ᠬᠤᠸᠠᠩ ᠯᠦᠩ ᠠᠵᠤ ᠠᠬᠤᠶᠢᠯᠠᠯ ᠤᠨ ᠠᠵᠢᠯᠯᠠᠭᠠᠨ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/30
      9 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠪᠦᠯᠬᠦᠮ ᠳᠠᠭᠠᠭᠤᠯᠤᠨ ᠠᠵᠤ ᠠᠬᠤᠶᠢᠯᠠᠯ ᠤᠨ ᠠᠵᠢᠯᠯᠠᠭᠠᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠪᠠ᠃     ᠪᠤᠭᠤᠲᠤ ᠬᠤᠳᠠ ᠶᠢᠨ ᠪᠦᠦ ᠰᠢᠨ ᠣᠨᠴᠠᠭᠠᠢ ᠪᠤᠯᠤᠳ ᠲᠡᠮᠦᠷ ᠤᠨ ᠬᠢᠵᠠᠭᠠᠷᠲᠤ ᠺᠣᠮᠫᠠᠨᠢ ᠳᠤ᠂ ᠬᠤᠸᠠᠩ ᠯᠦᠩ ᠠᠵᠤ ᠠᠬᠤᠶᠢᠯᠠᠯ ᠤᠨ ᠣᠳᠣᠬᠠᠨ ᠤ ᠠᠵᠢᠯᠯᠠᠭᠠᠨ ᠤ ᠪᠠᠶᠢᠳᠠᠯ ᠵᠢᠴᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠡᠳᠬᠢᠴᠡ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠢ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠠᠮᠵᠢᠵᠤ᠂ ᠢᠳᠡᠷᠡᠬᠦᠨ ᠵᠠᠮᠨᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠤᠳᠤᠷᠢᠳᠤᠮᠵᠢ ᠲᠠᠢ ᠤᠶᠠᠯᠳᠤᠭᠤᠯᠵᠤ᠂ ᠰᠢᠨ᠎ᠡ ᠬᠦᠷᠢᠶ᠎ᠡ ᠶᠢ ᠢᠳᠡᠪᠬᠢᠲᠡᠢ ᠨᠡᠭᠡᠭᠡᠵᠦ᠂ ᠬᠥᠳᠡᠯᠭᠡᠬᠦ ᠡᠨᠧᠷᠭᠢ ᠶᠢᠨ ᠰᠣᠯᠢᠭᠳᠠᠯ᠂ ᠳᠠᠪᠠᠭᠤᠯᠢᠭ ᠢ ᠲᠠᠬᠢᠨ ᠴᠣᠭᠴᠠᠯᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡ ᠪᠠ ᠡᠯᠧᠮᠧᠨ᠋ᠲ ᠤᠨ ᠪᠠᠲᠤᠯᠠᠭ᠎ᠠ ᠪᠠᠨ ᠴᠢᠩᠭᠠᠳᠬᠠᠵᠤ ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠳᠡᠭ ᠢ ᠪᠠᠭᠤᠷᠠᠭᠤᠯᠵᠤ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠦᠷ᠎ᠡ ᠠᠰᠢᠭ ᠢ ᠨᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃     ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠰᠢᠨ᠎ᠡ ᠡᠨᠧᠷᠭᠢ ᠶᠢᠨ ᠬᠤᠪᠢᠶᠠᠷᠢ ᠺᠣᠮᠫᠠᠨᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ ᠵᠦᠢᠯ ᠤᠨ ᠲᠣᠤᠷ ᠢ ᠵᠣᠯᠭᠠᠭᠤᠯᠬᠤ ᠢᠨᠵᠧᠨᠧᠷᠢᠩ ᠂ ᠰᠢᠲᠠᠭᠠᠯᠭ᠎ᠠ ᠶᠢᠨ ᠨᠡᠭᠦᠷᠡᠰᠦᠨ ᠤ ᠥᠪᠡᠰᠦᠪᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠣᠷᠣᠯᠠᠭᠤᠯᠬᠤ ᠵᠦᠢᠯᠡᠰ 220 ᠺᠢᠯᠤᠸ᠋ᠲ ᠤᠨ ᠲᠤᠤᠷ ᠲᠤ ᠵᠠᠯᠭᠠᠬᠤ ᠢᠨᠵᠧᠨᠧᠷᠢᠩ ᠤᠨ ᠬᠡᠯᠲᠡᠰ ᠲᠤ᠂ ᠬᠤᠸᠠᠩ ᠯᠦᠩ ᠠᠵᠤ ᠠᠬᠤᠶᠢᠯᠠᠯ ᠤᠨ  ᠬᠠᠷᠢᠭᠤᠴᠠᠯᠭᠠᠳᠠᠳ ᠲᠠᠢ ᠶᠠᠷᠢᠯᠴᠠᠵᠤ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ᠂ ᠠᠮᠤᠷ ᠲᠦᠪᠰᠢᠨ ᠤ ᠪᠠᠲᠤᠯᠠᠭ᠎ᠠ᠂ ᠪᠠᠷᠢᠯᠭ᠎ᠠ ᠳᠠᠭᠤᠰᠤᠭᠰᠠᠨ ᠴᠠᠭ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠣᠳᠣᠬᠠᠨ ᠤ ᠪᠦᠲᠦᠮᠵᠢᠲᠡᠶ ᠪᠠᠷᠢᠯᠭ᠎ᠠ ᠶᠢᠨ ᠬᠤᠭᠤᠴᠠᠭ᠎ᠠ ᠶᠢ ᠴᠢᠩᠭᠠᠳᠬᠠᠨ ᠠᠳᠬᠤᠵᠤ᠂ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠵᠤ᠂ ᠲᠥᠷᠥᠯ  ᠵᠦᠢᠯ ᠢ  ᠡᠷᠳᠡ ᠪᠠᠶᠢᠭᠤᠯᠤᠨ ᠪᠦᠲᠦᠭᠡᠵᠦ᠂ ᠡᠷᠳᠡ ᠠᠰᠢᠭᠯᠠᠯᠳᠠ ᠳᠤ ᠤᠷᠤᠭᠤᠯᠵᠤ᠂ ᠡᠷᠳᠡ ᠦᠷ᠎ᠡ ᠪᠦᠲᠦᠮᠵᠢ ᠣᠯᠵᠤ᠂ ᠮᠠᠨ ᠤ ᠬᠤᠰᠢᠭᠤᠨ ᠤ ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠭᠡ ᠶᠢ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃   ᠥᠪᠥᠷ ᠮᠣᠩᠭᠤᠯ ᠤᠨ ᠵᠢᠬᠤᠪᠤᠭ᠎ᠠ ᠹᠯᠣᠷ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠪᠤᠭᠤᠲᠤ ᠶᠢᠨ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ᠂ ᠠᠵᠤ ᠠᠬᠤᠶᠢᠯᠠᠯ ᠤᠨ ᠠᠵᠢᠯᠯᠠᠭ᠎ᠠ᠂ ᠦᠢᠯᠡᠳᠪᠦᠷᠢᠯᠡᠯ ᠤᠨ ᠲᠥᠯᠥᠪᠯᠡᠭᠡ᠂ ᠵᠠᠬ᠎ᠠ ᠳᠡᠯᠭᠡᠭᠦᠷ ᠤᠨ ᠵᠠᠬᠢᠶᠠᠯᠠᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠬᠤᠸᠠᠩ ᠯᠦᠩ ᠠᠵᠤ ᠠᠬᠤᠶᠢᠯᠠᠯ ᠢ ᠲᠣᠭᠲᠠᠯ ᠬᠦᠴᠦᠨ ᠢᠶᠠᠨ ᠪᠠᠲᠤᠯᠠᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠠᠭᠤᠰᠤᠯᠴᠠᠵᠤ᠂ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷ ᠢ ᠥᠷᠭᠡᠳᠬᠡᠬᠦ᠂ ᠡᠯ᠎ᠡ ᠵᠦᠢᠯ ᠤᠨ ᠠᠵᠢᠯ ‍ᠤᠨ‌ᠦᠷ᠎ᠡ ᠠᠰᠢᠭ ᠢ ᠨᠡᠮᠡᠭᠳᠡᠭᠦᠯᠬᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠨᠡᠨ ᠰᠡᠳᠬᠢᠯ ᠠᠴᠠ ᠪᠠᠨ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠳᠢᠭᠯᠢᠮ ᠤᠨ ᠲᠣᠭᠲᠠᠭᠤᠨ᠂ ᠠᠵᠢᠯᠳᠠᠨ ᠤ ᠡᠩᠨᠡᠭᠡ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠵᠠᠬᠢᠪᠠ ᠃    ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠬᠤᠸᠠᠩ ᠯᠦᠩ ᠪᠠᠰᠠ ᠠᠶᠤᠯᠭᠦᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠤᠨ ᠲᠤᠬᠠᠢ ᠱᠠᠭᠠᠷᠳᠠᠯᠭ᠎ᠠ ᠳᠤᠷᠠᠳᠴᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠰᠤ᠋ ᠷᠦᠢ ᠹᠧᠩ ᠵᠢᠴᠢ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ  ᠬᠠᠷᠢᠭᠤᠴᠠᠯᠭᠠᠳᠠᠳ  ᠬᠤᠷᠠᠯ ᠳᠤ ᠣᠷᠣᠯᠴᠠᠵᠠᠶ᠃     
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号