭ ᠤᠨ ᠣᠷᠳᠣᠨ ᠤ 2 ᠳ᠋ᠤᠭᠠᠷ ᠳᠠᠪᠬᠤᠷᠯᠢᠭ ᠤᠨ 206 ᠳ᠋ᠤᠭᠠᠷ ᠥᠷᠥᠭᠡ᠃      ᠥᠷᠭᠡᠨ ᠣᠯᠠᠨ ᠺᠠᠳ᠋ᠷ ᠣᠯᠠᠨ ᠲᠦᠮᠡᠨ ᠤ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠴᠠᠭᠳᠠᠨ ᠪᠠᠶᠢᠴᠠᠭᠠᠵᠤ ᠢᠯᠡᠴᠢᠯᠡᠨ ᠮᠡᠳᠡᠭᠦᠯᠬᠦ ᠲᠠᠪᠴᠠᠩ ᠤᠨ ᠬᠤᠶᠠᠷ ᠬᠡᠮᠵᠢᠯᠳᠦ ᠺᠣᠳ᠋ ᠢ ᠰᠢᠷᠪᠢᠬᠦ ᠵᠡᠷᠭᠡ ᠠᠷᠭ᠎ᠠ ᠮᠠᠶ᠋ᠢᠭ ᠢᠶᠠᠷ ᠴᠠᠭᠳᠠᠨ ᠪᠠᠶᠢᠴᠠᠭᠠᠬᠤ ᠳᠤᠭᠤᠶᠢᠯᠠᠩ ᠳᠤ ᠦᠨᠡᠨ ᠢ ᠪᠠᠷᠢᠮᠲᠠᠯᠠᠨ ᠪᠠᠶᠢᠳᠠᠯ ᠢᠶᠠᠨ ᠲᠤᠰᠬᠠᠬᠤ ᠶᠢ ᠪᠠᠶᠠᠷᠯᠠᠨ ᠤᠭᠲᠤᠨ᠎ᠠ ︵ᠭᠥᠯᠢᠶᠡᠨ ᠠᠪᠬᠤ ᠴᠠᠭ ᠨᠢ᠄ 9 ᠳ᠋ᠦ᠋ᠭᠡᠷ ᠰᠠᠷ᠎ᠠ ᠶᠢᠨ 23 ᠤ ᠡᠳᠦᠷ ᠠᠴᠠ 11 ᠳ᠋ᠤᠭᠠᠷ ᠰᠠᠷ᠎ᠠ ᠶᠢᠨ 29 ᠤ ᠡᠳᠦᠷ᠂ ᠦᠳᠡ ᠶᠢᠨ ᠡᠮᠦᠨ᠎ᠡ 8᠄ 30 - 12᠄ 00 ᠴᠠᠭ᠂ ᠦᠳᠡ ᠶᠢᠨ ᠬᠤᠶᠢᠨ᠎ᠠ 2᠄ 30 - 5᠄ 30 ᠴᠠᠭ︶᠃          ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ          2024 ᠣᠨ ᠤ 9 ᠳ᠋ᠦ᠋ᠭᠡᠷ ᠰᠠᠷ᠎ᠠ ᠶᠢᠨ 23 ᠤ ᠡᠳᠦᠷ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号