ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/30
      ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 147 ᠳ᠋ᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ 9 ᠰᠠᠷ᠎ᠠ ᠶᠢᠨ 26 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠱᠠᠨᠰᠢ᠂ ᠭᠠᠨᠰᠦ ᠳᠤ  ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠠᠶᠢᠨᠠᠨ᠂ ᠭᠤᠸᠠᠩᠳᠦ᠋ᠩ ᠵᠡᠷᠭᠡ ᠭᠠᠵᠠᠷ ᠤᠨ ᠲᠠᠶᠢᠹᠧᠩ ᠰᠠᠯᠬᠢᠨ ᠤ ᠭᠠᠮᠰᠢᠭ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠮ ᠤᠨ ᠰᠤᠷᠭᠠᠭᠤᠯᠢ ᠶᠢᠨ ᠰᠢᠨᠵᠢᠶᠠᠩ ᠤᠨ ᠦᠨᠳᠦᠰᠦᠲᠡᠨ ᠤ ᠺᠠᠳ᠋ᠷ ᠤᠨ ᠪᠣᠯᠪᠠᠰᠤᠷᠠᠯ ᠤᠨ ᠠᠩᠬᠢ ᠪᠠᠶᠢᠭᠤᠯᠤᠭᠳᠠᠭᠰᠠᠨ 70 ᠵᠢᠯ ᠤᠨ ᠤᠢ ᠶᠢᠨ ᠲᠠᠰᠢᠷᠠᠮ ᠢᠶᠠᠷ᠂ ᠳᠣᠯᠣᠳᠤᠭᠠᠷ ︽  ᠡᠯᠪᠡᠭ ᠬᠤᠷᠢᠶᠠᠯᠲᠠ ᠶᠢᠨ ᠪᠠᠶᠠᠷ︾ ᠬᠦᠷᠴᠦ ᠢᠷᠡᠬᠦ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠡᠭᠦᠷᠭᠡ ᠶᠢ  ᠰᠤᠳᠤᠯᠬᠤ ᠲᠤᠷᠰᠢᠯᠲᠠ ᠳᠤ ᠣᠷᠣᠯᠴᠠᠬᠤ ᠬᠥᠮᠦᠰ ᠤᠨ ᠲᠥᠯᠥᠭᠡᠯᠡᠭᠴᠢ ᠲᠠᠢ ᠠᠭᠤᠯᠵᠠᠬᠤ ᠦᠶ᠎ᠡ ᠳᠤ ᠭᠠᠷᠭᠠᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠵᠣᠭᠰᠣᠴᠠ ᠪᠠᠨ ᠳᠡᠭᠡᠭᠰᠢᠯᠡᠭᠦᠯᠦᠨ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠵᠤ᠂  ᠠᠵᠤ ᠠᠬᠤᠢ ᠶᠢᠨ ᠪᠠᠶᠢᠳᠠᠯ ᠢ ᠡᠵᠡᠮᠳᠡᠬᠦ  ᠪᠠᠨ ᠴᠢᠩᠭᠠᠳᠬᠠᠨ᠂ ᠨᠡᠩ ᠶᠡᠭᠡ ᠰᠥᠰᠥ ᠵᠣᠷᠢᠭ ᠪᠣᠯᠤᠨ ᠡᠷᠡᠰ ᠵᠣᠷᠢᠭ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠬᠡᠬᠡᠯᠳᠡ ᠶᠢ ᠥᠷᠭᠡᠳᠬᠡᠵᠦ᠂ ᠪᠣᠳᠠᠲᠠᠢ ᠳᠤ ᠰᠠᠭᠤᠷᠢᠯᠠᠨ ᠭᠤᠣᠯᠳᠠᠯᠭ᠎ᠠ ᠲᠠᠢ ᠠᠵᠢᠯ ᠢ ᠪᠣᠳᠠᠲᠠᠢ ᠠᠳᠬᠤᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠲᠦᠷᠭᠡᠳᠬᠡᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠪᠤᠶᠢᠵᠢᠭᠤᠯᠤᠨ ᠬᠥᠭᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠵᠤ᠂ ᠡᠯ᠎ᠡ ᠲᠦᠷᠦᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠠᠳᠬᠤᠵᠤ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠨᠠᠮᠤᠷ ᠤᠨ ᠬᠤᠷᠢᠶᠠᠯᠲᠠ ᠶᠢ ᠴᠢᠩᠭ᠎ᠠ ᠠᠩᠬᠠᠷᠴᠤ ᠪᠦᠬᠦ ᠬᠦᠴᠦᠨ ᠢᠶᠠᠷ ᠢᠶᠠᠨ ᠦᠢᠯᠡᠳᠪᠦᠷᠢᠯᠡᠯ ᠢ ᠪᠠᠲᠤᠯᠠᠵᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠶᠢ ᠡᠭᠦᠳᠦᠨ ᠰᠠᠶᠢᠲᠤᠷ ᠠᠳᠬᠤᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠲᠥᠯᠥᠭᠡᠯᠡᠭᠴᠢ ᠭᠡᠰᠢᠭᠦᠳ ᠤᠨ ᠰᠠᠨᠠᠭᠤᠯᠭ᠎ᠠ ᠵᠥᠪᠯᠡᠯᠭᠡ ᠶᠢ ᠰᠢᠢᠳᠪᠦᠷᠢᠯᠡᠬᠦ ᠵᠡᠷᠭᠡ ᠲᠠᠯ᠎ᠠ ᠪᠠᠷ ᠠᠮᠵᠢᠯᠲᠠ ᠪᠦᠲᠦᠮᠵᠢ  ᠭᠠᠷᠭᠠᠵᠤ᠂ ᠬᠢᠯᠠᠰ ᠴᠡᠭ ᠲᠠᠢ ᠪᠠᠶᠢᠬᠤ ᠬᠡᠷᠡᠭᠲᠡᠢ᠃ ᠪᠦᠬᠦ ᠵᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠪᠠ ᠡᠯ᠎ᠡ ᠵᠦᠢᠯ ᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠳᠤᠭᠠᠷ ᠤᠯᠠᠷᠢᠯ ᠤᠨ ᠰᠡᠭᠦᠯᠴᠢ ᠪᠠ ᠳᠥᠷᠪᠡᠳᠦᠭᠡᠷ ᠤᠯᠠᠷᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃     ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠴᠢᠬᠤᠯᠠ ᠪᠠᠶᠢᠷᠢᠨ ᠳᠤ ᠲᠠᠯᠪᠢᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠬᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠴᠢᠬᠤᠯᠠᠴᠢᠯᠠᠨ ᠳᠡᠮᠵᠢᠬᠦ ᠬᠡᠷᠡᠭᠲᠡᠶ᠃ ᠴᠢᠭᠯᠡᠯ ᠢᠶᠠᠨ ᠲᠣᠳᠣᠷᠬᠠᠶᠢᠯᠠᠵᠤ᠂ ᠬᠠᠮᠢᠶᠠᠷᠤᠯᠲᠠ ᠪᠠᠨ ᠴᠢᠩᠭᠠᠳᠬᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠪᠣᠯᠤᠨ ᠬᠤᠳᠠ ᠶᠢᠨ ᠲᠣᠭᠤᠷᠢᠭ ᠤᠨ ᠭᠤᠣᠯᠳᠠᠯᠭ᠎ᠠ ᠲᠠᠢ ᠰᠤᠷᠭᠠᠭᠤᠯᠢ  ᠲᠠᠢ ᠬᠠᠮᠲᠤᠷᠠᠯᠴᠠᠨ ᠬᠠᠮᠲᠤᠪᠠᠷ ᠪᠠᠶᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠭᠰᠢ ᠶᠢᠨ ᠡᠩᠨᠡᠭᠡᠨ ᠤ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠦᠢᠯᠡᠰ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠰᠠᠭᠤᠭ᠎ᠠ ᠭᠠᠵᠠᠷ ᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠵᠤ ᠂ ᠠᠵᠤ ᠦᠢᠯᠡᠰ ᠤᠨ ᠬᠥᠭᠵᠢᠯᠲᠡ ᠪᠣᠯᠤᠨ ᠴᠢᠳᠠᠪᠤᠷᠢᠲᠠᠨ ᠢ ᠬᠥᠮᠦᠵᠢᠭᠦᠯᠬᠦ ᠶᠢᠨ ᠬᠠᠮᠵᠢᠯᠴᠠᠨ ᠬᠠᠮᠲᠤᠷᠠᠯᠴᠠᠬᠤ ᠶᠢ ᠪᠡᠶᠡᠯᠡᠭᠦᠯᠬᠦ ᠬᠡᠷᠡᠭᠲᠡᠢ᠃      ᠬᠤᠷᠠᠯ ᠠᠴᠠ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠵᠢᠯ ᠢᠶᠠᠨ ᠥᠷᠨᠢᠭᠦᠯᠵᠦ᠂ ᠠᠰᠠᠭᠤᠳᠠᠯ ᠢ ᠰᠢᠢᠳᠪᠦᠷᠢᠯᠡᠨ᠂ ᠴᠢᠨᠠᠷ ᠰᠠᠶᠢᠲᠠᠶ ᠬᠥᠭᠵᠢᠯᠲᠡ ᠳᠤ ᠨᠠᠩ ᠬᠦᠴᠦᠲᠡᠶ ᠦᠢᠯᠡᠴᠢᠯᠡᠵᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ ᠃ ᠵᠥᠷᠢᠴᠡᠯ ᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠠᠰᠠᠭᠤᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ  ᠨᠢ ᠰᠢᠢᠳᠪᠦᠷᠢᠯᠡᠵᠦ᠂ ᠭᠤᠣᠯᠳᠠᠯᠭ᠎ᠠ ᠲᠠᠢ ᠬᠥᠮᠦᠰ ᠡᠵᠡᠮᠳᠡᠯ ᠢᠶᠠᠨ ᠠᠯᠳᠠᠬᠤ ᠦᠭᠡᠢ᠂ ᠬᠠᠮᠢᠶᠠᠷᠤᠯᠲᠠ ᠪᠠᠨ ᠠᠯᠳᠠᠬᠤ ᠦᠭᠡᠢ᠂ ᠠᠰᠠᠭᠤᠳᠠᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠶ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠦᠭᠡᠶ᠂ ᠣᠪᠣᠷ ᠰᠤᠷᠲᠠᠯ ᠨᠢ ᠯᠠᠪᠳᠠᠭᠤᠨ ᠪᠠᠲᠤᠲᠠᠶ ᠪᠤᠰᠤ ᠪᠠ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠠᠴᠠ ᠪᠣᠯᠵᠤ ᠴᠢᠬᠤᠯᠠ ᠶᠡᠭᠡ ᠠᠰᠠᠭᠤᠳᠠᠯ ᠭᠠᠷᠴᠤ᠂ ᠬᠦᠨᠳᠦ ᠶᠡᠭᠡ ᠨᠥᠯᠥᠭᠡ ᠭᠠᠷᠭᠠᠭᠰᠠᠨ ᠪᠠᠶᠢᠪᠠᠯ᠂  ᠬᠠᠷᠢᠭᠤᠴᠠᠯᠭ᠎ᠠ  ᠨᠡᠬᠡᠮᠵᠢᠯᠡᠬᠦ ᠶᠢ ᠴᠢᠩᠳᠠᠯᠠᠪᠠ᠃      ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠦᠨᠡᠯᠡᠨ ᠵᠢᠱᠢᠭᠰᠡᠨ ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠠᠮᠤᠷ ᠲᠦᠪᠰᠢᠨ ᠤ ᠪᠠᠶᠢᠳᠠᠯ ᠤᠨ ᠬᠦᠨᠳᠦ ᠨᠣᠴᠢᠲᠠᠢ ᠴᠢᠨᠠᠷ ᠨᠠᠷᠢᠨ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠳᠠ ᠶᠢᠨ ᠨᠠᠮ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠭᠡᠮ ᠰᠣᠭᠤᠭ ᠢ ᠪᠠᠶᠢᠴᠠᠭᠠᠨ ᠵᠠᠰᠠᠬᠤ ᠶᠢ ᠴᠢᠨᠠᠭᠰᠢᠳᠠ ᠴᠢᠩᠭᠠᠳᠬᠠᠵᠤ᠂ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠵᠦ᠂ ᠭᠡᠮ ᠰᠣᠭᠤᠭ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠠᠶᠤᠯᠲᠠᠶ ᠬᠢᠮᠢ ᠶᠢᠨ ᠪᠣᠳᠠᠰ᠂ ᠭᠠᠯ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠬᠦᠷᠢᠶᠡᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠢᠯᠠᠩᠭᠤᠶ᠎ᠠ ᠤᠯᠤᠰ ᠤᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠨᠢᠭᠲᠠ ᠠᠩᠬᠠᠷᠴᠤ᠂ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ᠂ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠪᠠᠨ ᠴᠢᠩᠭ᠎ᠠ ᠠᠳᠬᠤᠵᠤ᠂ ᠠᠶᠤᠯ ᠦᠭᠡᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号