2024 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ ᠮᠠᠨ ᠤ ᠤᠯᠤᠰ ᠬᠠᠮᠤᠭ ᠤᠨ ᠬᠥᠭᠵᠢᠭᠡᠳᠦᠢ ᠤᠯᠤᠰ ᠲᠤ 100% ᠶᠢᠨ ᠭᠠᠶᠢᠯᠢ ᠶᠢᠨ ᠲᠥᠷᠥᠯ ᠤᠨ ᠦᠢᠯᠡᠳᠬᠦᠨ ᠳᠤ ᠪᠣᠭᠤᠮᠲᠠ ᠶᠢᠨ ᠭᠠᠶᠢᠯᠢ ᠦᠭᠡᠢ ᠪᠣᠳᠣᠯᠭ᠎ᠠ ᠶᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/9/30
      ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 12 ᠤᠨ ᠡᠳᠦᠷ ᠤᠨ ᠮᠡᠳᠡᠭᠡ ᠰᠤᠷᠪᠤᠯᠵᠢᠯᠠᠭᠴᠢ 12 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠣᠭᠤᠮᠲᠠ ᠶᠢᠨ ᠭᠠᠶᠢᠯᠢ ᠶᠢᠨ ᠳᠦᠷᠢᠮ ᠤᠨ ᠺᠣᠮᠢᠰ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠠᠯᠪᠠᠨ ᠵᠠᠷ ᠨᠡᠶᠢᠲᠡᠯᠡᠵᠦ ᠬᠡᠯᠡᠬᠦ ᠳᠡᠭᠡᠨ᠂ ᠬᠠᠮᠤᠭ ᠤᠨ ᠬᠥᠭᠵᠢᠭᠡᠳᠦᠢ ᠤᠯᠤᠰ ᠲᠤ ᠭᠠᠭᠴᠠ ᠲᠠᠯ᠎ᠠ ᠶᠢᠨ ᠨᠡᠭᠡᠭᠡᠯᠲᠡ ᠬᠢᠬᠦ ᠶᠢ ᠥᠷᠭᠡᠳᠬᠡᠵᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ 2024 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ᠂ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠲᠤ 100% ᠶᠢᠨ ᠭᠠᠶᠢᠯᠢ ᠶᠢᠨ ᠵᠦᠢᠯ ᠤᠨ ᠦᠢᠯᠡᠳᠬᠦᠨ ᠳᠤ ᠬᠡᠷᠡᠭᠯᠡᠬᠦ ᠭᠠᠶᠢᠯᠢ ᠶᠢᠨ ᠨᠣᠷᠮ᠎ᠠ ᠨᠢ ᠲᠡᠭ ᠪᠣᠯᠬᠤ ᠣᠨᠴᠠ ᠬᠠᠷᠠᠭᠠᠯᠵᠠᠯᠲᠤ ᠭᠠᠶᠢᠯᠢ ᠶᠢᠨ ᠨᠣᠷᠮ᠎ᠠ ᠶᠢ ᠬᠡᠷᠡᠭᠯᠡᠨ᠎ᠡ ᠭᠡᠵᠡᠢ᠃ ᠡᠭᠦᠨ ᠤ ᠳᠣᠲᠣᠷ᠎ᠠ᠂ ᠪᠣᠭᠤᠮᠲᠠ ᠶᠢᠨ ᠭᠠᠶᠢᠯᠢ ᠶᠢᠨ ᠲᠣᠬᠢᠷᠠᠭᠤᠯᠤᠯᠲᠠ ᠶᠢᠨ ᠲᠤᠭ᠎ᠠ ᠶᠢᠨ ᠦᠢᠯᠡᠳᠬᠦᠨ ᠳᠤ ᠲᠣᠬᠢᠷᠠᠭᠤᠯᠤᠯᠲᠠ ᠶᠢᠨ ᠲᠤᠭ᠎ᠠ ᠶᠢᠨ ᠳᠣᠲᠣᠷᠠᠬᠢ ᠪᠣᠭᠤᠮᠲᠠ ᠶᠢᠨ ᠭᠠᠶᠢᠯᠢ ᠶᠢᠨ ᠭᠠᠶᠢᠯᠢ ᠶᠢᠨ ᠨᠤᠷᠮ᠎ᠠ ᠶᠢ ᠲᠡᠭ ᠪᠣᠯᠭᠠᠨ ᠪᠠᠭᠤᠷᠠᠭᠤᠯᠵᠤ᠂ ᠲᠣᠬᠢᠷᠠᠭᠤᠯᠤᠯᠲᠠ ᠠᠴᠠ ᠭᠠᠳᠠᠨᠠᠬᠢ ᠪᠣᠭᠤᠮᠲᠠ ᠶᠢᠨ ᠭᠠᠶᠢᠯᠢ ᠶᠢᠨ ᠭᠠᠶᠢᠯᠢ ᠶᠢᠨ ᠨᠣᠷᠮ᠎ᠠ ᠶᠢ ᠬᠤᠪᠢᠷᠠᠭᠠᠬᠤ ᠦᠭᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号